ᠨᠢᠭᠡ᠂ ᠦᠷᠳᠡᠭ ᠨᠡᠮᠡᠭᠳᠡᠯ ᠤᠨ ᠭᠠᠶᠢᠯᠢ ᠶᠢᠨ ᠦᠯᠡᠳᠡᠭᠡᠨ ᠲᠤᠯᠭᠠᠨ ᠬᠠᠰᠤᠬᠤ ᠭᠠᠶᠢᠯᠢ ᠶᠢᠨ ᠲᠤᠭ᠎ᠠ ᠶᠢ ᠪᠦᠬᠦ | ᠲᠤᠭ᠎ᠠ ᠪᠠᠷ ᠪᠤᠴᠠᠭᠠᠬᠤ ᠲᠦᠷᠦ ᠶᠢᠨ ᠪᠣᠳᠣᠯᠭ᠎ᠠ ᠶᠢᠨ ᠠᠵᠢᠯ ᠲᠦᠷᠦᠯ ᠤᠨ ᠬᠦᠷᠢᠶ᠎ᠡ ᠬᠡᠪᠴᠢᠶ᠎ᠡ ᠶᠢ ᠥᠷᠭᠡᠳᠬᠡᠬᠦ ᠶᠢᠨ | ᠭᠤᠣᠯ ᠠᠭᠤᠯᠭ᠎ᠠ ᠨᠢ ᠶᠠᠭᠤ ᠪᠤᠢ? | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠡᠳ᠋ ᠤᠨ ᠵᠠᠰᠠᠭ ᠤᠨ ᠶᠠᠮᠤᠨ᠂ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠬᠠᠮᠲᠤᠷᠠᠨ ︽ᠥᠷᠲᠡᠭ | ᠨᠡᠮᠡᠭᠳᠡᠯ ᠤᠨ ᠭᠠᠶᠢᠯᠢ ᠶᠢᠨ ᠦᠯᠡᠳᠡᠭᠡᠬᠦ ᠭᠠᠶᠢᠯᠢ ᠶᠢᠨ ᠲᠤᠭ᠎ᠠ ᠶᠢ ᠪᠥᠬᠦ ᠲᠤᠭ᠎ᠠ ᠪᠠᠷ ᠪᠤᠴᠠᠭᠠᠬᠤ ᠲᠥᠷᠥ ᠶᠢᠨ | ᠪᠣᠳᠣᠯᠭ᠎ᠠ ᠶᠢᠨ ᠠᠵᠢᠯ ᠲᠥᠷᠥᠯ ᠤᠨ ᠬᠡᠪᠴᠢᠶ᠎ᠡ ᠶᠢ ᠥᠷᠭᠡᠳᠬᠡᠬᠦ ᠲᠤᠬᠠᠢ ᠡᠳ᠋ ᠤᠨ ᠵᠠᠰᠠᠭ ᠤᠨ ᠶᠠᠮᠤᠨ ᠤ | ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠠᠯᠪᠠᠨ ᠵᠠᠷ︾ ᠢ ᠨᠡᠶᠢᠲᠡᠯᠡᠪᠡ ︵ᠡᠳ᠋ ᠤᠨ ᠵᠠᠰᠠᠭ ᠤᠨ | ᠶᠠᠮᠤᠨ ᠤ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠠᠯᠪᠠᠨ ᠵᠠᠷ 2022 ᠣᠨ ᠤ 21 ᠳ᠋ᠦᠭᠡᠷ | ᠲᠣᠭᠠᠲᠤ᠂ ᠳᠣᠷᠣᠭᠰᠢ 21 ︽ᠥᠷᠲᠡᠭ ᠨᠡᠮᠡᠭᠳᠡᠯ ᠤᠨ ᠭᠠᠶᠢᠯᠢ ᠶᠢᠨ ᠬᠤᠭᠤᠴᠠᠭᠠᠨ ᠤ ᠰᠡᠭᠦᠯᠴᠢ ᠶᠢᠨ ᠦᠯᠡᠳᠡᠭᠡᠬᠦ | ᠪᠠ ᠲᠤᠯᠭᠠᠨ ᠪᠤᠴᠠᠭᠠᠬᠤ ᠭᠠᠶᠢᠯᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠡᠷᠴᠢᠮ ᠢ ᠤᠯᠠᠮ ᠨᠢᠭᠡ ᠠᠯᠬᠤᠮ | ᠴᠢᠩᠭᠠᠷᠠᠭᠤᠯᠬᠤ ᠲᠤᠬᠠᠢ ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ | ᠠᠯᠪᠠᠨ ᠵᠠᠷ 2022 ᠣᠨ ᠤ 14 ᠳ᠋ᠦᠭᠡᠷ ᠲᠣᠭᠠᠲᠤ᠂ ᠳᠣᠷᠣᠭᠰᠢ 14 ᠳ᠋ᠦᠭᠡᠷ ᠲᠣᠭᠠᠲᠤ ᠠᠯᠪᠠᠨ ᠵᠠᠷ ᠭᠡᠵᠦ | ᠨᠡᠷᠡᠶᠢᠳᠦᠨ᠎ᠡ︶ ᠳᠤ ᠲᠣᠭᠲᠠᠭᠠᠭᠰᠠᠨ ᠦᠶᠯᠡᠳᠬᠦ ᠦᠢᠯᠡᠰ ᠵᠡᠷᠭᠡ ᠠᠵᠢᠯ ᠲᠥᠷᠥᠯ ᠤᠨ ᠦᠯᠡᠳᠡᠭᠡᠬᠦ ᠪᠠ ᠲᠤᠯᠭᠠᠨ | ᠪᠤᠴᠠᠭᠠᠬᠤ ᠭᠠᠶᠢᠯᠢ ᠶᠢᠨ ᠲᠥᠷᠥ ᠶᠢᠨ ᠪᠣᠳᠣᠯᠭ᠎ᠠ ᠶᠢᠨ ᠬᠡᠷᠡᠭᠯᠡᠬᠦ ᠬᠡᠪᠴᠢᠶ᠎ᠡ ᠶᠢ ᠥᠷᠭᠡᠳᠬᠡᠨ᠎ᠡ᠃ ︽ᠪᠥᠭᠡᠮ ᠢᠶᠠᠷ | ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ︾᠂ ︽ᠲᠠᠷᠢᠶᠠᠯᠠᠩ᠂ ᠤᠢ ᠰᠢᠭᠤᠢ᠂ ᠮᠠᠯ ᠠᠵᠤ ᠠᠬᠤᠢ᠂ ᠵᠢᠭᠠᠰᠤᠨ | ᠠᠵᠤ ᠠᠬᠤᠢ︾᠂ ︽ᠬᠤᠨᠤᠭ ᠪᠠᠭᠤᠳᠠᠯ ᠪᠠ ᠢᠳᠡᠭᠡᠨ ᠤᠮᠳᠠᠭᠠᠨ ᠤ ᠦᠢᠯᠡᠰ︾᠂ ︽ᠰᠠᠭᠤᠭᠠᠯᠢ ᠠᠷᠠᠳ ᠤᠨ | ᠦᠢᠯᠡᠴᠢᠯᠡᠭᠡ᠂ ᠰᠡᠯᠪᠢᠨ ᠵᠠᠰᠠᠯᠲᠠ ᠪᠠ ᠪᠤᠰᠤᠳ ᠦᠢᠯᠡᠴᠢᠯᠡᠭᠡᠨ ᠤ ᠦᠢᠯᠡᠰ︾᠂ ︽ᠰᠤᠷᠭᠠᠨ ᠬᠥᠮᠦᠵᠢᠯ︾᠂ ︽ᠡᠷᠡᠭᠦᠯ | ᠬᠠᠮᠠᠭᠠᠯᠠᠯ ᠪᠠ ᠨᠡᠶᠢᠭᠡᠮ ᠤᠨ ᠠᠵᠢᠯ︾ ᠪᠠ ︽ᠰᠣᠶᠣᠯ᠂ ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠦᠢᠯᠡᠰ︾ ᠵᠡᠷᠭᠡ | 7 ᠠᠵᠢᠯ ᠲᠦᠷᠦᠯ ︵ᠳᠣᠷᠣᠭᠰᠢ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠵᠡᠷᠭᠡ ᠠᠵᠢᠯ | ᠲᠦᠷᠦᠯ ᠭᠡᠨ᠎ᠡ︶ ᠢ ᠨᠡᠮᠡᠭᠳᠡᠭᠦᠯᠵᠦ᠂ ᠨᠡᠮᠡᠭᠳᠡᠯ ᠤᠨ ᠬᠡᠮᠵᠢᠶ᠎ᠡ ᠶᠢᠨ ᠦᠯᠡᠳᠡᠭᠡᠬᠦ ᠭᠠᠶᠢᠯᠢ ᠶᠢᠨ ᠲᠤᠭ᠎ᠠ ᠶᠢ ᠰᠠᠷ᠎ᠠ ᠪᠠᠷ | ᠪᠦᠬᠦ ᠲᠤᠭ᠎ᠠ ᠪᠠᠷ ᠪᠤᠴᠠᠭᠠᠬᠤ ᠵᠢᠴᠢ ᠦᠯᠡᠳᠡᠭᠡᠯ ᠤᠨ ᠭᠠᠶᠢᠯᠢ ᠶᠢᠨ ᠲᠤᠭ᠎ᠠ ᠶᠢ ᠨᠢᠭᠡ ᠯᠡ ᠤᠳᠠᠭ᠎ᠠ ᠶᠢᠨ ᠴᠢᠨᠠᠷᠲᠠᠢ | ᠪᠤᠴᠠᠭᠠᠬᠤ ᠦᠯᠡᠳᠡᠭᠡᠬᠦ ᠭᠠᠶᠢᠯᠢ ᠶᠢᠨ ᠲᠤᠭ᠎ᠠ ᠶᠢ ᠪᠤᠴᠠᠭᠠᠬᠤ ᠭᠠᠶᠢᠯᠢ ᠶᠢᠨ ᠲᠤᠭ᠎ᠠ ᠶᠢ ᠲᠤᠯᠭᠠᠨ ᠪᠤᠴᠠᠭᠠᠬᠤ | ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ | ᠬᠤᠶᠠᠷ᠂ ︽ᠠᠯᠪᠠᠨ ᠵᠠᠷ︾ ᠢ ᠨᠡᠶᠢᠲᠡᠯᠡᠭᠰᠡᠨ ᠠᠬᠤᠢ ᠪᠠᠶᠢᠳᠠᠯ ᠨᠢ ᠶᠠᠭᠤ ᠪᠤᠶ | ᠭᠠᠶᠢᠯᠢ ᠲᠤᠰᠢᠶᠠᠭᠴᠢ ᠶᠢᠨ ᠭᠠᠶᠢᠯᠢ ᠶᠢ ᠦᠯᠡᠳᠡᠭᠡᠬᠦ ᠪᠠ ᠲᠤᠯᠭᠠᠨ ᠪᠤᠴᠠᠭᠠᠬᠤ ᠲᠤᠬᠠᠶᠢᠯᠠᠭᠰᠠᠨ ᠠᠵᠢᠯ | ᠡᠷᠬᠢᠯᠡᠬᠦ ᠳᠤ ᠳᠥᠭᠦᠮ ᠦᠵᠡᠭᠦᠯᠬᠦ ᠶᠢᠨ ᠲᠥᠯᠥᠭᠡ᠂ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠤᠷᠢᠳ | ᠬᠤᠵᠢᠳ ︽ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠥᠷᠲᠡᠭ ᠨᠡᠮᠡᠭᠳᠡᠯ ᠤᠨ | ᠭᠠᠶᠢᠯᠢ ᠶᠢᠨ ᠬᠤᠭᠤᠴᠠᠭᠠᠨ ᠤ ᠰᠡᠭᠦᠯᠴᠢ ᠶᠢᠨ ᠦᠯᠡᠳᠡᠭᠡᠬᠦ ᠲᠤᠯᠭᠠᠨ ᠬᠠᠰᠤᠬᠤ ᠭᠠᠶᠢᠯᠢ ᠶᠢᠨ ᠲᠣᠭᠠᠨ ᠤ | ᠭᠠᠶᠢᠯᠢ ᠶᠢᠨ ᠪᠤᠴᠠᠭᠠᠯᠲᠠ ᠶᠢᠨ ᠬᠤᠯᠪᠣᠭᠳᠠᠯ ᠪᠦᠬᠦᠢ ᠵᠦᠢᠯᠡᠰ ᠢ ᠭᠦᠢᠴᠡᠳᠬᠡᠬᠦ ᠲᠤᠬᠠᠢ ᠠᠯᠪᠠᠨ ᠵᠠᠷ︾ ︵2019 | ᠣᠨ ᠤ 20 ᠳ᠋ᠤᠭᠠᠷ ᠲᠣᠭᠠᠲᠤ᠂ ᠳᠣᠷᠣᠭᠰᠢ 20 ᠳ᠋ᠤᠭᠠᠷ ᠲᠣᠭᠠᠲᠤ ᠠᠯᠪᠠᠨ ᠵᠠᠷ ᠭᠡᠵᠦ ᠨᠡᠷᠡᠶᠢᠳᠦᠨ᠎ᠡ︶ ᠪᠠ ︽ | ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠥᠷᠲᠡᠭ ᠨᠡᠮᠡᠭᠳᠡᠯ ᠤᠨ ᠭᠠᠶᠢᠯᠢ ᠶᠢᠨ | ᠬᠤᠭᠤᠴᠠᠭᠠᠨ ᠤ ᠰᠡᠭᠦᠯᠴᠢ ᠶᠢᠨ ᠦᠯᠡᠳᠡᠭᠡᠬᠦ ᠲᠤᠯᠭᠠᠨ ᠪᠤᠴᠠᠭᠠᠬᠤ ᠭᠠᠶᠢᠯᠢ ᠶᠢᠨ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠬᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠬᠤ ᠬᠤᠯᠪᠣᠭᠳᠠᠯ ᠪᠦᠬᠦᠢ ᠲᠠᠲᠠᠪᠤᠷᠢᠯᠠᠨ ᠬᠠᠮᠢᠶᠠᠷᠬᠤ | ᠵᠦᠢᠯᠡᠰ ᠤᠨ ᠲᠤᠬᠠᠢ ᠠᠯᠪᠠᠨ ᠵᠠᠷ︾ ︵2022 ᠣᠨ ᠤ 4 ᠳ᠋ᠦᠭᠡᠷ ᠲᠣᠭᠠᠲᠤ᠂ ᠳᠣᠷᠣᠭᠰᠢ 4 ᠳ᠋ᠦᠭᠡᠷ ᠲᠣᠭᠠᠲᠤ | ᠠᠯᠪᠠᠨ ᠵᠠᠷ ᠭᠡᠵᠦ ᠨᠡᠷᠡᠶᠢᠳᠦᠨ᠎ᠡ︶ ᠭᠠᠷᠭᠠᠪᠠ᠃ ᠦᠯᠡᠳᠡᠭᠡᠬᠦ ᠪᠠ ᠲᠤᠯᠭᠠᠨ ᠪᠤᠴᠠᠭᠠᠬᠤ ᠭᠠᠶᠢᠯᠢ ᠶᠢ | ᠭᠦᠢᠴᠡᠳᠬᠡᠬᠦ ᠳᠤ ᠬᠤᠯᠪᠣᠭᠳᠠᠯ ᠪᠦᠬᠦᠢ ᠲᠠᠲᠠᠪᠤᠷᠢᠯᠠᠨ ᠬᠠᠮᠢᠶᠠᠷᠬᠤ ᠵᠦᠢᠯᠡᠰ ᠢ ᠲᠣᠳᠣᠷᠬᠠᠶᠢᠯᠠᠪᠠ᠃ᠲᠣᠰ ᠤᠳᠠᠭ᠎ᠠ | ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠵᠡᠷᠭᠡ ᠠᠵᠢᠯ ᠲᠥᠷᠥᠯ ᠢ ᠪᠥᠬᠦ ᠲᠤᠭ᠎ᠠ ᠪᠠᠷ | ᠭᠠᠶᠢᠯᠢ ᠪᠤᠴᠠᠭᠠᠬᠤ ᠶᠢᠨ ᠦᠯᠡᠳᠡᠭᠡᠨ ᠲᠤᠯᠭᠠᠨ ᠪᠤᠴᠠᠭᠠᠬᠤ ᠭᠠᠶᠢᠯᠢ ᠶᠢᠨ ᠲᠥᠷᠥ ᠶᠢᠨ ᠪᠣᠳᠣᠯᠭ᠎ᠠ ᠶᠢᠨ | ᠬᠡᠪᠴᠢᠶᠡᠨ ᠳᠤ ᠣᠷᠣᠭᠤᠯᠤᠭᠰᠠᠨ ᠤ ᠳᠠᠷᠠᠭ᠎ᠠ᠂ ᠣᠲᠣ ᠶᠢᠨ ᠬᠡᠷᠡᠭᠵᠢᠭᠦᠯᠵᠦ ᠪᠠᠶᠢᠭ᠎ᠠ ᠦᠯᠡᠳᠡᠭᠡᠨ ᠲᠤᠯᠭᠠᠨ | ᠪᠤᠴᠠᠭᠠᠬᠤ ᠭᠠᠶᠢᠯᠢ ᠶᠢᠨ ᠲᠠᠲᠠᠪᠤᠷᠢᠯᠠᠨ ᠬᠠᠮᠢᠶᠠᠷᠬᠤ ᠪᠣᠷᠣ ᠲᠥᠯᠥᠪ ᠤᠨ ᠳᠣᠣᠷ᠎ᠠ᠂ ᠰᠢᠨ᠎ᠡ ᠪᠠᠷ ᠨᠡᠶᠢᠲᠡᠯᠡᠭᠰᠡᠨ | ᠲᠥᠷᠥ ᠶᠢᠨ ᠪᠣᠳᠣᠯᠭ᠎ᠠ ᠶᠢᠨ ᠪᠣᠳᠠᠲᠠᠢ ᠠᠭᠤᠯᠭ᠎ᠠ ᠲᠠᠢ ᠤᠶᠠᠯᠳᠤᠭᠤᠯᠤᠨ᠂ ᠲᠣᠰ ᠠᠯᠪᠠᠨ ᠵᠠᠷ ᠲᠤ ᠬᠤᠯᠪᠣᠭᠳᠠᠯ | ᠪᠦᠬᠦᠢ ᠲᠠᠲᠠᠪᠤᠷᠢᠯᠠᠨ ᠬᠠᠮᠢᠶᠠᠷᠬᠤ ᠵᠦᠢᠯᠡᠰ ᠤᠨ ᠲᠤᠬᠠᠢ ᠨᠥᠬᠦᠪᠦᠷᠢ ᠲᠣᠭᠲᠠᠭᠠᠯ ᠭᠠᠷᠭᠠᠪᠠ᠃ | ᠭᠤᠷᠪᠠ᠂ ᠦᠢᠯᠡᠳᠬᠦ ᠦᠢᠯᠡᠰ ᠵᠡᠷᠭᠡ ᠠᠵᠢᠯ ᠲᠦᠷᠦᠯ ᠤᠨ ᠦᠯᠡᠳᠡᠭᠡᠬᠦ ᠪᠠ ᠲᠤᠯᠭᠠᠨ ᠪᠤᠴᠠᠭᠠᠬᠤ ᠭᠠᠶᠢᠯᠢ ᠶᠢ | ᠪᠤᠴᠠᠭᠠᠬᠤ ᠲᠦᠷᠦ ᠶᠢᠨ ᠪᠣᠳᠣᠯᠭ᠎ᠠ ᠶᠢ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠵᠡᠷᠭᠡ | ᠠᠵᠢᠯ ᠲᠦᠷᠦᠯ ᠳᠤ ᠬᠦᠷᠲᠡᠯ᠎ᠡ ᠥᠷᠭᠡᠳᠬᠡᠭᠰᠡᠨ ᠤ ᠲᠠᠷᠠᠭ᠎ᠠ ᠠᠵᠢᠯ ᠲᠦᠷᠦᠯ ᠤᠨ ᠴᠢᠨᠠᠷᠲᠠᠢ ᠦᠯᠡᠳᠡᠭᠡᠬᠦ ᠪᠠ | ᠲᠤᠯᠭᠠᠨ ᠪᠤᠴᠠᠭᠠᠬᠤ ᠭᠠᠶᠢᠯᠢ ᠶᠢ ᠪᠤᠴᠠᠭᠠᠬᠤ ᠲᠦᠷᠦ ᠶᠢᠨ ᠪᠣᠳᠣᠯᠭ᠎ᠠ ᠶᠢᠨ ᠬᠦᠷᠢᠶ᠎ᠡ ᠬᠡᠪᠴᠢᠶ᠎ᠡ ᠶᠢ ᠬᠡᠷᠬᠢᠨ | ᠮᠠᠭᠠᠳᠯᠠᠬᠤ ᠪᠤᠢ? | ᠦᠶᠯᠡᠳᠬᠦ ᠦᠢᠯᠡᠰ ᠵᠡᠷᠭᠡ ᠠᠵᠢᠯ ᠲᠥᠷᠥᠯ ᠤᠨ ᠦᠯᠡᠳᠡᠭᠡᠬᠦ ᠪᠠ ᠲᠤᠯᠭᠠᠨ ᠪᠤᠴᠠᠭᠠᠬᠤ ᠭᠠᠶᠢᠯᠢ ᠶᠢ | ᠪᠤᠴᠠᠭᠠᠬᠤ ᠲᠥᠷᠥ ᠶᠢᠨ ᠪᠣᠳᠣᠯᠭ᠎ᠠ ᠶᠢᠨ ᠬᠡᠷᠡᠭᠯᠡᠬᠦ ᠬᠡᠪᠴᠢᠶ᠎ᠡ ᠶᠢ ᠪᠥᠭᠡᠮ ᠢᠶᠠᠷ ᠬᠤᠳᠠᠯᠳᠤᠬᠤ ᠪᠠ ᠵᠢᠵᠢᠭᠯᠡᠨ | ᠬᠤᠳᠠᠯᠳᠤᠬᠤ ᠦᠢᠯᠡᠰ ᠵᠡᠷᠭᠡ ᠠᠵᠢᠯ ᠲᠥᠷᠥᠯ ᠳᠤ ᠬᠦᠷᠲᠡᠯ᠎ᠡ ᠥᠷᠭᠡᠳᠬᠡᠭᠰᠡᠨ ᠤ ᠳᠠᠷᠠᠭ᠎ᠠ᠂ ᠦᠶᠯᠡᠳᠬᠦ ᠦᠢᠯᠡᠰ᠂ | ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠵᠡᠷᠭᠡ ᠠᠵᠢᠯ ᠲᠥᠷᠥᠯ ᠤᠨ ᠦᠯᠡᠳᠡᠭᠡᠬᠦ ᠪᠠ | ᠲᠤᠯᠭᠠᠨ ᠪᠤᠴᠠᠭᠠᠬᠤ ᠭᠠᠶᠢᠯᠢ ᠶᠢ ᠪᠤᠴᠠᠭᠠᠬᠤ ᠲᠥᠷᠥ ᠶᠢᠨ ᠪᠣᠳᠣᠯᠭ᠎ᠠ ᠶᠢ ᠪᠣᠶ ᠪᠣᠯᠭᠠᠨ᠎ᠠ᠃21 ᠳ᠋ᠦᠭᠡᠷ ᠲᠣᠭᠠᠲᠤ | ᠠᠯᠪᠠᠨ ᠵᠠᠷ ᠤᠨ ᠲᠣᠭᠲᠠᠭᠠᠯ ᠶᠣᠰᠣᠭᠠᠷ᠂ ᠦᠢᠯᠡᠳᠬᠦ ᠦᠢᠯᠡᠰ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ | ᠬᠤᠳᠠᠯᠳᠤᠬᠤ ᠦᠢᠯᠡᠰ ᠵᠡᠷᠭᠡ ᠠᠵᠢᠯ ᠲᠥᠷᠥᠯ ᠤᠨ ᠠᠵᠤ ᠠᠬᠤᠶᠢᠯᠠᠯ᠂ ᠬᠢᠬᠦ ᠶᠢ ᠵᠢᠭᠠᠵᠤ ᠪᠠᠶᠢᠨ᠎ᠠ︾ ᠤᠯᠤᠰ | ᠠᠷᠠᠳ ᠤᠨ ᠠᠵᠤ ᠠᠬᠤᠢ ᠶᠢᠨ ᠠᠵᠢᠯ ᠲᠥᠷᠥᠯ ᠤᠨ ᠳᠤᠮᠳᠠ ︽ᠪᠥᠭᠡᠮ ᠢᠶᠠᠷ ᠬᠤᠳᠠᠯᠳᠤᠬᠤ ᠪᠠ ᠵᠢᠵᠢᠭᠯᠡᠨ | ᠬᠤᠳᠠᠯᠳᠤᠬᠤ ᠦᠢᠯᠡᠰ︾᠂ ︽ᠲᠠᠷᠢᠶᠠᠯᠠᠩ᠂ ᠣᠢ ᠰᠢᠭᠤᠢ᠂ ᠮᠠᠯ ᠠᠵᠤ ᠠᠬᠤᠢ᠂ ᠵᠢᠭᠠᠰᠤᠨ ᠠᠵᠤ ᠠᠬᠤᠢ︾᠂ ︽ | ᠬᠤᠨᠤᠭ ᠪᠠ ᠢᠳᠡᠭᠡᠨ ᠤᠮᠳᠠᠭᠠᠨ ᠤ ᠦᠢᠯᠡᠰ︾᠂ ︽ᠰᠠᠭᠤᠭᠠᠯᠢ ᠠᠷᠠᠳ ᠤᠨ ᠦᠢᠯᠡᠴᠢᠯᠡᠭᠡ᠂ ᠰᠡᠯᠪᠢᠨ ᠵᠠᠰᠠᠬᠤ | ᠪᠠ ᠪᠤᠰᠤᠳ ᠦᠢᠯᠡᠴᠢᠯᠡᠭᠡᠨ ᠤ ᠦᠢᠯᠡᠰ︾᠂ ︽ᠰᠤᠷᠭᠠᠨ ᠬᠥᠮᠦᠵᠢᠯ︾᠂ ︽ᠡᠷᠡᠭᠦᠯ ᠬᠠᠮᠠᠭᠠᠯᠠᠯ ᠪᠠ ᠨᠡᠶᠢᠭᠡᠮ ᠤᠨ | ᠠᠵᠢᠯ︾᠂ ︽ᠰᠣᠶᠣᠯ᠂ ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠦᠢᠯᠡᠰ︾᠂ ︽ᠦᠶᠯᠡᠳᠬᠦ ᠦᠢᠯᠡᠰ︾᠂ ︽ | ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ︾᠂ ︽ᠴᠠᠬᠢᠯᠭᠠᠨ ᠬᠦᠴᠦᠨ᠂ | ᠢᠯᠴᠢ ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ︾᠂ ︽ | ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ︾᠂ ︽ᠠᠮᠢ ᠠᠬᠤᠢ ᠶᠢᠨ | ᠬᠠᠮᠠᠭᠠᠯᠠᠯᠲᠠ ᠪᠠ ᠣᠷᠴᠢᠨ ᠲᠣᠭᠤᠷᠢᠨ ᠤ ᠵᠠᠰᠠᠯᠲᠠ ᠶᠢᠨ ᠦᠢᠯᠡᠰ︾ ᠪᠠ ︽ᠵᠠᠮ ᠬᠠᠷᠢᠯᠴᠠᠭ᠎ᠠ ᠲᠡᠭᠡᠭᠡᠪᠦᠷᠢ᠂ | ᠬᠥᠮᠥᠷᠭᠡᠯᠡᠯᠲᠡ ᠪᠠ ᠰᠢᠤᠳᠠᠨ ᠤ ᠦᠢᠯᠡᠰ︾ ᠤᠨ ᠲᠤᠬᠠᠶᠢᠯᠠᠭᠰᠠᠨ ᠠᠵᠢᠯ ᠳᠤ ᠵᠣᠬᠢᠴᠠᠩᠭᠤᠢ ᠪᠠᠷ ᠡᠭᠦᠰᠦᠭᠰᠡᠨ | ᠥᠷᠲᠡᠭ ᠨᠡᠮᠡᠭᠳᠡᠯ ᠤᠨ ᠭᠠᠶᠢᠯᠢ ᠶᠢᠨ ᠪᠣᠷᠣᠯᠠᠭᠤᠯᠤᠯᠲᠠ ᠶᠢᠨ ᠲᠤᠭ᠎ᠠ ᠨᠢ ᠪᠥᠬᠦ ᠥᠷᠲᠡᠭ ᠨᠡᠮᠡᠭᠳᠡᠯ ᠤᠨ ᠭᠠᠶᠢᠯᠢ ᠶᠢᠨ | ᠪᠣᠷᠣᠯᠠᠭᠤᠯᠤᠯᠲᠠ ᠶᠢᠨ ᠲᠣᠭᠠᠨ ᠤ 50% ᠶᠢ ᠳᠠᠪᠠᠭᠰᠠᠨ ᠭᠠᠶᠢᠯᠢ ᠲᠤᠰᠢᠶᠠᠭᠴᠢ᠃ᠳᠡᠭᠡᠷ᠎ᠡ ᠳᠤᠷᠠᠳᠤᠭᠰᠠᠨ | ᠪᠣᠷᠣᠯᠠᠭᠤᠯᠤᠯᠲᠠ ᠶᠢᠨ ᠲᠣᠭᠠᠨ ᠤ ᠬᠤᠪᠢ ᠶᠢᠨ ᠵᠢᠩ ᠢ ᠭᠠᠶᠢᠯᠢ ᠲᠤᠰᠢᠶᠠᠭᠴᠢ ᠶᠢᠨ ᠭᠠᠶᠢᠯᠢ ᠶᠢ ᠪᠤᠴᠠᠭᠠᠬᠤ ᠪᠠᠷ | ᠭᠤᠶᠤᠴᠢᠯᠠᠬᠤ ᠠᠴᠠ ᠡᠮᠦᠨᠡᠬᠢ ᠵᠠᠯᠭᠠᠭ᠎ᠠ ᠪᠠᠷ 12 ᠰᠠᠷ᠎ᠠ ᠵᠢᠨᠭᠠᠶᠢᠯᠢ ᠶᠢ ᠪᠤᠴᠠᠭᠠᠯᠭᠠᠬᠤ ᠪᠠᠷ ᠭᠤᠶᠤᠴᠢᠯᠠᠬᠤ ᠠᠴᠠ | ᠡᠮᠦᠨ᠎ᠡ ᠡᠵᠡᠩᠨᠡᠯᠲᠡ ᠶᠢᠨ ᠬᠤᠭᠤᠴᠠᠭ᠎ᠠ ᠨᠢ 12 ᠰᠠᠷ᠎ᠠ ᠬᠦᠷᠬᠦ ᠦᠭᠡᠢ ᠪᠣᠯᠪᠠᠴᠤ ᠪᠦᠬᠦᠯᠢ 3 ᠰᠠᠷ᠎ᠠ ᠪᠣᠯᠤᠭᠰᠠᠨ | ᠪᠠᠶᠢᠪᠠᠯ᠂ ᠪᠣᠳᠠᠲᠠᠢ ᠡᠵᠡᠩᠨᠡᠯᠲᠡ ᠶᠢᠨ ᠬᠤᠭᠤᠴᠠᠭᠠᠨ ᠤ ᠪᠣᠷᠣᠯᠠᠭᠤᠯᠤᠯᠲᠠ ᠶᠢᠨ ᠲᠤᠭ᠎ᠠ ᠪᠠᠷ ᠪᠤᠳᠤᠵᠤ ᠲᠣᠭᠲᠠᠭᠠᠨ᠎ᠠ᠃ | ᠲᠣᠳᠣᠷᠬᠠᠶᠢᠯᠠᠬᠤ ᠴᠢᠬᠤᠯᠠᠲᠠᠢ ᠵᠦᠢᠯ ᠭᠡᠪᠡᠯ᠂ ᠬᠡᠷᠪᠡ ᠨᠢᠭᠡ ᠭᠠᠶᠢᠯᠢ ᠲᠤᠰᠢᠶᠠᠭᠴᠢ ᠳᠡᠭᠡᠷ᠎ᠡ ᠳᠤᠷᠠᠳᠤᠭᠰᠠᠨ | ᠣᠯᠠᠨ ᠵᠦᠢᠯ ᠤᠨ ᠲᠤᠬᠠᠶᠢᠯᠠᠭᠰᠠᠨ ᠠᠵᠢᠯ ᠢ ᠡᠷᠭᠢᠯᠡᠵᠦ ᠪᠠᠶᠢᠪᠠᠯ᠂ ᠬᠤᠯᠪᠣᠭᠳᠠᠯ ᠪᠦᠬᠦᠢ ᠲᠤᠬᠠᠶᠢᠯᠠᠭᠰᠠᠨ | ᠠᠵᠢᠯ ᠤᠨ ᠥᠷᠲᠡᠭ ᠨᠡᠮᠡᠭᠳᠡᠯ ᠤᠨ ᠭᠠᠶᠢᠯᠢ ᠶᠢᠨ ᠪᠣᠷᠣᠯᠠᠭᠤᠯᠤᠯᠲᠠ ᠶᠢᠨ ᠨᠣᠷᠮ᠎ᠠ ᠪᠠᠷ ᠪᠣᠷᠣᠯᠠᠭᠤᠯᠤᠯᠲᠠ ᠶᠢᠨ | ᠨᠣᠷᠮ᠎ᠠ ᠶᠢᠨ ᠡᠵᠡᠯᠡᠬᠦ ᠬᠠᠷᠢᠴᠠᠯ ᠢ ᠨᠡᠶᠢᠯᠡᠭᠦᠯᠦᠨ ᠪᠤᠳᠤᠵᠤ᠂ ᠡᠭᠦᠨ ᠤ ᠤᠯᠠᠮ ᠠᠴᠠ ᠦᠶᠯᠡᠳᠬᠦ ᠦᠢᠯᠡᠰ᠂ | ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠵᠡᠷᠭᠡ ᠠᠵᠢᠯ ᠲᠥᠷᠥᠯ ᠤᠨ ᠭᠠᠶᠢᠯᠢ | ᠲᠤᠰᠢᠶᠠᠭᠴᠢ ᠳᠤ ᠬᠠᠷᠢᠶᠠᠯᠠᠭᠳᠠᠬᠤ ᠡᠰᠡᠬᠦ ᠶᠢ ᠲᠣᠭᠲᠠᠭᠠᠨ᠎ᠠ᠃ᠵᠢᠱᠢᠶᠡᠯᠡᠨ ᠲᠣᠳᠣᠷᠬᠠᠶᠢᠯᠠᠬᠤ ᠨᠢ᠄ ᠨᠢᠭᠡᠨ ᠭᠠᠶᠢᠯᠢ | ᠲᠤᠰᠢᠶᠠᠭᠴᠢ 2021 ᠣᠨ ᠤ 7 ᠰᠠᠷ᠎ᠠ ᠠᠴᠠ 2022 ᠣᠨ ᠤ 6 ᠰᠠᠷ᠎ᠠ ᠪᠣᠯᠲᠠᠯᠠᠬᠢ ᠬᠤᠭᠤᠴᠠᠭᠠᠨ ᠳᠤ | ᠨᠡᠶᠢᠲᠡ 1000 ᠲᠦᠮᠡᠨ ᠲᠥᠭᠦᠷᠢᠭ ᠤᠨ ᠥᠷᠲᠡᠭ ᠨᠡᠮᠡᠭᠳᠡᠯ ᠤᠨ ᠭᠠᠶᠢᠯᠢ ᠶᠢᠨ ᠪᠣᠷᠣᠯᠠᠭᠤᠯᠤᠯᠲᠠ ᠶᠢᠨ ᠮᠥᠩᠭᠦ | ᠣᠯᠵᠠᠢ᠂ ᠡᠭᠦᠨ ᠳᠤ᠄ ᠮᠠᠰᠢᠨ ᠲᠥᠬᠦᠭᠡᠷᠦᠮᠵᠢ ᠶᠢ ᠦᠢᠯᠡᠳᠪᠦᠷᠢᠯᠡᠵᠦ ᠪᠣᠷᠣᠯᠠᠭᠤᠯᠤᠭᠰᠠᠨ ᠪᠣᠷᠣᠯᠠᠭᠤᠯᠤᠯᠲᠠ ᠶᠢᠨ | ᠮᠥᠩᠭᠦ 300 ᠲᠦᠮᠡᠨ ᠲᠥᠭᠦᠷᠢᠭ᠂ ᠭᠠᠳᠠᠨ᠎ᠠ ᠠᠴᠠ ᠬᠤᠳᠠᠯᠳᠤᠨ ᠠᠪᠤᠭᠰᠠᠨ ᠪᠠ ᠪᠥᠭᠡᠮ ᠢᠶᠠᠷ ᠬᠤᠳᠠᠯᠳᠤᠭᠰᠠᠨ | ᠠᠯᠪᠠᠨ ᠬᠡᠷᠡᠭᠯᠡᠭᠡᠨ ᠤ ᠬᠡᠷᠡᠭᠰᠡᠯ ᠤᠨ ᠪᠣᠷᠣᠯᠠᠭᠤᠯᠤᠯᠲᠠ ᠶᠢᠨ ᠮᠥᠩᠭᠦ 200 ᠲᠦᠮᠡᠨ ᠲᠥᠭᠦᠷᠢᠭ᠂ | ᠲᠦᠷᠢᠶᠡᠰᠦᠯᠡᠭᠰᠡᠨ ᠲᠥᠬᠦᠭᠡᠷᠦᠮᠵᠢ ᠶᠢᠨ ᠪᠣᠷᠣᠯᠠᠭᠤᠯᠤᠯᠲᠠ ᠶᠢᠨ ᠮᠥᠩᠭᠦ 250 ᠲᠦᠮᠡᠨ ᠲᠥᠭᠦᠷᠢᠭ᠂ ᠰᠣᠶᠣᠯ ᠤᠨ | ᠦᠢᠯᠡᠴᠢᠯᠡᠭᠡ ᠬᠠᠩᠭᠠᠭᠰᠠᠨ ᠪᠣᠷᠣᠯᠠᠭᠤᠯᠤᠯᠲᠠ ᠶᠢᠨ ᠮᠥᠩᠭᠦ 150 ᠲᠦᠮᠡᠨ ᠲᠥᠭᠦᠷᠢᠭ᠂ ᠪᠠᠷᠢᠯᠭ᠎ᠠ ᠶᠢᠨ | ᠦᠢᠯᠡᠴᠢᠯᠡᠭᠡ ᠬᠠᠩᠭᠠᠭᠰᠠᠨ ᠪᠣᠷᠣᠯᠠᠭᠤᠯᠤᠯᠲᠠ ᠶᠢᠨ ᠮᠥᠩᠭᠦ 100 ᠲᠦᠮᠡᠨ ᠲᠥᠭᠦᠷᠢᠭ ᠪᠣᠯᠣᠨ᠎ᠠ᠃ᠲᠣᠰ ᠭᠠᠶᠢᠯᠢ | ᠲᠤᠰᠢᠶᠠᠭᠴᠢ ᠶᠢᠨ 2021 ᠣᠨ ᠤ 7 ᠰᠠᠷ᠎ᠠ ᠠᠴᠠ 2022 ᠣᠨ ᠤ 6 ᠰᠠᠷ᠎ᠠ ᠪᠣᠯᠲᠠᠯᠠᠬᠢ ᠬᠤᠭᠤᠴᠠᠭᠠᠨ ᠳᠤ | ᠡᠭᠦᠰᠦᠭᠰᠡᠨ ᠦᠶᠯᠡᠳᠬᠦ ᠦᠢᠯᠡᠰ ᠤᠨ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠵᠡᠷᠭᠡ | ᠠᠵᠢᠯ ᠲᠥᠷᠥᠯ ᠤᠨ ᠪᠣᠷᠣᠯᠠᠭᠤᠯᠤᠯᠲᠠ ᠶᠢᠨ ᠲᠣᠭᠠᠨ ᠤ ᠡᠵᠡᠯᠡᠬᠦ ᠬᠠᠷᠢᠴᠠᠯ ᠨᠢ 65% ︵= ︵300 + 200 | + 150︶ ÷1000×100%︶ ᠪᠣᠯᠣᠨ᠎ᠠ᠃ᠡᠶᠢᠮᠦ ᠠᠴᠠ ᠲᠣᠰ ᠭᠠᠶᠢᠯᠢ ᠲᠤᠰᠢᠶᠠᠭᠴᠢ ᠨᠢ ᠲᠣᠰ | ᠬᠤᠭᠤᠴᠠᠭᠠᠨ ᠳᠤ ᠦᠶᠯᠡᠳᠬᠦ ᠦᠢᠯᠡᠰ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠵᠡᠷᠭᠡ | ᠠᠵᠢᠯ ᠲᠥᠷᠥᠯ ᠤᠨ ᠭᠠᠶᠢᠯᠢ ᠲᠤᠰᠢᠶᠠᠭᠴᠢ ᠳᠤ ᠬᠠᠷᠢᠶᠠᠯᠠᠭᠳᠠᠨ᠎ᠠ᠃ | ᠳᠥᠷᠪᠡ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠵᠡᠷᠭᠡ ᠠᠵᠢᠯ ᠲᠥᠷᠥᠯ ᠤᠨ | ᠭᠠᠶᠢᠯᠢ ᠲᠤᠰᠢᠶᠠᠭᠴᠢ ᠦᠯᠡᠳᠡᠭᠡᠬᠦ ᠪᠠ ᠲᠤᠯᠭᠠᠨ ᠪᠤᠴᠠᠭᠠᠬᠤ ᠭᠠᠶᠢᠯᠢ ᠶᠢ ᠭᠤᠶᠤᠴᠢᠯᠠᠬᠤ ᠳᠤ ᠦᠯᠡᠳᠡᠭᠡᠬᠦ ᠪᠠ | ᠲᠤᠯᠭᠠᠨ ᠪᠤᠴᠠᠭᠠᠬᠤ ᠭᠠᠶᠢᠯᠢ ᠶᠢ ᠪᠤᠴᠠᠭᠠᠬᠤ ᠶᠠᠮᠠᠷ ᠶᠠᠮᠠᠷ ᠨᠥᠬᠦᠴᠡᠯ ᠢ ᠬᠠᠩᠭᠠᠬᠤ ᠴᠢᠬᠤᠯᠠᠲᠠᠢ ᠪᠣᠶ︖ | 21 ᠳ᠋ᠦᠭᠡᠷ ᠲᠣᠭᠠᠲᠤ ᠠᠯᠪᠠᠨ ᠵᠠᠷ ᠤᠨ ᠲᠣᠭᠲᠠᠭᠠᠯ ᠶᠣᠰᠣᠭᠠᠷ ᠦᠯᠡᠳᠡᠭᠡᠬᠦ ᠪᠠ ᠲᠤᠯᠭᠠᠨ ᠪᠤᠴᠠᠭᠠᠬᠤ | ᠭᠠᠶᠢᠯᠢ ᠶᠢ ᠭᠦᠢᠴᠡᠳᠬᠡᠳᠡᠭ ᠦᠢᠯᠡᠳᠬᠦ ᠦᠢᠯᠡᠰ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ | ᠵᠡᠷᠭᠡ ᠠᠵᠢᠯ ᠲᠦᠷᠦᠯ ᠤᠨ ᠭᠠᠶᠢᠯᠢ ᠲᠤᠰᠢᠶᠠᠭᠴᠢ ᠳᠤ 14 ᠳ᠋ᠦᠭᠡᠷ ᠲᠣᠭᠠᠲᠤ ᠠᠯᠪᠠᠨ ᠵᠠᠷ ᠲᠤ ᠲᠣᠭᠲᠠᠭᠠᠭᠰᠠᠨ | ᠦᠯᠡᠳᠡᠭᠡᠬᠦ ᠪᠠ ᠲᠤᠯᠭᠠᠨ ᠪᠤᠴᠠᠭᠠᠬᠤ ᠭᠠᠶᠢᠯᠢ ᠶᠢ ᠪᠤᠴᠠᠭᠠᠬᠤ ᠨᠥᠬᠦᠴᠡᠯ ᠢ ᠦᠷᠭᠦᠯᠵᠢᠯᠡᠨ ᠬᠡᠷᠡᠭᠯᠡᠨ᠎ᠡ᠂ ᠪᠣᠳᠠᠲᠠᠢ ᠪᠠᠷ | ᠬᠡᠯᠡᠪᠡᠯ ᠳᠣᠣᠷᠠᠬᠢ ᠮᠡᠲᠦ᠄ | ︵ᠨᠢᠭᠡ︶ ᠭᠠᠶᠢᠯᠢ ᠲᠤᠰᠢᠶᠠᠬᠤ ᠢᠲᠡᠭᠡᠮᠵᠢ ᠶᠢᠨ ᠵᠡᠷᠭᠡ ᠳᠡᠰ ᠨᠢ A ᠳᠡᠰ ᠪᠤᠶᠤ B ᠳᠡᠰ ᠪᠠᠶᠢᠬᠤ; | ︵ᠬᠤᠶᠠᠷ︶ ᠭᠠᠶᠢᠯᠢ ᠶᠢ ᠪᠤᠴᠠᠭᠠᠬᠤ ᠪᠠᠷ ᠭᠤᠶᠤᠴᠢᠯᠠᠬᠤ ᠠᠴᠠ 36 ᠰᠠᠷ᠎ᠠ ᠶᠢᠨ ᠡᠮᠦᠨ᠎ᠡ ᠭᠠᠶᠢᠯᠢ ᠶᠢ | ᠦᠯᠡᠳᠡᠭᠡᠨ ᠲᠤᠯᠭᠠᠨ ᠪᠤᠴᠠᠭᠠᠯᠭᠠᠬᠤ ᠵᠣᠭᠤᠰ ᠢ ᠮᠡᠬᠡᠯᠡᠨ ᠠᠪᠤᠭᠰᠠᠨ᠂ ᠭᠠᠷᠭᠠᠯᠭ᠎ᠠ ᠶᠢᠨ ᠭᠠᠶᠢᠯᠢ ᠶᠢ ᠪᠤᠴᠠᠭᠠᠬᠤ | ᠵᠣᠭᠤᠰ ᠢ ᠮᠡᠬᠡᠯᠡᠨ ᠠᠪᠤᠭᠰᠠᠨ ᠪᠤᠶᠤ ᠦᠷᠳᠡᠭ ᠨᠡᠮᠡᠭᠳᠡᠯ ᠤᠨ ᠭᠠᠶᠢᠯᠢ ᠶᠢᠨ ᠲᠤᠰᠬᠠᠢ ᠪᠠᠷᠢᠮᠲᠠ ᠶᠢ ᠬᠤᠳᠠᠯ ᠢᠶᠠᠷ | ᠪᠢᠴᠢᠵᠦ ᠥᠭᠭᠦᠭᠰᠡᠨ ᠪᠠᠶᠢᠳᠠᠯ ᠭᠠᠷᠤᠭᠰᠠᠨ ᠦᠭᠡᠢ; | ︵ᠭᠤᠷᠪᠠ︶ ᠭᠠᠶᠢᠯᠢ ᠶᠢ ᠪᠤᠴᠠᠭᠠᠯᠭᠠᠬᠤ ᠪᠠᠷ ᠭᠤᠶᠤᠴᠢᠯᠠᠬᠤ ᠠᠴᠠ 36 ᠰᠠᠷ᠎ᠠ ᠶᠢᠨ ᠡᠮᠦᠨ᠎ᠡ ᠭᠠᠶᠢᠯᠢ ᠶᠢ | ᠳᠠᠷᠤᠭᠰᠠᠨ ᠠᠴᠠ ᠪᠣᠯᠵᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠬᠤᠶᠠᠷ ᠤᠳᠠᠭ᠎ᠠ ᠠᠴᠠ ᠳᠡᠭᠡᠭᠰᠢ ᠰᠢᠳᠬᠡᠯ | ᠣᠯᠣᠭᠰᠠᠨ ᠤᠶᠢᠭᠡᠢ; | ︵ᠳᠥᠷᠪᠡ︶ 2019 ᠣᠨ ᠤ 4 ᠰᠠᠷ᠎ᠠ ᠶᠢᠨ 1 ᠤ ᠡᠳᠦᠷ ᠠᠴᠠ ᠡᠬᠢᠯᠡᠨ ᠲᠠᠲᠠᠪᠤᠷᠢᠯᠠᠪᠠᠯ ᠳᠠᠷᠤᠢ | ᠪᠤᠴᠠᠭᠠᠬᠤ᠂ ᠤᠷᠢᠳ ᠢᠶᠠᠷ ᠲᠠᠲᠠᠪᠤᠷᠢᠯᠠᠪᠠᠯ ᠳᠠᠷᠠᠭ᠎ᠠ ᠨᠢ ᠪᠤᠴᠠᠭᠠᠬᠤ ︵ᠪᠤᠴᠠᠭᠠᠬᠤ︶ ᠲᠥᠷᠥ ᠶᠢᠨ ᠪᠣᠳᠣᠯᠭ᠎ᠠ ᠶᠢ | ᠡᠳ᠋ᠯᠡᠭᠰᠡᠨ ᠦᠭᠡᠢ᠃ | ᠲᠠᠪᠤ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠵᠡᠷᠭᠡ ᠠᠵᠢᠯ ᠲᠥᠷᠥᠯ ᠤᠨ | ᠭᠠᠶᠢᠯᠢ ᠲᠤᠰᠢᠶᠠᠭᠴᠢ ᠶᠢᠨ ᠨᠢᠭᠡ ᠯᠡ ᠤᠳᠠᠭ᠎ᠠ ᠶᠢᠨ ᠴᠢᠨᠠᠷᠲᠠᠢ ᠦᠯᠡᠳᠡᠭᠡᠯᠲᠡ ᠪᠠ ᠭᠠᠶᠢᠯᠢ ᠶᠢᠨ ᠪᠤᠴᠠᠭᠠᠯᠲᠠ ᠶᠢ | ᠪᠤᠴᠠᠭᠠᠬᠤ ᠪᠠᠷ ᠭᠤᠶᠤᠴᠢᠯᠠᠬᠤ ᠪᠣᠳᠠᠲᠠᠢ ᠴᠠᠭ ᠨᠢ ᠶᠠᠮᠠᠷ ᠪᠣᠶ︖ | 21 ᠳ᠋ᠦᠭᠡᠷ ᠲᠣᠭᠠᠲᠤ ᠠᠯᠪᠠᠨ ᠵᠠᠷ ᠤᠨ ᠲᠣᠭᠲᠠᠭᠠᠯ ᠶᠣᠰᠣᠭᠠᠷ᠂ ᠨᠥᠬᠦᠴᠡᠯ ᠳᠤ ᠨᠡᠶᠢᠴᠡᠬᠦ ᠪᠥᠭᠡᠮ ᠢᠶᠠᠷ | ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠵᠡᠷᠭᠡ ᠠᠵᠢᠯ ᠲᠥᠷᠥᠯ ᠤᠨ ᠭᠠᠶᠢᠯᠢ ᠲᠤᠰᠢᠶᠠᠭᠴᠢ 2022 | ᠣᠨ ᠤ 7 ᠰᠠᠷ᠎ᠠ ᠶᠢᠨ ᠭᠠᠶᠢᠯᠢ ᠲᠤᠰᠢᠶᠠᠬᠤ ᠪᠠᠷ ᠮᠡᠳᠡᠭᠦᠯᠬᠦ ᠬᠤᠭᠤᠴᠠᠭ᠎ᠠ ᠠᠴᠠ ᠡᠬᠢᠯᠡᠨ ᠡᠷᠭᠢᠯᠡᠨ ᠬᠠᠮᠢᠶᠠᠷᠬᠤ | ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠦᠯᠡᠳᠡᠭᠡᠯ ᠭᠠᠶᠢᠯᠢ ᠶᠢᠨ ᠲᠤᠭ᠎ᠠ ᠶᠢ ᠪᠤᠴᠠᠭᠠᠨ ᠠᠪᠬᠤ ᠪᠠᠷ | ᠭᠤᠶᠤᠴᠢᠯᠠᠵᠤ ᠪᠣᠯᠣᠨ᠎ᠠ᠃ | ᠲᠣᠳᠣᠷᠬᠠᠶᠢᠯᠠᠬᠤ ᠴᠢᠬᠤᠯᠠᠲᠠᠢ ᠵᠦᠢᠯ ᠭᠡᠪᠡᠯ᠂ ᠳᠡᠭᠡᠷ᠎ᠡ ᠳᠤᠷᠠᠳᠤᠭᠰᠠᠨ ᠴᠠᠭ ᠪᠣᠯ ᠨᠢᠭᠡ ᠯᠡ ᠤᠳᠠᠭ᠎ᠠ ᠶᠢᠨ | ᠴᠢᠨᠠᠷᠲᠠᠢ ᠦᠯᠡᠳᠡᠭᠡᠯ ᠭᠠᠶᠢᠯᠢ ᠶᠢᠨ ᠪᠤᠴᠠᠭᠠᠯᠲᠠ ᠶᠢ ᠦᠯᠡᠳᠡᠭᠡᠨ ᠲᠤᠯᠭᠠᠨ ᠪᠤᠴᠠᠭᠠᠯᠭᠠᠬᠤ ᠪᠠᠷ ᠭᠤᠶᠤᠴᠢᠯᠠᠬᠤ | ᠡᠬᠢᠯᠡᠯᠲᠡ ᠶᠢᠨ ᠴᠠᠭ ᠪᠣᠯᠣᠨ᠎ᠠ᠂ ᠲᠣᠰ ᠬᠤᠭᠤᠴᠠᠭᠠᠨ ᠳᠤ ᠭᠤᠶᠤᠴᠢᠯᠠᠭᠰᠠᠨ ᠦᠭᠡᠢ ᠪᠠᠶᠢᠪᠠᠯ᠂ ᠬᠤᠶᠢᠰᠢᠳᠠ ᠶᠢᠨ | ᠭᠠᠶᠢᠯᠢ ᠲᠤᠰᠢᠶᠠᠬᠤ ᠪᠠᠷ ᠮᠡᠳᠡᠭᠦᠯᠬᠦ ᠬᠤᠭᠤᠴᠠᠭ᠎ᠠ ᠶᠢ ᠲᠣᠭᠲᠠᠭᠠᠯ ᠶᠣᠰᠣᠭᠠᠷ ᠭᠤᠶᠤᠴᠢᠯᠠᠵᠤ ᠪᠣᠯᠣᠨ᠎ᠠ᠃ | ᠵᠢᠷᠭᠤᠭ᠎ᠠ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠵᠡᠷᠭᠡ ᠠᠵᠢᠯ ᠲᠥᠷᠥᠯ ᠤᠨ | ᠭᠠᠶᠢᠯᠢ ᠲᠤᠰᠢᠶᠠᠭᠴᠢ ᠶᠢᠨ ᠨᠡᠮᠡᠭᠳᠡᠯ ᠤᠨ ᠬᠡᠮᠵᠢᠶ᠎ᠡ ᠶᠢ ᠨᠡᠮᠡᠭᠳᠡᠭᠦᠯᠦᠨ ᠦᠯᠡᠳᠡᠭᠡᠬᠦ ᠪᠠ ᠭᠠᠶᠢᠯᠢ ᠶᠢ ᠲᠤᠯᠭᠠᠨ | ᠪᠤᠴᠠᠭᠠᠯᠭᠠᠬᠤ ᠪᠠᠷ ᠭᠤᠶᠤᠴᠢᠯᠠᠬᠤ ᠪᠣᠳᠠᠲᠠᠢ ᠴᠠᠭ ᠨᠢ ᠶᠠᠮᠠᠷ ᠪᠣᠶ︖ | 21 ᠳ᠋ᠦᠭᠡᠷ ᠲᠣᠭᠠᠲᠤ ᠠᠯᠪᠠᠨ ᠵᠠᠷ ᠤᠨ ᠲᠣᠭᠲᠠᠭᠠᠯ ᠶᠣᠰᠣᠭᠠᠷ᠂ ᠨᠥᠬᠦᠴᠡᠯ ᠳᠤ ᠨᠡᠶᠢᠴᠡᠬᠦ ᠪᠥᠭᠡᠮ ᠢᠶᠠᠷ | ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠵᠡᠷᠭᠡ ᠠᠵᠢᠯ ᠲᠥᠷᠥᠯ ᠤᠨ ᠭᠠᠶᠢᠯᠢ ᠲᠤᠰᠢᠶᠠᠭᠴᠢ 2022 | ᠣᠨ ᠤ 7 ᠰᠠᠷ᠎ᠠ ᠶᠢᠨ ᠭᠠᠶᠢᠯᠢ ᠲᠤᠰᠢᠶᠠᠬᠤ ᠪᠠᠷ ᠮᠡᠳᠡᠭᠦᠯᠬᠦ ᠬᠤᠭᠤᠴᠠᠭ᠎ᠠ ᠠᠴᠠ ᠡᠬᠢᠯᠡᠨ ᠭᠠᠶᠢᠯᠢ ᠶᠢᠨ | ᠶᠠᠪᠤᠳᠠᠯ ᠤᠨ ᠡᠷᠭᠢᠯᠡᠨ ᠬᠠᠮᠢᠶᠠᠷᠬᠤ ᠪᠠᠶᠢᠭᠤᠯᠭ᠎ᠠ ᠳᠤ ᠨᠡᠮᠡᠭᠳᠡᠯ ᠬᠡᠮᠵᠢᠶᠡᠨ ᠤ ᠦᠯᠡᠳᠡᠭᠡᠬᠦ ᠪᠠ ᠲᠤᠯᠭᠠᠨ ᠬᠠᠰᠤᠬᠤ | ᠭᠠᠶᠢᠯᠢ ᠶᠢᠨ ᠲᠤᠭ᠎ᠠ ᠶᠢ ᠪᠤᠴᠠᠭᠠᠯᠭᠠᠬᠤ ᠪᠠᠷ ᠭᠤᠶᠤᠴᠢᠯᠠᠵᠤ ᠪᠣᠯᠣᠨ᠎ᠠ᠃ | ᠲᠣᠳᠣᠷᠬᠠᠶᠢᠯᠠᠬᠤ ᠴᠢᠬᠤᠯᠠᠲᠠᠢ ᠨᠢ᠂ ᠳᠡᠭᠡᠷ᠎ᠡ ᠳᠤᠷᠠᠳᠤᠭᠰᠠᠨ ᠴᠠᠭ ᠪᠣᠯ ᠨᠡᠮᠡᠭᠳᠡᠯ ᠬᠡᠮᠵᠢᠶ᠎ᠡ ᠶᠢ ᠨᠡᠮᠡᠭᠳᠡᠭᠦᠯᠦᠨ | ᠭᠠᠶᠢᠯᠢ ᠶᠢ ᠲᠤᠯᠭᠠᠨ ᠪᠤᠴᠠᠭᠠᠯᠭᠠᠬᠤ ᠪᠠᠷ ᠭᠤᠶᠤᠴᠢᠯᠠᠬᠤ ᠶᠢᠨ ᠡᠬᠢᠯᠡᠯᠲᠡ ᠶᠢᠨ ᠴᠠᠭ ᠪᠣᠯᠣᠨ᠎ᠠ᠂ ᠲᠤᠰ | ᠬᠤᠭᠤᠴᠠᠭᠠᠨ ᠳᠤ ᠭᠤᠶᠤᠴᠢᠯᠠᠭᠰᠠᠨ ᠦᠭᠡᠢ ᠪᠠᠶᠢᠪᠠᠯ᠂ ᠬᠤᠶᠢᠰᠢᠳᠠ ᠶᠢᠨ ᠭᠠᠶᠢᠯᠢ ᠲᠤᠰᠢᠶᠠᠬᠤ ᠪᠠᠷ ᠮᠡᠳᠡᠭᠦᠯᠬᠦ | ᠬᠤᠭᠤᠴᠠᠭ᠎ᠠ ᠶᠢ ᠪᠠᠰᠠ ᠲᠣᠭᠲᠠᠭᠠᠯ ᠶᠣᠰᠣᠭᠠᠷ ᠭᠤᠶᠤᠴᠢᠯᠠᠵᠤ ᠪᠣᠯᠣᠨ᠎ᠠ᠃ | ᠳᠣᠯᠤᠭ᠎ᠠ᠂ ᠦᠶᠯᠡᠳᠬᠦ ᠦᠢᠯᠡᠰ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠵᠡᠷᠭᠡ | ᠠᠵᠢᠯ ᠲᠥᠷᠥᠯ ᠤᠨ ᠭᠠᠶᠢᠯᠢ ᠲᠤᠰᠢᠶᠠᠭᠴᠢ ᠶᠢᠨ 21 ᠳ᠋ᠦᠭᠡᠷ ᠲᠣᠭᠠᠲᠤ ᠠᠯᠪᠠᠨ ᠵᠠᠷ ᠤᠨ ᠲᠣᠭᠲᠠᠭᠠᠯ ᠶᠣᠰᠣᠭᠠᠷ | ᠪᠤᠴᠠᠭᠠᠯᠭᠠᠬᠤ ᠪᠠᠷ ᠭᠤᠶᠤᠴᠢᠯᠠᠭᠰᠠᠨ ᠦᠯᠡᠳᠡᠭᠡᠯ ᠭᠠᠶᠢᠯᠢ ᠶᠢᠨ ᠲᠤᠭ᠎ᠠ ᠶᠢ ᠬᠡᠷᠬᠢᠨ ᠲᠣᠭᠲᠠᠭᠠᠬᠤ ᠪᠣᠶ︖ | ᠭᠠᠶᠢᠯᠢ ᠲᠤᠰᠢᠶᠠᠭᠴᠢ ᠶᠢᠨ 21 ᠳ᠋ᠦᠭᠡᠷ ᠲᠣᠭᠠᠲᠤ ᠠᠯᠪᠠᠨ ᠵᠠᠷ ᠤᠨ ᠲᠣᠭᠲᠠᠭᠠᠯ ᠶᠣᠰᠣᠭᠠᠷ | ᠪᠤᠴᠠᠭᠠᠯᠭᠠᠬᠤ ᠪᠠᠷ ᠭᠤᠶᠤᠴᠢᠯᠠᠭᠰᠠᠨ ᠦᠯᠡᠳᠡᠭᠡᠯ ᠭᠠᠶᠢᠯᠢ ᠶᠢᠨ ᠲᠤᠭ᠎ᠠ ᠶᠢ ᠦᠷᠭᠦᠯᠵᠢᠯᠡᠨ 14 ᠳ᠋ᠦᠭᠡᠷ ᠲᠣᠭᠠᠲᠤ | ᠠᠯᠪᠠᠨ ᠵᠠᠷ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠂ ᠪᠣᠳᠠᠲᠠᠢ ᠪᠠᠷ ᠳᠣᠣᠷᠠᠬᠢ ᠪᠠᠶᠢᠳᠠᠯ ᠢ ᠢᠯᠭᠠᠵᠤ | ᠲᠣᠭᠲᠠᠭᠠᠨ᠎ᠠ᠄ | ︵ᠨᠢᠭᠡ︶ ᠭᠠᠶᠢᠯᠢ ᠲᠤᠰᠢᠶᠠᠭᠴᠢ ᠨᠢᠭᠡ ᠤᠳᠠᠭ᠎ᠠ ᠶᠢᠨ ᠴᠢᠨᠠᠷᠲᠠᠢ ᠦᠯᠡᠳᠡᠭᠡᠯ ᠭᠠᠶᠢᠯᠢ ᠶᠢᠨ ᠪᠤᠴᠠᠭᠠᠯᠲᠠ ᠶᠢ | ᠣᠯᠬᠤ ᠠᠴᠠ ᠡᠮᠦᠨ᠎ᠡ᠂ ᠲᠣᠰ ᠬᠤᠭᠤᠴᠠᠭᠠᠨ ᠤ ᠰᠡᠭᠦᠯᠴᠢ ᠶᠢᠨ ᠦᠯᠡᠳᠡᠭᠡᠯ ᠭᠠᠶᠢᠯᠢ ᠶᠢᠨ ᠲᠤᠭ᠎ᠠ ᠨᠢ 2019 | ᠣᠨ ᠤ 3 ᠳ᠋ᠤᠭᠠᠷ ᠰᠠᠷ᠎ᠠ ᠶᠢᠨ 31 ᠤ ᠡᠳᠦᠷ ᠤᠨ ᠰᠡᠭᠦᠯᠴᠢ ᠶᠢᠨ ᠦᠯᠡᠳᠡᠭᠡᠯ ᠭᠠᠶᠢᠯᠢ ᠶᠢᠨ ᠲᠤᠭ᠎ᠠ ᠠᠴᠠ ᠶᠡᠭᠡ | ᠪᠤᠶᠤ ᠲᠡᠭᠦᠨ ᠲᠠᠢ ᠲᠡᠩᠴᠡᠪᠡᠯ᠂ ᠦᠯᠡᠳᠡᠭᠡᠯ ᠦᠯᠡᠳᠡᠭᠡᠯ ᠭᠠᠶᠢᠯᠢ ᠶᠢᠨ ᠲᠤᠭ᠎ᠠ ᠨᠢ 2019 ᠣᠨ ᠤ 3 ᠳ᠋ᠤᠭᠠᠷ | ᠰᠠᠷ᠎ᠠ ᠶᠢᠨ 31 ᠤ ᠡᠳᠦᠷ ᠤᠨ ᠰᠡᠭᠦᠯᠴᠢ ᠶᠢᠨ ᠦᠯᠡᠳᠡᠭᠡᠯ ᠭᠠᠶᠢᠯᠢ ᠶᠢᠨ ᠲᠤᠭ᠎ᠠ ᠪᠣᠯᠣᠨ᠎ᠠ︔ᠲᠣᠰ ᠬᠤᠭᠤᠴᠠᠭᠠᠨ ᠤ | ᠰᠡᠭᠦᠯᠴᠢ ᠶᠢᠨ ᠦᠯᠡᠳᠡᠭᠡᠨ ᠰᠠᠭᠤᠯᠭᠠᠭᠰᠠᠨ ᠭᠠᠶᠢᠯᠢ ᠶᠢᠨ ᠲᠤᠭ᠎ᠠ ᠨᠢ 2019 ᠣᠨ ᠤ 3 ᠰᠠᠷ᠎ᠠ ᠶᠢᠨ 31 ᠤ | ᠡᠳᠦᠷ ᠤᠨ ᠰᠡᠭᠦᠯᠴᠢ ᠶᠢᠨ ᠦᠯᠡᠳᠡᠭᠡᠨ ᠰᠠᠭᠤᠯᠭᠠᠭᠰᠠᠨ ᠭᠠᠶᠢᠯᠢ ᠶᠢᠨ ᠲᠤᠭ᠎ᠠ ᠠᠴᠠ ᠪᠠᠭ᠎ᠠ ᠪᠠᠶᠢᠪᠠᠯ᠂ ᠦᠯᠡᠳᠡᠭᠡᠯ | ᠦᠯᠡᠳᠡᠭᠡᠨ ᠰᠠᠭᠤᠯᠭᠠᠭᠰᠠᠨ ᠭᠠᠶᠢᠯᠢ ᠶᠢᠨ ᠲᠤᠭ᠎ᠠ ᠨᠢ ᠲᠣᠰ ᠬᠤᠭᠤᠴᠠᠭᠠᠨ ᠤ ᠰᠡᠭᠦᠯᠴᠢ ᠶᠢᠨ ᠦᠯᠡᠳᠡᠭᠡᠨ | ᠰᠠᠭᠤᠯᠭᠠᠭᠰᠠᠨ ᠭᠠᠶᠢᠯᠢ ᠶᠢᠨ ᠲᠤᠭ᠎ᠠ ᠪᠣᠯᠣᠨ᠎ᠠ᠃ | ︵ᠬᠤᠶᠠᠷ︶ ᠭᠠᠶᠢᠯᠢ ᠲᠤᠰᠢᠶᠠᠭᠴᠢ ᠨᠢ ᠨᠢᠭᠡ ᠤᠳᠠᠭ᠎ᠠ ᠶᠢᠨ ᠴᠢᠨᠠᠷᠲᠠᠢ ᠦᠯᠡᠳᠡᠭᠡᠯᠲᠡ ᠭᠠᠶᠢᠯᠢ ᠶᠢᠨ | ᠪᠤᠴᠠᠭᠠᠯᠲᠠ ᠶᠢ ᠣᠯᠣᠭᠰᠠᠨ ᠤ ᠳᠠᠷᠠᠭ᠎ᠠ ᠦᠯᠡᠳᠡᠭᠡᠯᠲᠡ ᠭᠠᠶᠢᠯᠢ ᠶᠢᠨ ᠭᠠᠶᠢᠯᠢ ᠶᠢᠨ ᠲᠤᠭ᠎ᠠ ᠨᠢ ᠲᠡᠭ ᠪᠣᠯᠣᠨ᠎ᠠ᠃ | ᠵᠢᠱᠢᠶᠡᠯᠡᠨ ᠲᠣᠳᠣᠷᠬᠠᠶᠢᠯᠠᠭᠰᠠᠨ ᠢᠶᠠᠷ᠄ ᠨᠢᠭᠡᠨ ᠲᠣᠮᠣ ᠬᠡᠯᠪᠡᠷᠢ ᠶᠢᠨ ᠢᠳᠡᠭᠡᠨ ᠤᠮᠳᠠᠭᠠᠨ ᠤ ᠠᠵᠤ | ᠠᠬᠤᠶᠢᠯᠠᠯ ᠤᠨ 2019 ᠣᠨ ᠤ 3 ᠰᠠᠷ᠎ᠠ ᠶᠢᠨ 31 ᠤ ᠡᠳᠦᠷ ᠤᠨ ᠬᠤᠭᠤᠴᠠᠭᠠᠨ ᠡᠴᠦᠰ ᠤᠨ ᠦᠯᠡᠳᠡᠭᠡᠨ | ᠰᠠᠭᠤᠯᠭᠠᠭᠰᠠᠨ ᠭᠠᠶᠢᠯᠢ ᠶᠢᠨ ᠲᠤᠭ᠎ᠠ ᠨᠢ 1500 ᠲᠦᠮᠡᠨ ᠲᠥᠭᠦᠷᠢᠭ ᠪᠠᠶᠢᠵᠤ᠂ ᠡᠭᠦᠨ ᠠᠴᠠ ᠡᠮᠦᠨ᠎ᠡ ᠦᠯᠡᠳᠡᠭᠡᠯ | ᠭᠠᠶᠢᠯᠢ ᠶᠢᠨ ᠪᠤᠴᠠᠭᠠᠯᠲᠠ ᠶᠢ ᠣᠯᠣᠭᠰᠠᠨ ᠦᠭᠡᠢ᠃2022 ᠣᠨ ᠤ 7 ᠰᠠᠷ᠎ᠠ ᠳᠤ ᠭᠠᠶᠢᠯᠢ ᠲᠤᠰᠢᠶᠠᠬᠤ ᠪᠠᠷ | ᠮᠡᠳᠡᠭᠦᠯᠬᠦ ᠬᠤᠭᠤᠴᠠᠭᠠᠨ ᠳᠤ ᠨᠢᠭᠡ ᠯᠡ ᠤᠳᠠᠭ᠎ᠠ ᠶᠢᠨ ᠴᠢᠨᠠᠷᠲᠠᠢ ᠦᠯᠡᠳᠡᠭᠡᠯ ᠤᠨ ᠭᠠᠶᠢᠯᠢ ᠶᠢ ᠲᠤᠯᠭᠠᠨ | ᠪᠤᠴᠠᠭᠠᠯᠭᠠᠬᠤ ᠪᠠᠷ ᠭᠤᠶᠤᠴᠢᠯᠠᠬᠤ ᠦᠶ᠎ᠡ ᠳᠤ᠂ ᠬᠡᠷᠪᠡ ᠲᠣᠰ ᠬᠤᠭᠤᠴᠠᠭᠠᠨ ᠤ ᠰᠡᠭᠦᠯᠴᠢ ᠶᠢᠨ ᠦᠯᠡᠳᠡᠭᠡᠯ ᠤᠨ | ᠭᠠᠶᠢᠯᠢ ᠶᠢᠨ ᠲᠤᠭ᠎ᠠ ᠨᠢ 2000 ᠲᠦᠮᠡᠨ ᠲᠥᠭᠦᠷᠢᠭ ᠪᠠᠶᠢᠪᠠᠯ᠂ ᠲᠣᠰ ᠭᠠᠶᠢᠯᠢ ᠲᠤᠰᠢᠶᠠᠭᠴᠢ ᠶᠢᠨ | ᠦᠯᠡᠳᠡᠭᠡᠯ ᠤᠨ ᠦᠯᠡᠳᠡᠭᠡᠯ ᠤᠨ ᠭᠠᠶᠢᠯᠢ ᠶᠢᠨ ᠲᠤᠭ᠎ᠠ ᠨᠢ 1500 ᠲᠦᠮᠡᠨ ᠲᠥᠭᠦᠷᠢᠭ ᠪᠣᠯᠣᠨ᠎ᠠ︔ᠬᠡᠷᠪᠡ ᠲᠣᠰ | ᠬᠤᠭᠤᠴᠠᠭᠠᠨ ᠤ ᠰᠡᠭᠦᠯᠴᠢ ᠶᠢᠨ ᠦᠯᠡᠳᠡᠭᠡᠨ ᠰᠠᠭᠤᠯᠭᠠᠭᠰᠠᠨ ᠭᠠᠶᠢᠯᠢ ᠶᠢᠨ ᠲᠤᠭ᠎ᠠ ᠨᠢ 1000 ᠲᠦᠮᠡᠨ | ᠲᠥᠭᠦᠷᠢᠭ ᠪᠠᠶᠢᠪᠠᠯ᠂ ᠲᠣᠰ ᠭᠠᠶᠢᠯᠢ ᠲᠤᠰᠢᠶᠠᠭᠴᠢ ᠶᠢᠨ ᠦᠯᠡᠳᠡᠭᠡᠯ ᠦᠯᠡᠳᠡᠭᠡᠨ ᠰᠠᠭᠤᠯᠭᠠᠭᠰᠠᠨ ᠭᠠᠶᠢᠯᠢ ᠶᠢᠨ | ᠲᠤᠭ᠎ᠠ ᠨᠢ 1000 ᠲᠦᠮᠡᠨ ᠲᠥᠭᠦᠷᠢᠭ ᠪᠣᠯᠣᠨ᠎ᠠ᠃ᠲᠣᠰ ᠭᠠᠶᠢᠯᠢ ᠲᠤᠰᠢᠶᠠᠭᠴᠢ 7 ᠰᠠᠷ᠎ᠠ ᠳᠤ ᠦᠯᠡᠳᠡᠭᠡᠯᠲᠡ ᠪᠠ | ᠭᠠᠶᠢᠯᠢ ᠶᠢᠨ ᠪᠤᠴᠠᠭᠠᠯᠲᠠ ᠶᠢ ᠣᠯᠣᠭᠰᠠᠨ ᠤ ᠳᠠᠷᠠᠭ᠎ᠠ᠂ ᠦᠯᠡᠳᠡᠭᠡᠯᠲᠡ ᠪᠠ ᠭᠠᠶᠢᠯᠢ ᠶᠢᠨ ᠲᠤᠭ᠎ᠠ ᠳᠠᠭᠢᠵᠤ ᠪᠠᠶᠢᠬᠤ | ᠦᠭᠡᠢ ᠪᠣᠯᠣᠨ᠎ᠠ᠃ | ᠨᠠᠢᠮᠠ᠂ ᠦᠢᠯᠡᠳᠬᠦ ᠦᠢᠯᠡᠰ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠵᠡᠷᠭᠡ | ᠠᠵᠢᠯ ᠲᠦᠷᠦᠯ ᠤᠨ ᠭᠠᠶᠢᠯᠢ ᠲᠤᠰᠢᠶᠠᠭᠴᠢ ᠶᠢᠨ 21 ᠳ᠋ᠦᠭᠡᠷ ᠲᠣᠭᠠᠲᠤ ᠠᠯᠪᠠᠨ ᠵᠠᠷ ᠤᠨ ᠲᠣᠭᠲᠠᠭᠠᠯ ᠶᠣᠰᠣᠭᠠᠷ | ᠪᠤᠴᠠᠭᠠᠯᠭᠠᠬᠤ ᠪᠠᠷ ᠭᠤᠶᠤᠴᠢᠯᠠᠭᠰᠠᠨ ᠨᠡᠮᠡᠭᠳᠡᠯ ᠤᠨ ᠬᠡᠮᠵᠢᠶᠡᠨ ᠤ ᠦᠯᠡᠳᠡᠭᠡᠬᠦ ᠪᠠ ᠲᠤᠯᠭᠠᠨ ᠬᠠᠰᠤᠬᠤ ᠭᠠᠶᠢᠯᠢ ᠶᠢᠨ | ᠲᠤᠭ᠎ᠠ ᠶᠢ ᠬᠡᠷᠬᠢᠨ ᠲᠣᠭᠲᠠᠭᠠᠬᠤ ᠪᠤᠢ? | ᠦᠶᠯᠡᠳᠬᠦ ᠦᠢᠯᠡᠰ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠵᠡᠷᠭᠡ ᠠᠵᠢᠯ | ᠲᠥᠷᠥᠯ ᠤᠨ ᠭᠠᠶᠢᠯᠢ ᠲᠤᠰᠢᠶᠠᠭᠴᠢ ᠶᠢᠨ 21 ᠳ᠋ᠦᠭᠡᠷ ᠲᠣᠭᠠᠲᠤ ᠠᠯᠪᠠᠨ ᠵᠠᠷ ᠤᠨ ᠲᠣᠭᠲᠠᠭᠠᠯ ᠶᠣᠰᠣᠭᠠᠷ | ᠪᠤᠴᠠᠭᠠᠬᠤ ᠪᠠᠷ ᠭᠤᠶᠤᠴᠢᠯᠠᠭᠰᠠᠨ ᠨᠡᠮᠡᠭᠳᠡᠯ ᠭᠠᠶᠢᠯᠢ ᠶᠢᠨ ᠲᠤᠭ᠎ᠠ ᠶᠢ ᠦᠷᠭᠦᠯᠵᠢᠯᠡᠨ 14 ᠳ᠋ᠦᠭᠡᠷ ᠲᠣᠭᠠᠲᠤ ᠠᠯᠪᠠᠨ | ᠵᠠᠷ ᠤᠨ ᠲᠣᠭᠲᠠᠭᠠᠯ ᠶᠣᠰᠣᠭᠠᠷ ᠬᠡᠷᠡᠭᠵᠢᠭᠦᠯᠵᠦ᠂ ᠳᠣᠣᠷᠠᠬᠢ ᠪᠠᠶᠢᠳᠠᠯ ᠢ ᠪᠣᠳᠠᠲᠠᠢ ᠪᠠᠷ ᠢᠯᠭᠠᠵᠤ ᠲᠣᠭᠲᠠᠭᠠᠨ᠎ᠠ᠄ | ︵ᠨᠢᠭᠡ︶ ᠭᠠᠶᠢᠯᠢ ᠲᠤᠰᠢᠶᠠᠭᠴᠢ ᠨᠢᠭᠡ ᠤᠳᠠᠭ᠎ᠠ ᠶᠢᠨ ᠴᠢᠨᠠᠷᠲᠠᠢ ᠦᠯᠡᠳᠡᠭᠡᠯ ᠭᠠᠶᠢᠯᠢ ᠶᠢᠨ ᠪᠤᠴᠠᠭᠠᠯᠲᠠ ᠶᠢ | ᠣᠯᠬᠤ ᠠᠴᠠ ᠡᠮᠦᠨ᠎ᠡ᠂ ᠨᠡᠮᠡᠭᠳᠡᠯ ᠤᠨ ᠬᠡᠮᠵᠢᠶᠡᠨ ᠤ ᠦᠯᠡᠳᠡᠭᠡᠯ ᠭᠠᠶᠢᠯᠢ ᠶᠢᠨ ᠲᠤᠭ᠎ᠠ ᠨᠢ ᠲᠣᠰ ᠬᠤᠭᠤᠴᠠᠭᠠᠨ ᠤ | ᠰᠡᠭᠦᠯᠴᠢ ᠶᠢᠨ ᠦᠯᠡᠳᠡᠭᠡᠯ ᠭᠠᠶᠢᠯᠢ ᠶᠢᠨ ᠲᠤᠭ᠎ᠠ ᠬᠢᠭᠡᠳ 2019 ᠣᠨ ᠤ 3 ᠰᠠᠷ᠎ᠠ ᠶᠢᠨ 31 ᠤ ᠡᠳᠦᠷ ᠤᠨ | ᠬᠢ ᠲᠠᠢ ᠬᠠᠷᠢᠴᠠᠭᠤᠯᠪᠠᠯ ᠰᠢᠨ᠎ᠡ ᠪᠠᠷ ᠨᠡᠮᠡᠭᠳᠡᠭᠰᠡᠨ ᠦᠯᠡᠳᠡᠭᠡᠯ ᠭᠠᠶᠢᠯᠢ ᠶᠢᠨ ᠲᠤᠭ᠎ᠠ ᠪᠣᠯᠣᠨ᠎ᠠ᠃ | ︵ᠬᠤᠶᠠᠷ︶ ᠭᠠᠶᠢᠯᠢ ᠲᠤᠰᠢᠶᠠᠭᠴᠢ ᠨᠢᠭᠡ ᠤᠳᠠᠭ᠎ᠠ ᠶᠢᠨ ᠴᠢᠨᠠᠷᠲᠠᠢ ᠦᠯᠡᠳᠡᠭᠡᠯ ᠭᠠᠶᠢᠯᠢ ᠶᠢ ᠦᠯᠡᠳᠡᠭᠡᠨ | ᠲᠤᠯᠭᠠᠨ ᠪᠤᠴᠠᠭᠠᠭᠰᠠᠨ ᠤ ᠳᠠᠷᠠᠭ᠎ᠠ᠂ ᠨᠡᠮᠡᠭᠳᠡᠯ ᠤᠨ ᠬᠡᠮᠵᠢᠶᠡᠨ ᠤ ᠦᠯᠡᠳᠡᠭᠡᠨ ᠲᠤᠯᠭᠠᠨ ᠬᠠᠰᠤᠭᠰᠠᠨ ᠭᠠᠶᠢᠯᠢ ᠶᠢᠨ | ᠲᠤᠭ᠎ᠠ ᠨᠢ ᠲᠣᠰ ᠬᠤᠭᠤᠴᠠᠭᠠᠨ ᠤ ᠰᠡᠭᠦᠯᠴᠢ ᠶᠢᠨ ᠦᠯᠡᠳᠡᠭᠡᠨ ᠲᠤᠯᠭᠠᠨ ᠬᠠᠰᠤᠭᠰᠠᠨ ᠭᠠᠶᠢᠯᠢ ᠶᠢᠨ ᠲᠤᠭ᠎ᠠ | ᠪᠣᠯᠣᠨ᠎ᠠ᠃ | ᠵᠢᠱᠢᠶᠡᠯᠡᠨ ᠲᠣᠳᠣᠷᠬᠠᠶᠢᠯᠠᠭᠰᠠᠨ ᠢᠶᠠᠷ᠄ ᠨᠢᠭᠡᠨ ᠲᠣᠮᠣ ᠬᠡᠯᠪᠡᠷᠢ ᠶᠢᠨ ᠵᠢᠵᠢᠭᠯᠡᠨ ᠬᠤᠳᠠᠯᠳᠤᠬᠤ ᠠᠵᠤ | ᠠᠬᠤᠶᠢᠯᠠᠯ ᠤᠨ ᠭᠠᠶᠢᠯᠢ ᠲᠤᠰᠢᠶᠠᠭᠴᠢ ᠶᠢᠨ 2019 ᠣᠨ ᠤ 3 ᠰᠠᠷ᠎ᠠ ᠶᠢᠨ 31 ᠤ ᠡᠳᠦᠷ ᠤᠨ ᠬᠤᠭᠤᠴᠠᠭᠠᠨ | ᠰᠡᠭᠦᠯᠴᠢ ᠶᠢᠨ ᠦᠯᠡᠳᠡᠭᠡᠨ ᠰᠠᠭᠤᠯᠭᠠᠭᠰᠠᠨ ᠭᠠᠶᠢᠯᠢ ᠶᠢᠨ ᠲᠤᠭ᠎ᠠ ᠨᠢ 800 ᠲᠦᠮᠡᠨ ᠲᠥᠭᠦᠷᠢᠭ᠂ 2022 | ᠣᠨ ᠤ 7 ᠰᠠᠷ᠎ᠠ ᠶᠢᠨ 31 ᠤ ᠡᠳᠦᠷ ᠤᠨ ᠬᠤᠭᠤᠴᠠᠭᠠᠨ ᠰᠡᠭᠦᠯᠴᠢ ᠶᠢᠨ ᠦᠯᠡᠳᠡᠭᠡᠨ ᠰᠠᠭᠤᠯᠭᠠᠭᠰᠠᠨ ᠭᠠᠶᠢᠯᠢ ᠶᠢᠨ | ᠲᠤᠭ᠎ᠠ ᠨᠢ 1000 ᠲᠦᠮᠡᠨ ᠲᠥᠭᠦᠷᠢᠭ᠂ 8 ᠰᠠᠷ᠎ᠠ ᠶᠢᠨ ᠭᠠᠶᠢᠯᠢ ᠲᠤᠰᠢᠶᠠᠬᠤ ᠪᠠᠷ ᠮᠡᠳᠡᠭᠦᠯᠬᠦ ᠬᠤᠭᠤᠴᠠᠭᠠᠨ ᠳᠤ | ᠨᠡᠮᠡᠭᠳᠡᠯ ᠤᠨ ᠬᠡᠮᠵᠢᠶ᠎ᠡ ᠶᠢ ᠦᠯᠡᠳᠡᠭᠡᠨ ᠰᠠᠭᠤᠯᠭᠠᠵᠤ ᠭᠠᠶᠢᠯᠢ ᠶᠢ ᠪᠤᠴᠠᠭᠠᠬᠤ ᠪᠠᠷ ᠭᠤᠶᠤᠴᠢᠯᠠᠬᠤ ᠦᠶ᠎ᠡ ᠳᠤ᠂ | ᠬᠡᠷᠪᠡ ᠡᠭᠦᠨ ᠠᠴᠠ ᠡᠮᠦᠨ᠎ᠡ ᠨᠢᠭᠡ ᠯᠡ ᠤᠳᠠᠭ᠎ᠠ ᠶᠢᠨ ᠴᠢᠨᠠᠷᠲᠠᠢ ᠦᠯᠡᠳᠡᠭᠡᠯ ᠭᠠᠶᠢᠯᠢ ᠶᠢᠨ ᠪᠤᠴᠠᠭᠠᠯᠲᠠ ᠶᠢ | ᠣᠯᠣᠭᠰᠠᠨ ᠦᠭᠡᠢ ᠪᠣᠯ᠂ ᠲᠣᠰ ᠭᠠᠶᠢᠯᠢ ᠲᠤᠰᠢᠶᠠᠭᠴᠢ ᠶᠢᠨ ᠨᠡᠮᠡᠭᠳᠡᠯ ᠤᠨ ᠬᠡᠮᠵᠢᠶᠡᠨ ᠤ ᠦᠯᠡᠳᠡᠭᠡᠨ ᠰᠠᠭᠤᠯᠭᠠᠵᠤ | ᠭᠠᠶᠢᠯᠢ ᠶᠢᠨ ᠲᠤᠭ᠎ᠠ ᠨᠢ 200 ︵= 1000 ︱ 800︶ ᠲᠦᠮᠡᠨᠬᠡᠷᠪᠡ ᠡᠭᠦᠨ ᠠᠴᠠ ᠡᠮᠦᠨ᠎ᠡ ᠨᠢᠭᠡᠨᠲᠡ ᠨᠢᠭᠡ | ᠯᠡ ᠤᠳᠠᠭ᠎ᠠ ᠶᠢᠨ ᠴᠢᠨᠠᠷᠲᠠᠢ ᠦᠯᠡᠳᠡᠭᠡᠯ ᠭᠠᠶᠢᠯᠢ ᠶᠢᠨ ᠪᠤᠴᠠᠭᠠᠯᠲᠠ ᠶᠢ ᠣᠯᠣᠭᠰᠠᠨ ᠪᠠᠶᠢᠪᠠᠯ᠂ ᠲᠣᠰ ᠭᠠᠶᠢᠯᠢ | ᠲᠤᠰᠢᠶᠠᠭᠴᠢ ᠶᠢᠨ ᠨᠡᠮᠡᠭᠳᠡᠯ ᠤᠨ ᠬᠡᠮᠵᠢᠶᠡᠨ ᠤ ᠦᠯᠡᠳᠡᠭᠡᠯ ᠭᠠᠶᠢᠯᠢ ᠶᠢᠨ ᠭᠠᠶᠢᠯᠢ ᠶᠢᠨ ᠲᠤᠭ᠎ᠠ ᠨᠢ 1000 ᠲᠦᠮᠡᠨ | ᠲᠥᠭᠦᠷᠢᠭ ᠪᠣᠯᠣᠨ᠎ᠠ᠃ | ᠶᠢᠰᠦ᠂ ᠭᠠᠶᠢᠯᠢ ᠲᠤᠰᠢᠶᠠᠭᠴᠢ ᠳᠤ ᠵᠢᠵᠢᠭ ᠪᠢᠴᠢᠯ ᠠᠵᠤ ᠠᠬᠤᠶᠢᠯᠠᠯ ᠤᠨ ᠦᠯᠡᠳᠡᠭᠡᠬᠦ ᠪᠠ ᠲᠤᠯᠭᠠᠨ | ᠪᠤᠴᠠᠭᠠᠬᠤ ᠭᠠᠶᠢᠯᠢ ᠶᠢ ᠪᠤᠴᠠᠭᠠᠬᠤ ᠲᠦᠷᠦ ᠶᠢᠨ ᠪᠣᠳᠣᠯᠭ᠎ᠠ ᠶᠢ ᠬᠡᠷᠡᠭᠯᠡᠬᠦ ᠳᠡᠭᠡᠨ ᠲᠡᠭᠦᠨ ᠤ ᠠᠵᠢᠯ ᠲᠦᠷᠦᠯ ᠤᠨ | ᠬᠠᠷᠢᠶᠠᠯᠠᠯ ᠢ ᠬᠡᠷᠬᠢᠨ ᠲᠣᠭᠲᠠᠭᠠᠬᠤ ᠪᠤᠢ? | 21 ᠳ᠋ᠦᠭᠡᠷ ᠲᠣᠭᠠᠲᠤ ᠠᠯᠪᠠᠨ ᠵᠠᠷ ᠲᠤ ᠲᠣᠳᠣᠷᠬᠠᠢ ᠲᠣᠭᠲᠠᠭᠠᠭᠰᠠᠨ ᠨᠢ᠂ 14 ᠳ᠋ᠦᠭᠡᠷ ᠲᠣᠭᠠᠲᠤ ᠠᠯᠪᠠᠨ | ᠵᠠᠷ ᠤᠨ ᠵᠢᠷᠭᠤᠳᠤᠭᠠᠷ ᠵᠦᠢᠯ ᠤᠨ ᠲᠣᠭᠲᠠᠭᠠᠯ ᠶᠣᠰᠣᠭᠠᠷ ︽ᠳᠤᠮᠳᠠ ᠵᠢᠵᠢᠭ ᠠᠵᠤ ᠠᠬᠤᠶᠢᠯᠠᠯ ᠤᠨ ᠬᠡᠯᠪᠡᠷᠢ | ᠢᠯᠭᠠᠬᠤ ᠪᠠᠷᠢᠮᠵᠢᠶ᠎ᠠ ᠶᠢᠨ ᠲᠣᠭᠲᠠᠭᠠᠯ︾ ︵ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠶᠠᠮᠤᠨ ᠬᠠᠮᠲᠤᠷᠠᠭᠰᠠᠨ | ᠠᠵᠤ ᠠᠬᠤᠶᠢᠯᠠᠯ 〔2011〕 300 ᠳ᠋ᠤᠭᠠᠷ ᠲᠣᠭᠠᠲᠤ︶ ᠪᠠ ︽ᠮᠥᠩᠭᠦᠨ ᠭᠦᠢᠯᠭᠡᠭᠡᠨ ᠤ ᠦᠢᠯᠡᠰ ᠤᠨ ᠠᠵᠤ | ᠠᠬᠤᠶᠢᠯᠠᠯ ᠤᠨ ᠬᠡᠯᠪᠡᠷᠢ ᠢᠯᠭᠠᠬᠤ ᠪᠠᠷᠢᠮᠵᠢᠶ᠎ᠠ ᠶᠢᠨ ᠲᠣᠭᠲᠠᠭᠠᠯ︾ ︵ᠪᠠᠩᠬᠢ ᠲᠠᠷᠬᠠᠭᠠᠭᠰᠠᠨ 〔2015〕 | 309 ᠳ᠋ᠦᠭᠡᠷ ᠲᠣᠭᠠᠲᠤ︶ ᠢ ᠬᠡᠷᠡᠭᠯᠡᠬᠦ ᠦᠶ᠎ᠡ ᠳᠤ᠂ ᠭᠠᠶᠢᠯᠢ ᠲᠤᠰᠢᠶᠠᠭᠴᠢ ᠶᠢᠨ ᠠᠵᠢᠯ ᠲᠦᠷᠦᠯ ᠤᠨ ᠬᠠᠷᠢᠶᠠᠯᠠᠯ ᠢ | ︽ᠤᠯᠤᠰ ᠠᠷᠠᠳ ᠤᠨ ᠠᠵᠤ ᠠᠬᠤᠢ ᠶᠢᠨ ᠠᠵᠢᠯ ᠲᠦᠷᠦᠯ ᠤᠨ ᠠᠩᠭᠢᠯᠠᠯ︾ ᠳᠠᠬᠢ ᠭᠤᠣᠯ ᠪᠣᠯᠬᠤ ᠠᠵᠤ ᠠᠬᠤᠢ ᠶᠢᠨ | ᠠᠵᠢᠯᠯᠠᠭ᠎ᠠ ᠪᠠᠷ ᠠᠵᠢᠯ ᠲᠦᠷᠦᠯ ᠤᠨ ᠬᠠᠷᠢᠶᠠᠯᠠᠯ ᠢ ᠲᠣᠭᠲᠠᠭᠠᠬᠤ ᠲᠤᠬᠠᠢ ᠵᠠᠷᠴᠢᠮ ᠢ ᠦᠨᠳᠦᠰᠦᠯᠡᠨ᠂ ᠳᠡᠭᠡᠷ᠎ᠡ | ᠳᠤᠷᠠᠳᠤᠭᠰᠠᠨ ᠨᠢᠭᠡ ᠨᠢᠭᠲᠠᠯᠠᠨ ᠪᠤᠳᠤᠬᠤ ᠣᠨ ᠤ ︽ᠤᠯᠤᠰ ᠠᠷᠠᠳ ᠤᠨ ᠠᠵᠤ ᠠᠬᠤᠢ ᠶᠢᠨ ᠠᠵᠢᠯ ᠲᠦᠷᠦᠯ ᠤᠨ | ᠠᠩᠭᠢᠯᠠᠯ︾ ᠲᠠᠢ ᠵᠣᠬᠢᠴᠠᠯᠳᠤᠭᠰᠠᠨ ᠲᠤᠬᠠᠶᠢᠯᠠᠭᠰᠠᠨ ᠠᠵᠢᠯ ᠤᠨ ᠦᠷᠳᠡᠭ ᠨᠡᠮᠡᠭᠳᠡᠯ ᠤᠨ ᠭᠠᠶᠢᠯᠢ ᠶᠢᠨ | ᠪᠣᠷᠣᠯᠠᠭᠤᠯᠤᠯᠲᠠ ᠶᠢᠨ ᠪᠦᠬᠦ ᠦᠷᠳᠡᠭ ᠨᠡᠮᠡᠭᠳᠡᠯ ᠤᠨ ᠭᠠᠶᠢᠯᠢ ᠶᠢᠨ ᠪᠣᠷᠣᠯᠠᠭᠤᠯᠤᠯᠲᠠ ᠶᠢᠨ ᠲᠣᠭᠠᠨ ᠳᠤ ᠡᠵᠡᠯᠡᠬᠦ | ᠬᠤᠪᠢ ᠶᠢᠨ ᠵᠢᠩ ᠢᠶᠠᠷ | ᠵᠢᠱᠢᠶᠡᠯᠡᠨ ᠲᠣᠳᠣᠷᠬᠠᠶᠢᠯᠠᠭᠰᠠᠨ ᠨᠢ᠄ ᠨᠢᠭᠡᠨ ᠬᠤᠯᠢᠮᠠᠭ ᠦᠢᠯᠡᠰ ᠤᠨ ᠡᠵᠡᠩᠨᠡᠯᠲᠡ ᠶᠢᠨ ᠭᠠᠶᠢᠯᠢ | ᠲᠤᠰᠢᠶᠠᠭᠴᠢ 2022 ᠣᠨ ᠤ 7 ᠰᠠᠷ᠎ᠠ ᠳᠤ ᠦᠯᠡᠳᠡᠭᠡᠨ ᠲᠤᠯᠭᠠᠨ ᠪᠤᠴᠠᠭᠠᠬᠤ ᠭᠠᠶᠢᠯᠢ ᠪᠤᠴᠠᠭᠠᠬᠤ ᠪᠠᠷ | ᠭᠤᠶᠤᠴᠢᠯᠠᠵᠠᠢ᠂ ᠲᠡᠭᠦᠨ ᠤ ᠳᠡᠭᠡᠷ᠎ᠡ ᠨᠢᠭᠡ ᠨᠢᠭᠲᠠᠯᠠᠨ ᠪᠤᠳᠤᠬᠤ ᠣᠨ ︵2021 ᠣᠨ ᠤ 1 ᠰᠠᠷ᠎ᠠ ᠶᠢᠨ 1 ᠤ | ᠡᠳᠦᠷ ᠠᠴᠠ 2021 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ︶ ᠤ ᠥᠷᠲᠡᠭ ᠨᠡᠮᠡᠭᠳᠡᠯ ᠤᠨ ᠭᠠᠶᠢᠯᠢ ᠶᠢᠨ | ᠪᠣᠷᠣᠯᠠᠭᠤᠯᠤᠯᠲᠠ ᠶᠢᠨ ᠬᠡᠮᠵᠢᠶ᠎ᠡ ᠨᠢ 500 ᠲᠦᠮᠡᠨ ᠲᠥᠭᠦᠷᠢᠭ ᠪᠣᠯᠣᠨ᠎ᠠ᠂ ᠡᠭᠦᠨ ᠳᠤ᠂ ᠬᠠᠩᠭᠠᠭᠰᠠᠨ | ᠪᠠᠷᠢᠯᠭ᠎ᠠ ᠶᠢᠨ ᠦᠢᠯᠡᠴᠢᠯᠡᠭᠡᠨ ᠤ ᠪᠣᠷᠣᠯᠠᠭᠤᠯᠤᠯᠲᠠ ᠶᠢᠨ ᠬᠡᠮᠵᠢᠶ᠎ᠡ ᠨᠢ 200 ᠲᠦᠮᠡᠨ ᠲᠥᠭᠦᠷᠢᠭ᠂ ᠬᠠᠩᠭᠠᠭᠰᠠᠨ | ᠪᠠᠷᠢᠯᠭ᠎ᠠ ᠶᠢᠨ ᠲᠥᠬᠦᠭᠡᠷᠦᠮᠵᠢ ᠲᠦᠷᠢᠶᠡᠰᠦᠯᠡᠬᠦ ᠦᠢᠯᠡᠴᠢᠯᠡᠭᠡᠨ ᠤ ᠪᠣᠷᠣᠯᠠᠭᠤᠯᠤᠯᠲᠠ ᠶᠢᠨ ᠬᠡᠮᠵᠢᠶ᠎ᠡ ᠨᠢ 150 | ᠲᠦᠮᠡᠨ ᠲᠥᠭᠦᠷᠢᠭ᠂ ᠭᠠᠳᠠᠨ᠎ᠠ ᠠᠴᠠ ᠬᠤᠳᠠᠯᠳᠤᠨ ᠠᠪᠤᠭᠰᠠᠨ ᠪᠠ ᠪᠣᠷᠣᠯᠠᠭᠤᠯᠤᠭᠰᠠᠨ ᠪᠠᠷᠢᠯᠭ᠎ᠠ ᠶᠢᠨ ᠮᠠᠲ᠋ᠧᠷᠢᠶᠠᠯ | ᠵᠡᠷᠭᠡ ᠡᠳ᠋ ᠪᠠᠷᠠᠭᠠᠨ ᠤ ᠪᠣᠷᠣᠯᠠᠭᠤᠯᠤᠯᠲᠠ ᠶᠢᠨ ᠬᠡᠮᠵᠢᠶ᠎ᠡ ᠨᠢ 150 ᠲᠦᠮᠡᠨ ᠲᠥᠭᠦᠷᠢᠭ ᠪᠣᠯᠣᠨ᠎ᠠ᠃ᠲᠣᠰ ᠭᠠᠶᠢᠯᠢ | ᠲᠤᠰᠢᠶᠠᠭᠴᠢ ᠶᠢᠨ ︽ᠪᠠᠷᠢᠯᠭ᠎ᠠ ᠶᠢᠨ ᠦᠢᠯᠡᠰ︾ ᠤᠨ ᠬᠠᠷᠠᠭᠠᠯᠵᠠᠭᠰᠠᠨ ᠲᠤᠬᠠᠶᠢᠯᠠᠭᠰᠠᠨ ᠠᠵᠢᠯ ᠤᠨ ᠥᠷᠲᠡᠭ | ᠨᠡᠮᠡᠭᠳᠡᠯ ᠤᠨ ᠭᠠᠶᠢᠯᠢ ᠶᠢᠨ ᠪᠣᠷᠣᠯᠠᠭᠤᠯᠤᠯᠲᠠ ᠶᠢᠨ ᠡᠵᠡᠯᠡᠬᠦ ᠬᠠᠷᠢᠴᠠᠯ ᠨᠢ 40% ᠪᠣᠯᠣᠨ᠎ᠠ︔︽ᠲᠦᠷᠢᠶᠡᠰᠦᠯᠡᠬᠦ | ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ︾ ᠤᠨ ᠬᠠᠷᠠᠭᠠᠯᠵᠠᠭᠰᠠᠨ ᠲᠤᠬᠠᠶᠢᠯᠠᠭᠰᠠᠨ | ᠠᠵᠢᠯ ᠤᠨ ᠥᠷᠲᠡᠭ ᠨᠡᠮᠡᠭᠳᠡᠯ ᠤᠨ ᠭᠠᠶᠢᠯᠢ ᠶᠢᠨ ᠪᠣᠷᠣᠯᠠᠭᠤᠯᠤᠯᠲᠠ ᠶᠢᠨ ᠡᠵᠡᠯᠡᠬᠦ ᠬᠠᠷᠢᠴᠠᠯ ᠨᠢ 30% ᠪᠣᠯᠣᠨ᠎ᠠ︔ | ︽ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ︾ ᠲᠠᠢ ᠵᠣᠬᠢᠴᠠᠯᠳᠤᠭᠰᠠᠨ ᠲᠤᠬᠠᠶᠢᠯᠠᠭᠰᠠᠨ | ᠠᠵᠢᠯ ᠤᠨ ᠦᠷᠳᠡᠭ ᠨᠡᠮᠡᠭᠳᠡᠯ ᠤᠨ ᠭᠠᠶᠢᠯᠢ ᠶᠢᠨ ᠪᠣᠷᠣᠯᠠᠭᠤᠯᠤᠯᠲᠠ ᠶᠢᠨ ᠲᠤᠭ᠎ᠠ ᠶᠢᠨ ᠡᠵᠡᠯᠡᠬᠦ ᠬᠠᠷᠢᠴᠠᠯ ᠨᠢ | 30% ᠪᠣᠯᠣᠨ᠎ᠠ᠃ᠲᠡᠭᠦᠨ ᠤ ︽ᠪᠠᠷᠢᠯᠭ᠎ᠠ ᠶᠢᠨ ᠦᠢᠯᠡᠰ︾ ᠣᠨ ᠲᠣᠬᠢᠷᠠᠯᠴᠠᠬᠤ ᠲᠤᠬᠠᠶᠢᠯᠠᠭᠰᠠᠨ ᠠᠵᠢᠯ ᠣᠨ | ᠪᠣᠷᠣᠯᠠᠭᠤᠯᠤᠯᠲᠠ ᠶᠢᠨ ᠲᠤᠭ᠎ᠠ ᠶᠢᠨ ᠡᠵᠡᠯᠡᠬᠦ ᠬᠠᠷᠢᠴᠠᠯ ᠨᠢ ᠬᠠᠮᠤᠭ ᠣᠨ ᠥᠨᠳᠥᠷ ᠪᠣᠯᠬᠤᠷ᠂ ᠵᠢᠵᠢᠭ ᠪᠢᠴᠢᠯ | ᠠᠵᠤ ᠠᠬᠤᠶᠢᠯᠠᠯ ᠣᠨ ᠬᠡᠯᠪᠡᠷᠢ ᠬᠤᠪᠢᠶᠠᠬᠤ ᠪᠠᠷᠢᠮᠵᠢᠶ᠎ᠠ ᠶᠢ ᠬᠡᠷᠡᠭᠯᠡᠬᠦ ᠳᠡᠭᠡᠨ ︽ᠳᠤᠮᠳᠠ ᠵᠢᠵᠢᠭ ᠠᠵᠤ | ᠠᠬᠤᠶᠢᠯᠠᠯ ᠣᠨ ᠬᠡᠯᠪᠡᠷᠢ ᠬᠤᠪᠢᠶᠠᠬᠤ ᠪᠠᠷᠢᠮᠵᠢᠶ᠎ᠠ ᠶᠢᠨ ᠲᠣᠭᠲᠠᠭᠠᠯ︾ ︵ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠶᠠᠮᠤᠨ ᠬᠤᠯᠪᠣᠭᠠᠯᠠᠭᠰᠠᠨ ᠠᠵᠤ ᠠᠬᠤᠶᠢᠯᠠᠯ 〔2011〕 300 ᠳᠤᠭᠠᠷ ᠲᠣᠭᠠᠲᠤ︶ | ᠲᠤ ᠲᠣᠭᠲᠠᠭᠠᠭᠰᠠᠨ ᠪᠠᠷᠢᠯᠭ᠎ᠠ ᠶᠢᠨ ᠦᠢᠯᠡᠰ ᠣᠨ ᠬᠡᠯᠪᠡᠷᠢ ᠬᠤᠪᠢᠶᠠᠬᠤ ᠪᠠᠷᠢᠮᠵᠢᠶ᠎ᠠ ᠪᠠᠷ ᠲᠤᠰ ᠠᠵᠤ | ᠠᠬᠤᠶᠢᠯᠠᠯ ᠨᠢ ᠵᠢᠵᠢᠭ ᠪᠢᠴᠢᠯ ᠠᠵᠤ ᠠᠬᠤᠶᠢᠯᠠᠯ ᠮᠥᠨ ᠡᠰᠡᠬᠦ ᠶᠢ ᠮᠠᠭᠠᠳᠯᠠᠬᠤ ᠬᠡᠷᠡᠭᠲᠡᠢ᠃ | ᠠᠷᠪᠠ᠂ ᠦᠶᠯᠡᠳᠬᠦ ᠦᠢᠯᠡᠰ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠵᠡᠷᠭᠡ | ᠠᠵᠢᠯ ᠲᠥᠷᠥᠯ ᠤᠨ ᠭᠠᠶᠢᠯᠢ ᠲᠤᠰᠢᠶᠠᠭᠴᠢ ᠶᠢᠨ ᠦᠯᠡᠳᠡᠭᠡᠯ ᠭᠠᠶᠢᠯᠢ ᠶᠢᠨ ᠪᠤᠴᠠᠭᠠᠯᠲᠠ ᠪᠠ ᠨᠡᠮᠡᠭᠳᠡᠯ ᠤᠨ | ᠬᠡᠮᠵᠢᠶ᠎ᠡ ᠶᠢᠨ ᠦᠯᠡᠳᠡᠭᠡᠯ ᠭᠠᠶᠢᠯᠢ ᠶᠢᠨ ᠪᠤᠴᠠᠭᠠᠯᠲᠠ ᠶᠢ ᠭᠦᠢᠴᠡᠳᠬᠡᠬᠦ ᠪᠠᠷ ᠭᠤᠶᠤᠴᠢᠯᠠᠬᠤ ᠳᠤ᠂ ᠲᠠᠲᠠᠪᠤᠷᠢᠯᠠᠨ | ᠬᠠᠮᠢᠶᠠᠷᠬᠤ ᠲᠣᠭᠲᠠᠭᠠᠯ ᠤᠨ ᠲᠠᠯ᠎ᠠ ᠠᠴᠠ ᠦᠵᠡᠪᠡᠯ ᠶᠠᠮᠠᠷ ᠬᠤᠪᠢᠷᠠᠯᠲᠠ ᠲᠠᠢ ᠪᠣᠶ︖ | 21 ᠳ᠋ᠦᠭᠡᠷ ᠲᠣᠭᠠᠲᠤ ᠠᠯᠪᠠᠨ ᠵᠠᠷ ᠤᠨ ᠲᠣᠭᠲᠠᠭᠠᠯ ᠳᠤ ᠨᠡᠶᠢᠴᠡᠬᠦ ᠦᠶᠯᠡᠳᠬᠦ ᠦᠢᠯᠡᠰ᠂ ᠪᠥᠭᠡᠮ ᠢᠶᠠᠷ | ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠵᠡᠷᠭᠡ ᠠᠵᠢᠯ ᠲᠥᠷᠥᠯ ᠤᠨ ᠭᠠᠶᠢᠯᠢ ᠲᠤᠰᠢᠶᠠᠭᠴᠢ ᠨᠢ | ᠦᠯᠡᠳᠡᠭᠡᠯ ᠭᠠᠶᠢᠯᠢ ᠶᠢ ᠪᠤᠴᠠᠭᠠᠬᠤ ᠪᠠ ᠨᠡᠮᠡᠭᠳᠡᠯ ᠤᠨ ᠬᠡᠮᠵᠢᠶ᠎ᠡ ᠶᠢ ᠦᠯᠡᠳᠡᠭᠡᠯ ᠭᠠᠶᠢᠯᠢ ᠶᠢ ᠪᠤᠴᠠᠭᠠᠬᠤ ᠪᠠ | ᠨᠡᠮᠡᠭᠳᠡᠯ ᠤᠨ ᠬᠡᠮᠵᠢᠶ᠎ᠡ ᠶᠢ ᠦᠯᠡᠳᠡᠭᠡᠯ ᠭᠠᠶᠢᠯᠢ ᠶᠢ ᠪᠤᠴᠠᠭᠠᠬᠤ ᠶᠢ ᠭᠦᠢᠴᠡᠳᠬᠡᠬᠦ ᠪᠠᠷ ᠭᠤᠶᠤᠴᠢᠯᠠᠵᠤ᠂ | ᠦᠷᠭᠦᠯᠵᠢᠯᠡᠨ 20 ᠳ᠋ᠤᠭᠠᠷ ᠲᠣᠭᠠᠲᠤ ᠠᠯᠪᠠᠨ ᠵᠠᠷ ᠪᠠ 4 ᠳ᠋ᠦᠭᠡᠷ ᠲᠣᠭᠠᠲᠤ ᠠᠯᠪᠠᠨ ᠵᠠᠷ ᠵᠡᠷᠭᠡ ᠲᠣᠭᠲᠠᠭᠠᠯ | ᠶᠣᠰᠣᠭᠠᠷ ᠦᠯᠡᠳᠡᠭᠡᠯ ᠭᠠᠶᠢᠯᠢ ᠶᠢ ᠪᠤᠴᠠᠭᠠᠬᠤ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠢ ᠭᠦᠢᠴᠡᠳᠬᠡᠨ᠎ᠡ᠃ | ᠡᠭᠦᠨ ᠳᠤ᠂ ᠭᠠᠶᠢᠯᠢ ᠲᠤᠰᠢᠶᠠᠭᠴᠢ ᠶᠢᠨ ᠦᠯᠡᠳᠡᠭᠡᠯ ᠭᠠᠶᠢᠯᠢ ᠶᠢ ᠦᠯᠡᠳᠡᠭᠡᠬᠦ ᠪᠠ ᠲᠤᠯᠭᠠᠨ ᠪᠤᠴᠠᠭᠠᠬᠤ ᠭᠠᠷᠳᠠᠮ | ᠭᠦᠢᠴᠡᠳᠬᠡᠬᠦ ᠨᠢ ᠨᠡᠮᠡᠭᠳᠡᠯ ᠤᠨ ᠬᠡᠮᠵᠢᠶᠡᠨ ᠤ ᠦᠯᠡᠳᠡᠭᠡᠯ ᠭᠠᠶᠢᠯᠢ ᠶᠢ ᠪᠤᠴᠠᠭᠠᠬᠤ ᠭᠠᠷᠳᠠᠮ ᠭᠦᠢᠴᠡᠳᠬᠡᠬᠦ | ᠬᠤᠯᠪᠣᠭᠳᠠᠯ ᠪᠦᠬᠦᠢ ᠲᠠᠲᠠᠪᠤᠷᠢᠯᠠᠨ ᠬᠠᠮᠢᠶᠠᠷᠬᠤ ᠲᠣᠭᠲᠠᠭᠠᠯ ᠲᠠᠢ ᠨᠢᠭᠡᠳᠦᠯᠲᠡᠢ ᠪᠠᠶᠢᠳᠠᠭ᠃ | ᠠᠷᠪᠠᠨ ᠨᠢᠭᠡ᠂ ᠦᠶᠯᠡᠳᠬᠦ ᠦᠢᠯᠡᠰ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ | ᠵᠡᠷᠭᠡ ᠠᠵᠢᠯ ᠲᠥᠷᠥᠯ ᠤᠨ ᠭᠠᠶᠢᠯᠢ ᠲᠤᠰᠢᠶᠠᠭᠴᠢ ᠳᠤ 21 ᠳ᠋ᠦᠭᠡᠷ ᠲᠣᠭᠠᠲᠤ ᠠᠯᠪᠠᠨ ᠵᠠᠷ ᠲᠤ ᠲᠣᠭᠲᠠᠭᠠᠭᠰᠠᠨ | ᠦᠯᠡᠳᠡᠭᠡᠨ ᠲᠤᠯᠭᠠᠨ ᠪᠤᠴᠠᠭᠠᠬᠤ ᠭᠠᠶᠢᠯᠢ ᠶᠢᠨ ᠲᠥᠷᠥ ᠶᠢᠨ ᠪᠣᠳᠣᠯᠭ᠎ᠠ ᠶᠢ ᠬᠡᠷᠡᠭᠯᠡᠬᠦ ᠳᠤ᠂ ᠭᠠᠶᠢᠯᠢ ᠪᠤᠴᠠᠭᠠᠬᠤ ᠪᠠᠷ | ᠭᠤᠶᠤᠴᠢᠯᠠᠬᠤ ᠶᠠᠮᠠᠷ ᠮᠠᠲ᠋ᠧᠷᠢᠶᠠᠯ ᠢ ᠲᠤᠰᠢᠶᠠᠬᠤ ᠴᠢᠬᠤᠯᠠᠲᠠᠢ ᠪᠣᠶ︖ | ᠦᠶᠯᠡᠳᠬᠦ ᠦᠢᠯᠡᠰ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠵᠡᠷᠭᠡ ᠠᠵᠢᠯ | ᠲᠥᠷᠥᠯ ᠤᠨ ᠭᠠᠶᠢᠯᠢ ᠲᠤᠰᠢᠶᠠᠭᠴᠢ ᠳᠤ 21 ᠳ᠋ᠦᠭᠡᠷ ᠲᠣᠭᠠᠲᠤ ᠠᠯᠪᠠᠨ ᠵᠠᠷ ᠲᠤ ᠲᠣᠭᠲᠠᠭᠠᠭᠰᠠᠨ ᠦᠯᠡᠳᠡᠭᠡᠨ | ᠲᠤᠯᠭᠠᠨ ᠪᠤᠴᠠᠭᠠᠬᠤ ᠭᠠᠶᠢᠯᠢ ᠶᠢᠨ ᠲᠥᠷᠥ ᠶᠢᠨ ᠪᠣᠳᠣᠯᠭ᠎ᠠ ᠶᠢ ᠬᠡᠷᠡᠭᠯᠡᠨ᠎ᠡ᠂ ᠦᠯᠡᠳᠡᠭᠡᠨ ᠲᠤᠯᠭᠠᠨ ᠪᠤᠴᠠᠭᠠᠬᠤ | ᠭᠠᠶᠢᠯᠢ ᠶᠢ ᠭᠦᠢᠴᠡᠳᠬᠡᠬᠦ ᠪᠠᠷ ᠭᠤᠶᠤᠴᠢᠯᠠᠬᠤ ᠦᠶ᠎ᠡ ᠳᠤ ᠲᠤᠰᠢᠶᠠᠭᠰᠠᠨ ᠭᠠᠶᠢᠯᠢ ᠪᠤᠴᠠᠭᠠᠬᠤ ᠭᠤᠶᠤᠴᠢᠯᠠᠯ ᠤᠨ | ᠮᠠᠲ᠋ᠧᠷᠢᠶᠠᠯ ᠳᠤ ᠬᠤᠪᠢᠷᠠᠯᠲᠠ ᠦᠭᠡᠢ᠂ ᠵᠥᠪᠬᠡᠨ ᠨᠢᠭᠡ ᠯᠡ ᠬᠤᠪᠢ ︽ᠭᠠᠶᠢᠯᠢ ᠪᠤᠴᠠᠭᠠᠬᠤ ︵ᠲᠤᠯᠭᠠᠨ ᠪᠤᠴᠠᠭᠠᠬᠤ | ︶ ᠭᠤᠶᠤᠴᠢᠯᠠᠯ ᠤᠨ ᠬᠦᠰᠦᠨᠦᠭᠲᠦ︾ ᠲᠤᠰᠢᠶᠠᠬᠤ ᠬᠡᠷᠡᠭᠲᠡᠢ᠃ᠲᠣᠳᠣᠷᠬᠠᠶᠢᠯᠠᠬᠤ ᠴᠢᠬᠤᠯᠠᠲᠠᠢ ᠵᠦᠢᠯ ᠭᠡᠪᠡᠯ᠂ ︽ | ᠭᠠᠶᠢᠯᠢ ᠪᠤᠴᠠᠭᠠᠬᠤ ︵ᠲᠤᠯᠭᠠᠬᠤ︶ ᠭᠤᠶᠤᠴᠢᠯᠠᠯ ᠤᠨ ᠬᠦᠰᠦᠨᠦᠭᠲᠦ︾ ᠶᠢ ᠡᠯᠧᠺᠲᠷᠣᠨ ᠭᠠᠶᠢᠯᠢ ᠶᠢᠨ | ᠶᠠᠪᠤᠳᠠᠯ ᠤᠨ ᠲᠣᠪᠴᠢᠶ᠎ᠠ ᠪᠠᠷ ᠳᠠᠮᠵᠢᠭᠤᠯᠤᠨ ᠰᠦᠯᠵᠢᠶᠡᠨ ᠳᠡᠭᠡᠷ᠎ᠡ ᠲᠤᠰᠢᠶᠠᠵᠤ ᠪᠣᠯᠣᠨ᠎ᠠ᠂ ᠪᠠᠰᠠ ᠭᠠᠶᠢᠯᠢ | ᠭᠦᠢᠴᠡᠳᠬᠡᠬᠦ ᠦᠢᠯᠡᠴᠢᠯᠡᠭᠡᠨ ᠤ ᠲᠢᠩᠬᠢᠮ ᠢᠶᠠᠷ ᠳᠠᠮᠵᠢᠭᠤᠯᠤᠨ ᠰᠦᠯᠵᠢᠶᠡᠨ ᠭᠠᠳᠠᠨ᠎ᠠ ᠲᠤᠰᠢᠶᠠᠵᠤ ᠪᠣᠯᠣᠨ᠎ᠠ᠃ᠲᠣᠰ | ᠤᠳᠠᠭ᠎ᠠ ᠶᠢᠨ ᠨᠡᠶᠢᠲᠡᠯᠡᠭᠰᠡᠨ ᠭᠠᠶᠢᠯᠢ ᠦᠯᠡᠳᠡᠭᠡᠬᠦ ᠪᠠ ᠲᠤᠯᠭᠠᠨ ᠪᠤᠴᠠᠭᠠᠬᠤ ᠲᠥᠷᠥ ᠶᠢᠨ ᠪᠣᠳᠣᠯᠭ᠎ᠠ ᠶᠢᠨ | ᠲᠣᠭᠲᠠᠭᠠᠯ ᠲᠠᠢ ᠤᠶᠠᠯᠳᠤᠭᠤᠯᠤᠨ᠂ ᠤᠤᠯ ᠤᠨ ︽ᠭᠠᠶᠢᠯᠢ ᠪᠤᠴᠠᠭᠠᠬᠤ ︵ᠲᠤᠯᠭᠠᠨ ᠪᠤᠴᠠᠭᠠᠬᠤ︶ ᠭᠤᠶᠤᠴᠢᠯᠠᠯ ᠤᠨ | ᠬᠦᠰᠦᠨᠦᠭᠲᠦ︾ ᠳᠠᠬᠢ ᠬᠡᠰᠡᠭ ᠲᠠᠭᠯᠠᠨ ᠮᠡᠳᠡᠭᠦᠯᠬᠦ ᠠᠭᠤᠯᠭ᠎ᠠ ᠳᠤ ᠵᠣᠬᠢᠴᠠᠩᠭᠤᠢ ᠲᠣᠬᠢᠷᠠᠭᠤᠯᠤᠯᠲᠠ ᠬᠢᠵᠦ᠂ | ᠭᠠᠶᠢᠯᠢ ᠲᠤᠰᠢᠶᠠᠭᠴᠢ ᠦᠯᠡᠳᠡᠭᠡᠨ ᠲᠤᠯᠭᠠᠨ ᠪᠤᠴᠠᠭᠠᠬᠤ ᠭᠠᠶᠢᠯᠢ ᠪᠤᠴᠠᠭᠠᠬᠤ ᠪᠠᠷ ᠭᠤᠶᠤᠴᠢᠯᠠᠬᠤ ᠦᠶ᠎ᠡ ᠳᠤ᠂ | ᠲᠡᠭᠦᠨ ᠤ ᠬᠡᠷᠡᠭᠯᠡᠬᠦ ᠪᠣᠳᠠᠲᠠᠢ ᠲᠥᠷᠥ ᠶᠢᠨ ᠪᠣᠳᠣᠯᠭ᠎ᠠ ᠪᠠ ᠪᠣᠳᠠᠲᠠᠢ ᠦᠢᠯᠡᠳᠪᠦᠷᠢᠯᠡᠯ ᠡᠵᠡᠩᠨᠡᠯᠲᠡ ᠵᠡᠷᠭᠡ | ᠪᠠᠶᠢᠳᠠᠯ ᠲᠠᠢ ᠪᠠᠨ ᠤᠶᠠᠯᠳᠤᠭᠤᠯᠤᠨ ᠲᠠᠭᠯᠠᠨ ᠮᠡᠳᠡᠭᠦᠯᠵᠦ ᠪᠣᠯᠣᠨ᠎ᠠ᠃ | ᠠᠷᠪᠠᠨ ᠬᠤᠶᠠᠷ᠂ ᠲᠣᠰ ᠤᠳᠠᠭᠠᠨ ᠤ ︽ᠭᠠᠶᠢᠯᠢ ᠪᠤᠴᠠᠭᠠᠬᠤ ︵ᠲᠤᠯᠭᠠᠬᠤ︶ ᠭᠤᠶᠤᠴᠢᠯᠠᠯ ᠤᠨ | ᠬᠦᠰᠦᠨᠦᠭᠲᠦ︾ ᠳᠤ ᠶᠠᠮᠠᠷ ᠶᠠᠮᠠᠷ ᠲᠣᠬᠢᠷᠠᠭᠤᠯᠤᠯᠲᠠ ᠬᠤᠪᠢᠷᠠᠯᠲᠠ ᠲᠠᠢ ᠪᠣᠶ︖ | 21 ᠳ᠋ᠦᠭᠡᠷ ᠲᠣᠭᠠᠲᠤ ᠠᠯᠪᠠᠨ ᠵᠠᠷ ᠲᠤ ᠲᠣᠭᠲᠠᠭᠠᠭᠰᠠᠨ ᠠᠵᠢᠯ ᠲᠥᠷᠥᠯ ᠤᠨ ᠴᠢᠨᠠᠷᠲᠠᠢ ᠦᠯᠡᠳᠡᠭᠡᠨ | ᠲᠤᠯᠭᠠᠨ ᠪᠤᠴᠠᠭᠠᠬᠤ ᠭᠠᠶᠢᠯᠢ ᠶᠢᠨ ᠲᠥᠷᠥ ᠶᠢᠨ ᠪᠣᠳᠣᠯᠭ᠎ᠠ ᠶᠢᠨ ᠠᠭᠤᠯᠭ᠎ᠠ ᠲᠠᠢ ᠤᠶᠠᠯᠳᠤᠭᠤᠯᠤᠨ᠂ ︽ᠭᠠᠶᠢᠯᠢ | ᠪᠤᠴᠠᠭᠠᠬᠤ ︵ᠲᠤᠯᠭᠠᠨ ᠪᠤᠴᠠᠭᠠᠬᠤ︶ ᠭᠤᠶᠤᠴᠢᠯᠠᠯ ᠤᠨ ᠬᠦᠰᠦᠨᠦᠭᠲᠦ︾ ᠳᠤ ᠪᠢᠴᠢᠭ ᠮᠠᠲ᠋ᠧᠷᠢᠶᠠᠯ ᠤᠨ | ᠦᠨᠳᠦᠰᠦᠯᠡᠯ᠂ ᠠᠵᠢᠯ ᠲᠥᠷᠥᠯ ᠤᠨ ᠬᠦᠷᠢᠶ᠎ᠡ ᠬᠡᠪᠴᠢᠶ᠎ᠡ ᠵᠡᠷᠭᠡ ᠪᠤᠯᠤᠩ ᠢ ᠵᠣᠬᠢᠴᠠᠩᠭᠤᠢ ᠪᠠᠷ ᠨᠥᠬᠦᠪᠦᠷᠢᠯᠡᠪᠡ᠃ | ᠪᠣᠳᠠᠲᠠᠢ ᠵᠠᠰᠠᠪᠤᠷᠢ ᠣᠷᠣᠭᠤᠯᠬᠤ ᠠᠭᠤᠯᠭ᠎ᠠ ᠳᠤ ᠪᠠᠭᠲᠠᠬᠤ ᠨᠢ᠄ | ᠨᠢᠭᠡ ᠳᠤ ︽ᠦᠯᠡᠳᠡᠭᠡᠨ ᠲᠤᠯᠭᠠᠵᠤ ᠪᠤᠴᠠᠭᠠᠬᠤ ᠭᠤᠶᠤᠴᠢᠯᠠᠯ ᠤᠨ ᠪᠢᠴᠢᠭ ᠮᠠᠲ᠋ᠧᠷᠢᠶᠠᠯ ᠤᠨ ᠦᠨᠳᠦᠰᠦᠯᠡᠯ︾ | ᠳᠤ ︽ᠦᠷᠳᠡᠭ ᠨᠡᠮᠡᠭᠳᠡᠯ ᠤᠨ ᠭᠠᠶᠢᠯᠢ ᠶᠢᠨ ᠦᠯᠡᠳᠡᠭᠡᠨ ᠲᠤᠯᠭᠠᠵᠤ ᠪᠤᠴᠠᠭᠠᠬᠤ ᠭᠠᠶᠢᠯᠢ ᠶᠢᠨ ᠲᠤᠭ᠎ᠠ ᠶᠢ ᠪᠦᠬᠦ | ᠲᠤᠭ᠎ᠠ ᠪᠠᠷ ᠪᠤᠴᠠᠭᠠᠬᠤ ᠲᠦᠷᠦ ᠶᠢᠨ ᠪᠣᠳᠣᠯᠭ᠎ᠠ ᠶᠢᠨ ᠠᠵᠢᠯ ᠲᠦᠷᠦᠯ ᠤᠨ ᠬᠡᠪᠴᠢᠶ᠎ᠡ ᠶᠢ ᠥᠷᠭᠡᠳᠬᠡᠬᠦ ᠲᠤᠬᠠᠢ | ᠡᠳ᠋ ᠤᠨ ᠵᠠᠰᠠᠭ ᠤᠨ ᠶᠠᠮᠤᠨ ᠤ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠠᠯᠪᠠᠨ ᠵᠠᠷ︾ ︵ᠡᠳ᠋ ᠤᠨ | ᠵᠠᠰᠠᠭ ᠤᠨ ᠶᠠᠮᠤᠨ ᠤ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠠᠯᠪᠠᠨ ᠵᠠᠷ2022 ᠣᠨ ᠤ 21 | ᠳ᠋ᠦᠭᠡᠷ ᠲᠣᠭᠠᠲᠤ︶︾ ᠭᠡᠵᠦ ᠨᠡᠮᠡᠪᠡ᠃ | ᠬᠤᠶᠠᠷ ᠲᠤ ︽ᠭᠠᠶᠢᠯᠢ ᠪᠤᠴᠠᠭᠠᠬᠤ ᠠᠵᠤ ᠠᠬᠤᠶᠢᠯᠠᠯ ᠤᠨ ᠲᠦᠷᠦᠯ ᠬᠡᠯᠪᠡᠷᠢ︾ ᠶᠢᠨ ︽ᠣᠨᠴᠠ | ᠲᠣᠭᠲᠠᠭᠠᠭᠰᠠᠨ ᠠᠵᠢᠯ ᠲᠦᠷᠦᠯ︾ ᠳᠤ ︽ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ︾᠂ | ︽ᠲᠠᠷᠢᠶᠠᠯᠠᠩ᠂ ᠤᠢ ᠰᠢᠭᠤᠢ᠂ ᠮᠠᠯ ᠠᠵᠤ ᠠᠬᠤᠢ᠂ ᠵᠢᠭᠠᠰᠤᠨ ᠠᠵᠤ ᠠᠬᠤᠢ︾᠂ ︽ᠬᠤᠨᠤᠭ ᠪᠠᠭᠤᠳᠠᠯ ᠪᠠ ᠢᠳᠡᠭᠡᠨ | ᠤᠮᠳᠠᠭᠠᠨ ᠤ ᠦᠢᠯᠡᠰ︾᠂ ︽ᠰᠠᠭᠤᠭᠠᠯᠢ ᠠᠷᠠᠳ ᠤᠨ ᠦᠢᠯᠡᠴᠢᠯᠡᠭᠡ᠂ ᠰᠡᠯᠪᠢᠨ ᠵᠠᠰᠠᠯᠲᠠ ᠪᠠ ᠪᠤᠰᠤᠳ | ᠦᠢᠯᠡᠴᠢᠯᠡᠭᠡᠨ ᠤ ᠦᠢᠯᠡᠰ︾᠂ ︽ᠰᠤᠷᠭᠠᠨ ᠬᠥᠮᠦᠵᠢᠯ︾᠂ ︽ᠡᠷᠡᠭᠦᠯ ᠬᠠᠮᠠᠭᠠᠯᠠᠯ ᠪᠠ ᠨᠡᠶᠢᠭᠡᠮ ᠤᠨ ᠠᠵᠢᠯ︾᠂ ︽ᠰᠣᠶᠣᠯ᠂ | ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠦᠢᠯᠡᠰ︾ ᠵᠡᠷᠭᠡ 7 ᠠᠵᠢᠯ ᠲᠦᠷᠦᠯ ᠤᠨ ᠰᠣᠩᠭᠤᠯᠲᠠ ᠶᠢ ᠨᠡᠮᠡᠪᠡ᠃ | ᠭᠤᠷᠪᠠ ᠳᠤ ︽ᠦᠯᠡᠳᠡᠭᠡᠵᠦ ᠲᠤᠯᠭᠠᠨ ᠪᠤᠴᠠᠭᠠᠯᠭᠠᠬᠤ ᠭᠠᠶᠢᠯᠢ ᠶᠢ ᠪᠤᠴᠠᠭᠠᠬᠤ ᠭᠤᠶᠤᠴᠢᠯᠠᠯ ᠤᠨ ᠲᠦᠷᠦᠯ | ᠬᠡᠯᠪᠡᠷᠢ︾ ᠳᠠᠬᠢ ︽ᠣᠨᠴᠠ ᠲᠣᠭᠲᠠᠭᠠᠭᠰᠠᠨ ᠠᠵᠢᠯ ᠲᠦᠷᠦᠯ︾ ᠲᠠᠢ ᠵᠣᠬᠢᠴᠠᠯᠳᠤᠭᠰᠠᠨ ᠦᠷᠳᠡᠭ ᠨᠡᠮᠡᠭᠳᠡᠯ ᠤᠨ | ᠭᠠᠶᠢᠯᠢ ᠶᠢᠨ ᠪᠣᠷᠣᠯᠠᠭᠤᠯᠤᠯᠲᠠ ᠶᠢᠨ ᠲᠣᠭᠠᠨ ᠤ ᠡᠵᠡᠯᠡᠬᠦ ᠬᠠᠷᠢᠴᠠᠯ ᠢ ᠪᠤᠳᠤᠬᠤ ᠲᠣᠮᠢᠶ᠎ᠠ ᠳᠤ ᠪᠠᠰᠠ ᠪᠥᠭᠡᠮ ᠢᠶᠠᠷ | ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠵᠡᠷᠭᠡ 7 ᠠᠵᠢᠯ ᠲᠦᠷᠦᠯ ᠤᠨ ᠦᠷᠳᠡᠭ ᠨᠡᠮᠡᠭᠳᠡᠯ ᠤᠨ | ᠭᠠᠶᠢᠯᠢ ᠶᠢᠨ ᠪᠣᠷᠣᠯᠠᠭᠤᠯᠤᠯᠲᠠ ᠶᠢᠨ ᠲᠣᠭᠠᠨ ᠤ ᠲᠤᠬᠠᠢ ᠥᠭᠦᠯᠡᠯᠲᠡ ᠶᠢ ᠵᠣᠬᠢᠴᠠᠩᠭᠤᠢ ᠪᠠᠷ ᠨᠡᠮᠡᠪᠡ᠃ | | |