ᠳ᠋ᠦᠩ ᠾᠧ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ 5 ᠪᠦᠯᠦᠭ ᠤᠳᠠᠭ᠎ᠠ ᠶᠢᠨ ᠬᠢᠷᠢ ᠲᠡᠩᠴᠡᠭᠰᠡᠨ ᠢᠳᠡᠭᠡᠨ ᠢ ᠰᠤᠭᠤᠴᠢᠨ ᠪᠠᠶᠢᠴᠠᠭᠠᠭᠰᠠᠨ ᠪᠠᠶᠢᠳᠠᠯ ᠤᠨ ᠲᠤᠬᠠᠢ ᠵᠠᠷᠯᠠᠯ
ᠨᠡᠶᠢᠲᠡᠯᠡᠭᠰᠡᠨ ᠴᠠᠭ᠄
2022/11/18
ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠬᠢᠨᠠᠨ ᠪᠠᠶᠢᠴᠠᠭᠠᠬᠤ ᠵᠠᠷ 〔2022〕 44 ᠳ᠋ᠦᠭᠡᠷ ᠲᠣᠭᠠᠲᠤ      ᠳ᠋ᠦᠩ ᠾᠧ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠰᠤᠭᠤᠴᠢᠨ ᠪᠠᠶᠢᠴᠠᠭᠠᠬᠤ ᠲᠤᠬᠠᠢ      5 ᠪᠦᠯᠦᠭ ᠤᠳᠠᠭ᠎ᠠ ᠶᠢᠨ ᠬᠢᠷᠢ ᠲᠡᠩᠴᠡᠭᠰᠡᠨ ᠢᠳᠡᠭᠡᠨ ᠤ ᠪᠠᠶᠢᠳᠠᠯ ᠤᠨ ᠲᠤᠬᠠᠢ ᠵᠠᠷᠯᠠᠯ            ᠣᠶᠢᠷ᠎ᠠ ᠳᠤ᠂ ᠳ᠋ᠦᠩ ᠾᠧ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠩ ᠤᠨ ᠢᠳᠡᠭᠡᠨ ᠢ 5 ᠪᠦᠯᠦᠭ ᠤᠳᠠᠭ᠎ᠠ ᠰᠤᠭᠤᠴᠢᠨ ᠪᠠᠶᠢᠴᠠᠭᠠᠪᠠ᠃ᠰᠤᠭᠤᠯᠤᠨ ᠪᠠᠶᠢᠴᠠᠭᠠᠬᠤ ᠳᠤ ᠠᠮᠲᠠ ᠣᠷᠣᠭᠤᠯᠬᠤ ᠡᠳ᠋᠂ ᠮᠢᠬᠠᠨ ᠢᠳᠡᠭᠡᠨ ᠭᠡᠬᠦ ᠬᠤᠶᠠᠷ ᠲᠥᠷᠥᠯ ᠪᠤᠶ᠃ᠭᠤᠣᠯ ᠪᠠᠶᠢᠴᠠᠭᠠᠨ ᠬᠡᠮᠵᠢᠯᠲᠡ᠄ ᠴᠠᠭᠠᠷᠢᠭ ᠡᠾᠧᠺᠰᠢᠯ ᠠᠮᠢᠨᠤ᠋ ᠬᠥᠬᠦᠷᠤᠨ ᠬᠦᠴᠢᠯ ᠤᠨ ᠬᠡᠮᠵᠢᠭᠦᠷ ᠰᠢᠪᠲᠦᠷᠲᠦ ᠬᠦᠴᠢᠯ ᠤᠨ ᠲᠥᠯᠥᠪᠲᠦ ᠠᠽᠣᠲ᠃ ᠪᠧᠨ᠋ᠽᠧᠨ ᠮᠧᠲ᠋ᠠ ᠬᠦᠴᠢᠯ ᠵᠢᠴᠢ ᠨᠠᠲᠷᠢ ᠶᠢᠨ ᠳᠠᠪᠤᠰᠤ ︵ᠪᠧᠨ᠋ᠽᠧᠨ ᠮᠧᠲ᠋ᠠ ᠬᠦᠴᠢᠯ ᠤᠨ ᠬᠡᠮᠵᠢᠭᠦᠷ︶᠂ ᠵᠡᠷᠯᠢᠭ ᠠᠯᠢᠮ᠎ᠠ ᠶᠢᠨ ᠬᠦᠴᠢᠯ ᠵᠢᠴᠢ ᠺᠠᠯᠢ ᠶᠢᠨ ᠳᠠᠪᠤᠰᠤ ︵ᠵᠡᠷᠯᠢᠭ ᠠᠯᠢᠮ᠎ᠠ ᠶᠢᠨ ᠬᠦᠴᠢᠯ ᠤᠨ ᠬᠡᠮᠵᠢᠭᠦᠷ︶᠂ ᠤᠰᠤᠲᠥ᠋ᠷᠥᠭᠴᠢ ᠠᠯᠲᠠᠮᠠᠯ ᠡᠲ᠋ᠠ ᠬᠦᠴᠢᠯ ᠵᠢᠴᠢ ᠨᠠᠲᠷᠢ ᠶᠢᠨ ᠳᠠᠪᠤᠰᠤ ︵ᠤᠰᠤᠲᠥ᠋ᠷᠥᠭᠴᠢ ᠠᠯᠲᠠᠮᠠᠯ ᠡᠲ᠋ᠠ ᠬᠦᠴᠢᠯ ᠤᠨ ᠬᠡᠮᠵᠢᠭᠦᠷ︶᠂ ᠰᠢᠬᠢᠷ ᠤᠨ ᠤᠭᠢ ᠨᠠᠲᠷᠢ ︵ᠰᠢᠬᠢᠷ ᠤᠨ ᠤᠭᠢ ᠶᠢᠨ ᠬᠡᠮᠵᠢᠭᠦᠷ︶᠂ ᠪᠠᠺᠲ᠋ᠧᠷᠢ ᠶᠢᠨ ᠪᠥᠭᠡᠮᠨᠡᠷᠡᠯ ᠤᠨ ᠶᠡᠷᠦᠩᠬᠡᠢ ᠲᠤᠭ᠎ᠠ᠂ ᠪᠦᠳᠦᠭᠦᠨ ᠭᠡᠳᠡᠰᠦᠨ ᠤ ᠪᠠᠺᠲ᠋ᠧᠷᠢ ᠶᠢᠨ ᠪᠥᠭᠡᠮᠨᠡᠷᠡᠯ᠂ ᠶᠡᠷᠦᠩᠬᠡᠢ ᠬᠦᠴᠢᠯ ︵ᠡᠲ᠋ᠠ ᠬᠦᠴᠢᠯ ᠤᠨ ᠬᠡᠮᠵᠢᠭᠦᠷ︶᠂ ᠶᠡᠷᠦᠩᠬᠡᠢ ᠮᠥᠩᠭᠦᠨ ᠤᠰᠤ ︵Hg ᠬᠡᠮᠵᠢᠭᠦᠷ︶᠂ ᠪᠡᠷᠢ ︵Ba ᠬᠡᠮᠵᠢᠭᠦᠷ︶᠂ ᠬᠠᠷ᠎ᠠ ᠲᠤᠭᠤᠯᠭ᠎ᠠ ︵As ᠬᠡᠮᠵᠢᠭᠦᠷ︶᠂ ᠳᠤᠲᠠᠭᠤ ᠲᠡᠮᠦᠷ ᠼᠢᠶ᠋ᠠᠨᠲᠤ ᠺᠠᠯᠢ ︵ᠳᠤᠲᠠᠭᠤ ᠲᠡᠮᠦᠷ ᠼᠢᠶ᠋ᠠᠨᠲᠤ ᠢᠵᠠᠭᠤᠷ ᠤᠨ ᠬᠡᠮᠵᠢᠭᠦᠷ︶᠂ ᠾᠷᠣᠮ ︵Cr ᠬᠡᠮᠵᠢᠭᠦᠷ︶᠂ ᠡᠩᠭᠡᠰᠬᠡᠨ ᠤᠯᠠᠭᠠᠨ ᠵᠡᠷᠭᠡ 17 ᠭᠦᠢᠴᠡᠳᠬᠡᠬᠦ ᠲᠤᠭ᠎ᠠ᠃ ᠨᠡᠶᠢᠲᠡ 5 ᠪᠦᠯᠦᠭ ᠤᠳᠠᠭ᠎ᠠ ᠶᠢ ᠰᠤᠭᠤᠴᠢᠨ ᠪᠠᠶᠢᠴᠠᠭᠠᠵᠤ᠂ 5 ᠪᠦᠯᠦᠭ ᠤᠳᠠᠭ᠎ᠠ ᠳᠤ ᠬᠢᠷᠢ ᠲᠡᠩᠴᠡᠵᠦ᠂ 0 ᠪᠦᠯᠦᠭ ᠤᠳᠠᠭ᠎ᠠ ᠳᠤ ᠬᠢᠷᠢ ᠲᠡᠩᠴᠡᠭᠰᠡᠨ ᠦᠭᠡᠢ᠂ ᠬᠢᠷᠢ ᠲᠡᠩᠴᠡᠭᠰᠡᠨ ᠨᠣᠷᠮ᠎ᠠ ᠨᠢ 100% ᠪᠠᠶᠢᠵᠤ᠂ 5 ᠢᠳᠡᠭᠡᠨ ᠤ ᠵᠦᠢᠯ ᠤᠨ ᠦᠢᠯᠡᠳᠪᠦᠷᠢᠯᠡᠯ ᠤᠨ ᠠᠵᠤ ᠠᠬᠤᠶᠢᠯᠠᠯ ᠪᠠ 1 ᠢᠳᠡᠭᠡᠨ ᠤ ᠵᠦᠢᠯ ᠤᠨ ᠡᠵᠡᠩᠨᠡᠯᠲᠡ ᠶᠢᠨ ᠨᠢᠭᠡᠴᠡ ᠳᠤ ᠬᠤᠯᠪᠣᠭᠳᠠᠨ᠎ᠠ᠃      ᠡᠭᠦᠨ ᠤ ᠲᠤᠯᠠ ᠣᠨᠴᠠᠭᠠᠶᠢᠯᠠᠨ ᠵᠠᠷᠯᠠᠪᠠ      ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ        2022 ᠣᠨ ᠤ  9ᠰᠠᠷ᠎ᠠ ᠶᠢᠨ 15 ᠤ ᠡᠳᠦᠷ
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1