ᠾᠧ ᠫᠢᠩ ᠵᠠᠮ ᠤᠨ ᠵᠡᠭᠡᠯᠢ ᠭᠤᠳᠤᠮᠵᠢ ᠶᠢᠨ ᠲᠦᠩ ᠱᠦᠨ ᠨᠡᠶᠢᠭᠡᠮ ᠲᠣᠭᠤᠷᠢᠭ ᠤᠨ ᠬᠠᠯᠠᠭᠤᠨ ᠳᠤᠯᠠᠭᠠᠨ ᠭᠡᠷ ᠣᠷᠣᠨ ᠳᠤ ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ ᠡᠳᠦᠷ ᠤᠨ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ
ᠨᠡᠶᠢᠲᠡᠯᠡᠭᠰᠡᠨ ᠴᠠᠭ᠄
2022/11/15
     2022 ᠣᠨ ᠤ 8 ᠰᠠᠷ᠎ᠠ ᠶᠢᠨ 25 ᠤ ᠡᠳᠦᠷ᠂ ᠲᠦᠩᠱᠦ᠋ᠨ ᠨᠡᠶᠢᠭᠡᠮ ᠲᠣᠭᠤᠷᠢᠭ ᠤᠨ ᠬᠠᠯᠠᠭᠤᠨ ᠳᠤᠯᠠᠭᠠᠨ ᠭᠡᠷ ᠣᠷᠣᠨ ᠳᠤ ᠵᠡᠮᠳᠡᠭ ᠪᠣᠯᠬᠤ ᠶᠢ ᠰᠡᠷᠭᠡᠶᠢᠯᠡᠬᠦ ᠡᠳᠦᠷ ᠤᠨ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ  ᠶᠢᠨ ᠠᠵᠢᠯᠯᠠᠭ᠎ᠠ ᠬᠢᠪᠡ᠃ ᠠᠵᠢᠯᠯᠠᠭ᠎ᠠ ᠳᠤ ᠵᠡᠮᠳᠡᠭᠴᠦᠳ ᠤᠨ ᠦᠨᠡᠮᠯᠡᠯ ᠢ ᠭᠦᠢᠴᠡᠳᠬᠡᠬᠦ ᠶᠠᠪᠤᠴᠠ᠂ ᠬᠦᠨᠳᠦ ᠰᠤᠪᠢᠯᠠᠯᠲᠠ ᠶᠢᠨ ᠨᠥᠬᠦᠪᠦᠷᠢ ᠮᠥᠩᠭᠦ ᠶᠢᠨ ᠵᠣᠭᠤᠰ ᠤᠨ ᠲᠤᠭ᠎ᠠ ᠳᠤ ᠲᠣᠬᠢᠷᠠᠭᠤᠯᠤᠯᠲᠠ ᠬᠢᠬᠦ᠂ ᠵᠡᠮᠳᠡᠭᠴᠦᠳ ᠤᠨ ᠨᠥᠬᠦᠪᠦᠷᠢ ᠮᠥᠩᠭᠦ ᠣᠯᠭᠤᠬᠤ ᠵᠢᠴᠢ ᠬᠦᠨᠳᠦ ᠵᠡᠮᠳᠡᠭᠴᠦᠳ ᠲᠤ ᠬᠠᠮᠵᠢᠨ ᠲᠣᠰ ᠵᠢᠯ ᠤᠨ ᠵᠡᠮᠳᠡᠭᠴᠦᠳ ᠤᠨ ᠬᠤᠶᠠᠷ ᠵᠦᠢᠯ ᠤᠨ ᠨᠥᠬᠦᠪᠦᠷᠢ ᠥᠭᠬᠦ ᠬᠢᠷᠢ ᠬᠡᠮ ᠢ ᠮᠠᠭᠠᠳᠯᠠᠨ ᠲᠣᠭᠲᠠᠭᠠᠵᠤ᠂ ᠡᠭᠦᠨ ᠢᠶᠠᠷ ᠵᠡᠮᠳᠡᠭᠴᠦᠳ ᠤᠨ ᠲᠥᠷᠥ ᠶᠢᠨ ᠪᠣᠳᠣᠯᠭ᠎ᠠ ᠶᠢᠨ ᠮᠡᠳᠡᠯᠭᠡ ᠶᠢᠨ ᠲᠤᠬᠠᠢ ᠣᠶᠢᠯᠠᠭᠠᠯᠲᠠ ᠶᠢ ᠨᠡᠮᠡᠭᠳᠡᠭᠦᠯᠵᠦ᠂ ᠬᠠᠯᠠᠮᠵᠢᠯᠠᠨ ᠬᠠᠶᠢᠷᠠᠯᠠᠬᠤ ᠰᠡᠳᠬᠢᠯᠭᠡ ᠪᠠ ᠵᠣᠯ ᠵᠢᠷᠭᠠᠯ ᠤᠨ ᠰᠡᠳᠬᠢᠭᠳᠡᠯ ᠢ ᠳᠡᠭᠡᠭᠰᠢᠯᠡᠭᠦᠯᠦᠨ᠎ᠡ᠃      ᠠᠵᠢᠯᠯᠠᠭ᠎ᠠ ᠶᠢᠨ ᠶᠠᠪᠤᠴᠠ ᠳᠤ᠂ ᠠᠵᠢᠯᠲᠠᠳ ᠨᠢᠭᠡ ᠳᠤ ᠨᠢᠭᠡ ᠶᠢᠨ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠬᠡᠰᠡᠭ ᠦᠢᠯᠡᠴᠢᠯᠡᠬᠦ ᠡᠲᠡᠭᠡᠳ ᠲᠤ ᠣᠷᠣᠰᠢᠵᠤ ᠪᠠᠶᠢᠭ᠎ᠠ ᠲᠥᠷᠥ ᠶᠢᠨ ᠪᠣᠳᠣᠯᠭ᠎ᠠ ᠶᠢᠨ ᠰᠡᠵᠢᠭ ᠲᠤ ᠬᠠᠷᠢᠭᠤᠯᠲᠠ ᠥᠭᠪᠡ︔ᠵᠡᠮᠳᠡᠭᠴᠦᠳ ᠲᠤ ᠪᠡᠶ᠎ᠡ ᠪᠠᠷ ᠢᠶᠠᠨ ᠵᠢᠭᠠᠨ ᠰᠤᠷᠭᠠᠬᠤ ᠬᠤᠶᠠᠷ ᠵᠦᠢᠯ ᠤᠨ ᠨᠥᠬᠦᠪᠦᠷᠢ ᠶᠢᠨ ᠭᠤᠶᠤᠴᠢᠯᠠᠯ ᠭᠠᠷᠭᠠᠨ᠎ᠠ᠃ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠬᠦ ᠪᠠᠷ ᠳᠡᠮᠵᠢᠨ᠂ ᠦᠢᠯᠡᠴᠢᠯᠡᠬᠦ ᠡᠲᠡᠭᠡᠳ ᠤᠨ ᠵᠡᠮᠳᠡᠭᠴᠦᠳ ᠤᠨ ᠦᠨᠡᠮᠯᠡᠯ ᠭᠦᠢᠴᠡᠳᠬᠡᠬᠦ ᠶᠠᠪᠤᠴᠠ ᠳᠤ ᠠᠩᠬ᠎ᠠ ᠠᠯᠬᠤᠮ ᠤᠨ ᠰᠠᠭᠤᠭᠳᠠᠯ ᠲᠠᠢ ᠪᠣᠯᠵᠤ᠂ ᠵᠡᠮᠳᠡᠭᠴᠦᠳ ᠤᠨ ᠬᠤᠶᠠᠷ ᠵᠦᠢᠯ ᠤᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠣᠷᠣᠯᠴᠠᠭᠴᠢ ᠵᠢᠴᠢ ᠲᠡᠳᠡᠨ ᠤ ᠭᠡᠷ ᠪᠦᠯᠢ ᠶᠢᠨ ᠬᠢᠨ ᠳᠤ ᠬᠠᠮᠢᠶ᠎ᠠ ᠪᠦᠬᠦᠢ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠣᠶᠢᠯᠠᠭᠠᠭᠤᠯᠤᠭᠰᠠᠨ ᠪᠠᠶᠢᠨ᠎ᠠ᠃      ᠰᠡᠭᠦᠯᠴᠢ  ᠶᠢᠨ ᠬᠤᠭᠤᠴᠠᠭᠠᠨ ᠳᠤ ᠠᠵᠢᠯᠲᠠᠳ ᠬᠤᠯᠪᠣᠭᠳᠠᠯ ᠪᠦᠬᠦᠢ ᠲᠥᠷᠥ  ᠶᠢᠨ ᠪᠣᠳᠣᠯᠭ᠎ᠠ  ᠶᠢ ᠦᠷᠭᠦᠯᠵᠢᠯᠡᠨ ᠤᠬᠠᠭᠤᠯᠵᠤ᠂ ᠲᠥᠷᠥ  ᠶᠢᠨ ᠪᠣᠳᠣᠯᠭ᠎ᠠ  ᠶᠢ ᠡᠷᠦᠬᠡ ᠪᠣᠯᠭᠠᠨ ᠳᠤ ᠦᠨᠡᠨᠬᠦ ᠬᠡᠷᠡᠭᠵᠢᠭᠦᠯᠬᠦ ᠪᠣᠯᠣᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1