ᠳ᠋ᠦᠩ ᠾᠧ ᠲᠣᠭᠤᠷᠢᠭ ᠤᠨ ᠠᠷᠠᠳ ᠤᠨ ᠶᠠᠪᠤᠳᠠᠯ ᠤᠨ ᠬᠦᠷᠢᠶᠡᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠤᠨ ᠮᠡᠳᠡᠭᠡ ᠵᠠᠩᠭᠢ ᠶᠢᠨ ᠲᠤᠰᠬᠠᠢ ᠮᠡᠳᠡᠭᠦᠯᠦᠯᠲᠡ | 2022 ᠣᠨ ᠤ 2 ᠰᠠᠷ᠎ᠠ ᠶᠢᠨ 6 ᠤ ᠡᠳᠦᠷ᠂ ᠳ᠋ᠦᠩ ᠾᠧ ᠲᠣᠭᠤᠷᠢᠭ ᠤᠨ ᠠᠷᠠᠳ ᠤᠨ ᠶᠠᠪᠤᠳᠠᠯ ᠤᠨ | ᠲᠣᠪᠴᠢᠶ᠎ᠠ ᠠᠴᠠ ᠵᠢᠦ ᠹᠦ᠋ ᠶᠢᠨ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠵᠡᠷᠭᠡ ᠨᠠᠰᠤᠵᠢᠯ ᠤᠨ ᠠᠰᠠᠷᠠᠮᠵᠢ ᠶᠢᠨ | ᠪᠠᠶᠢᠭᠤᠯᠤᠮᠵᠢ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠪᠠᠶᠢᠴᠠᠭᠠᠯᠲᠠ ᠬᠢᠪᠡ᠃ | ᠪᠠᠶᠢᠴᠠᠭᠠᠬᠤ ᠳᠤᠭᠤᠶᠢᠯᠠᠩ ᠤᠨ ᠬᠢᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠳᠣᠲᠣᠭᠠᠳᠤ ᠶᠢᠨ | ᠬᠠᠮᠢᠶᠠᠷᠤᠯᠲᠠ ᠡᠵᠡᠮᠳᠡᠯ᠂ ᠪᠡᠶ᠎ᠡ ᠶᠢᠨ ᠳᠤᠯᠠᠭᠠᠨ ᠤ ᠳᠠᠩᠰᠠᠯᠠᠯᠲᠠ᠂ ᠡᠳ᠋ ᠪᠣᠳᠠᠰ ᠤᠨ ᠠᠷᠢᠭᠤᠳᠬᠠᠯ ᠤᠨ ᠲᠡᠮᠳᠡᠭᠯᠡᠯ | ᠵᠡᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠨᠠᠷᠢᠨ ᠪᠠᠶᠢᠴᠠᠭᠠᠯᠲᠠ ᠬᠢᠵᠦ᠂ ᠡᠯ᠎ᠡ ᠨᠠᠰᠤᠵᠢᠯ ᠤᠨ | ᠠᠰᠠᠷᠠᠮᠵᠢ ᠶᠢᠨ ᠪᠠᠶᠢᠭᠤᠯᠤᠮᠵᠢ ᠶᠢ ᠠᠷᠠᠳ ᠤᠨ ᠶᠠᠪᠤᠳᠠᠯ ᠤᠨ ᠬᠦᠷᠢᠶᠡᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠢ ᠴᠢᠩᠭ᠎ᠠ ᠨᠢᠮᠪᠠᠢ ᠪᠥᠭᠡᠳ ᠪᠣᠳᠠᠲᠠᠢ ᠪᠠᠷ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ | ᠱᠠᠭᠠᠷᠳᠠᠭᠰᠠᠨ ᠪᠥᠭᠡᠳ ᠨᠠᠰᠤᠲᠠᠶᠢᠴᠤᠳ ᠪᠣᠯ ᠠᠮᠠᠷᠬᠠᠨ ᠬᠠᠯᠳᠠᠪᠤᠷᠢᠯᠠᠭᠳᠠᠬᠤ ᠬᠥᠮᠥᠰ ᠮᠥᠨ ᠪᠣᠯᠬᠤᠷ ᠡᠷᠬᠡᠪᠰᠢ | ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠮᠢᠨᠴᠦᠭᠦᠷᠡᠬᠦ ᠦᠵᠡᠯ ᠰᠠᠨᠠᠭ᠎ᠠ ᠪᠠᠨ ᠲᠡᠪᠴᠢᠵᠦ᠂ ᠠᠵᠢᠯ ᠤᠨ | ᠪᠠᠶᠢᠷᠢ ᠪᠠᠨ ᠪᠠᠲᠤ ᠰᠠᠬᠢᠵᠤ᠂ ᠬᠢᠵᠢᠭ ᠢ ᠰᠡᠷᠭᠡᠶᠢᠯᠡᠬᠦ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠬᠦ ᠬᠡᠷᠡᠭᠲᠡᠢ ᠭᠡᠵᠦ | ᠵᠢᠭᠠᠵᠤ ᠭᠠᠷᠭᠠᠪᠠ᠃ | | | |