ᠳ᠋ᠦᠩ ᠾᠧ ᠲᠣᠭᠤᠷᠢᠭ ᠤᠨ ᠠᠷᠠᠳ ᠤᠨ ᠶᠠᠪᠤᠳᠠᠯ ᠤᠨ ᠬᠦᠷᠢᠶᠡᠨ ᠳᠠᠬᠢ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠮᠡᠳᠡᠭᠡ ᠵᠠᠩᠭᠢ ᠶᠢᠨ ᠲᠤᠰᠬᠠᠢ ᠮᠡᠳᠡᠭᠦᠯᠦᠯᠲᠡ | 2022 ᠣᠨ ᠤ 2 ᠰᠠᠷ᠎ᠠ ᠶᠢᠨ 10 ᠤ ᠡᠳᠦᠷ᠂ ᠳ᠋ᠦᠩ ᠾᠧ ᠲᠣᠭᠤᠷᠢᠭ ᠤᠨ ᠠᠷᠠᠳ ᠤᠨ ᠶᠠᠪᠤᠳᠠᠯ ᠤᠨ | ᠲᠣᠪᠴᠢᠶ᠎ᠠ ᠠᠴᠠ ᠪᠠᠷᠠᠭᠤᠨ ᠣᠷᠣᠨ ᠢ ᠲᠣᠭᠤᠷᠢᠭᠰᠠᠨ ᠨᠠᠰᠤᠲᠠᠶᠢᠴᠤᠳ ᠤᠨ ᠨᠡᠶᠢᠲᠡ ᠶᠢᠨ ᠰᠠᠭᠤᠴᠠ ᠵᠡᠷᠭᠡ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ | ᠪᠠᠶᠢᠴᠠᠭᠠᠯᠲᠠ ᠬᠢᠵᠡᠢ᠃ᠪᠠᠶᠢᠴᠠᠭᠠᠬᠤ ᠳᠤᠭᠤᠶᠢᠯᠠᠩ ᠤᠨ ᠬᠢᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ | ᠳᠣᠲᠣᠭᠠᠳᠤ ᠶᠢᠨ ᠬᠠᠮᠢᠶᠠᠷᠤᠯᠲᠠ ᠡᠵᠡᠮᠳᠡᠯ᠂ ᠪᠡᠶ᠎ᠡ ᠶᠢᠨ ᠳᠤᠯᠠᠭᠠᠨ ᠤ ᠳᠠᠩᠰᠠᠯᠠᠯᠲᠠ᠂ ᠡᠳ᠋ ᠪᠣᠳᠠᠰ ᠤᠨ | ᠠᠷᠢᠭᠤᠳᠬᠠᠯ ᠤᠨ ᠲᠡᠮᠳᠡᠭᠯᠡᠯ ᠵᠡᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠨᠠᠷᠢᠨ ᠪᠠᠶᠢᠴᠠᠭᠠᠯᠲᠠ ᠬᠢᠵᠦ᠂ ᠡᠯ᠎ᠡ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ ᠠᠷᠠᠳ ᠤᠨ ᠶᠠᠪᠤᠳᠠᠯ ᠤᠨ ᠬᠦᠷᠢᠶᠡᠨ ᠳᠠᠬᠢ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠨᠢᠮᠪᠠᠢ ᠪᠥᠭᠡᠳ ᠪᠣᠳᠠᠲᠠᠢ ᠪᠠᠷ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ | ᠭᠡᠵᠦ ᠱᠠᠭᠠᠷᠳᠠᠭᠰᠠᠨ ᠪᠥᠭᠡᠳ ᠨᠠᠰᠤᠲᠠᠶᠢᠴᠤᠳ ᠪᠣᠯ ᠠᠮᠠᠷᠬᠠᠨ ᠬᠠᠯᠳᠠᠪᠤᠷᠢᠯᠠᠭᠳᠠᠬᠤ ᠬᠥᠮᠥᠰ ᠮᠥᠨ ᠪᠣᠯᠬᠤᠷ | ᠡᠷᠬᠡᠪᠰᠢ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠮᠢᠨᠴᠦᠭᠦᠷᠡᠬᠦ ᠦᠵᠡᠯ ᠰᠠᠨᠠᠭ᠎ᠠ ᠪᠠᠨ ᠲᠡᠪᠴᠢᠵᠦ᠂ | ᠠᠵᠢᠯ ᠤᠨ ᠪᠠᠶᠢᠷᠢ ᠪᠠᠨ ᠪᠠᠲᠤ ᠰᠠᠬᠢᠵᠤ᠂ ᠬᠢᠵᠢᠭ ᠢ ᠰᠡᠷᠭᠡᠶᠢᠯᠡᠬᠦ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠬᠦ | ᠬᠡᠷᠡᠭᠲᠡᠢ ᠭᠡᠵᠦ ᠵᠢᠭᠠᠵᠤ ᠭᠠᠷᠭᠠᠪᠠ᠃ | | | |