ᠡᠯ᠎ᠡ ᠠᠶᠢᠮᠠᠭ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠮᠠᠨᠵᠤᠤᠷ ᠬᠤᠲᠠ᠂ ᠡᠷᠢᠶᠡᠨ | ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠥᠪᠥᠷ ᠮᠣᠩᠭᠤᠯ ᠤᠨ ᠴᠠᠬᠢᠯᠭᠠᠨ ᠬᠦᠴᠦᠨ ᠤ | ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠰᠦᠯᠵᠢᠶ᠎ᠡ ᠶᠢᠨ ᠥᠪᠥᠷ ᠮᠣᠩᠭᠤᠯ ᠤᠨ ᠵᠡᠭᠦᠨ ᠬᠡᠰᠡᠭ ᠤᠨ | ᠴᠠᠬᠢᠯᠭᠠᠨ ᠬᠦᠴᠦᠨ ᠤ ᠺᠣᠮᠫᠠᠨᠢ ᠳᠤ᠄ | ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠵᠦᠢ ᠵᠣᠬᠢᠰ ᠦᠭᠡᠢ ᠬᠠᠷᠠᠭᠠᠯᠵᠠᠯᠲᠤ | ᠴᠠᠬᠢᠯᠭᠠᠨ ᠤ ᠦᠨ᠎ᠡ ᠶᠢ ᠢᠯᠭᠠᠷᠠᠭᠤᠯᠤᠨ ᠬᠦᠴᠦᠨ ᠦᠭᠡᠢ ᠪᠣᠯᠭᠠᠬᠤ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠬᠢᠨᠠᠨ ᠪᠤᠳᠤᠬᠤ ᠵᠠᠬᠢᠷᠭ᠎ᠠ ᠶᠢᠨ 2021 ᠣᠨ ᠤ ᠡᠨᠧᠷᠭᠢ ᠠᠷᠪᠢᠯᠠᠵᠤ ᠪᠣᠬᠢᠷᠳᠤᠯ | ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠢᠨᠠᠨ ᠪᠣᠳᠣᠯᠲᠠ ᠳᠤ ᠢᠯᠡᠷᠡᠭᠦᠯᠦᠭᠰᠡᠨ ᠠᠰᠠᠭᠤᠳᠠᠯ ᠪᠠ | ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ | ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ | ᠬᠢᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠡᠳᠦᠭᠡ ᠮᠠᠨ ᠤ ᠣᠷᠣᠨ ᠤ ᠬᠠᠷᠠᠭᠠᠯᠵᠠᠯᠲᠤ ᠴᠠᠬᠢᠯᠭᠠᠨ ᠤ ᠦᠨ᠎ᠡ ᠢ ᠬᠦᠴᠦᠨ ᠦᠭᠡᠢ | ᠪᠣᠯᠭᠠᠬᠤ ᠲᠥᠷᠥ ᠶᠢᠨ ᠪᠣᠳᠣᠯᠭ᠎ᠠ ᠶᠢᠨ ᠬᠤᠯᠪᠣᠭᠳᠠᠯ ᠪᠦᠬᠦᠢ: | ᠨᠢᠭᠡ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠠᠬᠢᠯᠭᠠᠨ ᠤ ᠲᠣᠣᠷ ᠤᠨ ᠪᠠᠶᠢᠯᠳᠤᠬᠤ ᠪᠣᠳᠣᠯᠭ᠎ᠠ ᠶᠢᠨ | ᠴᠢᠨᠠᠷᠲᠠᠢ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠤᠨ ᠬᠠᠷᠠᠭᠠᠯᠵᠠᠯᠲᠤ ᠴᠠᠬᠢᠯᠭᠠᠨ ᠤ ᠦᠨ᠎ᠡ ᠶᠢᠨ ᠲᠥᠷᠥ ᠶᠢᠨ | ᠪᠣᠳᠣᠯᠭ᠎ᠠ᠂ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠤ ᠲᠣᠣᠷ ᠤᠨ ᠲᠣᠮᠣ ᠠᠵᠤ ᠦᠢᠯᠡᠳᠪᠦᠷᠢ ᠶᠢᠨ | ᠬᠡᠷᠡᠭᠯᠡᠬᠦ ᠴᠠᠬᠢᠯᠭᠠᠨ ᠤ ᠲᠣᠩᠭᠤᠷᠤᠤ ᠱᠠᠲᠤ ᠪᠠᠷ ᠳᠠᠮᠵᠢᠭᠤᠯᠵᠤ ᠴᠠᠬᠢᠯᠭᠠᠨ ᠲᠦᠭᠡᠭᠡᠬᠦ ᠦᠨ᠎ᠡ ᠶᠢᠨ ᠲᠦᠷᠦ ᠶᠢᠨ | ᠪᠣᠳᠣᠯᠭ᠎ᠠ᠃ | ᠬᠤᠶᠠᠷ᠂ ᠲᠤᠰ ᠮᠡᠳᠡᠭᠳᠡᠯ ᠲᠠᠢ ᠨᠡᠶᠢᠴᠡᠬᠦ ᠦᠭᠡᠢ ᠤᠳᠤ ᠶᠢᠨ ᠬᠡᠷᠡᠭᠵᠢᠭᠦᠯᠵᠦ ᠪᠠᠶᠢᠭ᠎ᠠ ᠪᠤᠰᠤᠳ | ᠬᠠᠷᠠᠭᠠᠯᠵᠠᠯᠲᠤ ᠴᠠᠬᠢᠯᠭᠠᠨ ᠤ ᠦᠨ᠎ᠡ ᠶᠢᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠵᠣᠬᠢᠴᠠᠩᠭᠤᠢ ᠪᠠᠷ | ᠵᠣᠭᠰᠣᠭᠠᠨ᠎ᠠ᠃ᠳᠡᠭᠡᠷ᠎ᠡ ᠳᠤᠷᠠᠳᠤᠭᠰᠠᠨ ᠬᠠᠷᠠᠭᠠᠯᠵᠠᠯᠲᠤ ᠴᠠᠬᠢᠯᠭᠠᠨ ᠤ ᠦᠨ᠎ᠡ ᠶᠢᠨ ᠲᠥᠷᠥ ᠶᠢᠨ ᠪᠣᠳᠣᠯᠭ᠎ᠠ ᠶᠢ | ᠬᠦᠴᠦᠨ ᠦᠭᠡᠢ ᠪᠣᠯᠭᠠᠭᠰᠠᠨ ᠤ ᠳᠠᠷᠠᠭ᠎ᠠ᠂ ᠤᠯᠤᠰ᠂ ᠥᠪᠡᠷᠲᠡᠭᠡᠨ ᠵᠠᠰᠠᠬᠤ ᠣᠷᠣᠨ ᠤ ᠣᠲᠣ ᠶᠢᠨ ᠬᠡᠷᠡᠭᠵᠢᠭᠦᠯᠵᠦ | ᠪᠠᠶᠢᠭ᠎ᠠ ᠴᠠᠬᠢᠯᠭᠠᠨ ᠤ ᠦᠨ᠎ᠡ ᠶᠢᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ᠃ | ᠭᠤᠷᠪᠠ᠂ ᠲᠤᠰ ᠮᠡᠳᠡᠭᠳᠡᠯ ᠢ 2022 ᠣᠨ ᠤ 9 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ︽ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠠᠬᠢᠯᠭᠠᠨ ᠤ ᠲᠣᠣᠷ ᠤᠨ ᠡᠯ᠎ᠡ ᠲᠥᠷᠥᠯ ᠤᠨ ᠴᠠᠬᠢᠯᠭᠠᠨ | ᠬᠦᠴᠦᠨ ᠤ ᠬᠡᠷᠡᠭᠯᠡᠭᠴᠢ ᠶᠢᠨ ᠬᠡᠷᠡᠭᠯᠡᠬᠦ ᠴᠠᠬᠢᠯᠭᠠᠨ ᠤ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ | ᠵᠢᠷᠤᠮᠵᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ︵ᠥᠪᠥᠷ | ᠬᠥᠭᠵᠢᠭᠦᠯᠦᠯᠲᠡ ᠥᠭᠡᠷᠡᠴᠢᠯᠡᠯᠲᠡ ᠶᠢᠨ ᠦᠨ᠎ᠡ ᠰᠦᠢᠳᠬᠡᠯ ᠥᠰᠥᠭ ﹇2021﹈ 126 ᠳ᠋ᠤᠭᠠᠷ ᠲᠣᠭᠠᠲᠤ︶ | ᠲᠠᠬᠢ ︽ᠨᠢᠭᠡ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠤᠨ | ᠬᠡᠷᠡᠭᠯᠡᠬᠦ ᠴᠠᠬᠢᠯᠭᠠᠨ ᠤ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ︾᠂ ︽ᠥᠪᠥᠷ ᠮᠣᠩᠭᠤᠯ ᠤᠨ ᠵᠡᠭᠦᠨ | ᠬᠡᠰᠡᠭ ᠤᠨ ᠴᠠᠬᠢᠯᠭᠠᠨ ᠲᠣᠣᠷ ᠤᠨ ᠲᠣᠮᠣ ᠠᠵᠤ ᠦᠢᠯᠡᠳᠪᠦᠷᠢ ᠳᠤ ᠬᠡᠷᠡᠭᠯᠡᠬᠦ ᠴᠠᠬᠢᠯᠭᠠᠨ ᠳᠠᠮᠵᠢᠭᠤᠯᠵᠤ ᠲᠦᠭᠡᠭᠡᠬᠦ | ᠴᠠᠬᠢᠯᠭᠠᠨ ᠤ ᠦᠨ᠎ᠡ ᠶᠢᠨ ᠥᠭᠡᠷᠡᠴᠢᠯᠡᠯᠲᠡ ᠪᠠ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠶᠢ ᠤᠯᠠᠮ ᠨᠢᠭᠡ ᠠᠯᠬᠤᠮ | ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠤᠨ ᠮᠡᠳᠡᠭᠳᠡᠯ︾ | ︵ᠥᠪᠥᠷ ᠬᠥᠭᠵᠢᠭᠦᠯᠦᠯᠲᠡ ᠥᠭᠡᠷᠡᠴᠢᠯᠡᠯᠲᠡ ᠶᠢᠨ ᠦᠨ᠎ᠡ ᠥᠰᠥᠭ ﹇2018﹈ 1574 ᠳ᠋ᠦᠭᠡᠷ ᠲᠣᠭᠠᠲᠤ︶ ᠢ | 2022 ᠣᠨ ᠤ 9 ᠳ᠋ᠦᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠦᠴᠦᠨ ᠦᠭᠡᠢ ᠪᠣᠯᠭᠠᠨ᠎ᠠ᠃ | ᠡᠭᠦᠨ ᠤ ᠲᠣᠬᠠᠢ ᠮᠡᠳᠡᠭᠳᠡᠪᠡ᠃ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ | 2022 ᠣᠨ ᠤ 8 ᠰᠠᠷ᠎ᠠ ᠶᠢᠨ 30 ᠤ ᠡᠳᠦᠷ | | | | |