【ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ᠂ ᠪᠣᠳᠠᠰ ᠤᠨ ᠪᠤᠰᠤ ᠰᠣᠶᠣᠯ ᠤᠨ ᠥᠪ ᠤᠨ ᠪᠣᠯᠵᠤᠭ᠎ᠠ】 ᠳ᠋ᠦᠩ ᠾᠧ ᠲᠣᠭᠤᠷᠢᠭ ᠲᠤ ᠪᠣᠳᠠᠰ ᠤᠨ ᠪᠤᠰᠤ ᠰᠣᠶᠣᠯ ᠤᠨ ᠥᠪ ᠤᠨ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠢ ᠦᠵᠡᠮᠵᠢ ᠶᠢᠨ ᠣᠷᠣᠨ ᠳᠤ ᠬᠦᠷᠭᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/11/18
       ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠶᠡᠬᠡᠪᠡᠷ ᠪᠠᠳᠠᠷᠠᠭᠤᠯᠤᠨ ᠳᠡᠯᠭᠡᠷᠡᠭᠦᠯᠵᠦ᠂ ᠤᠯᠠᠨ ᠲᠦᠮᠡᠨ ᠤ ᠪᠠᠶᠠᠷ ᠤᠨ ᠡᠳᠦᠷ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠠᠷᠠᠳ ᠤᠯᠠᠨ ᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ ᠶᠤᠮ᠃9 ᠰᠠᠷ᠎ᠠ ᠶᠢᠨ 9 ᠋ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠡᠶ᠎ᠡ ᠶᠢᠨ ᠲᠠᠮᠢᠷ ᠵᠤᠭᠠᠴᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ ᠤ ᠳᠠᠭᠠᠭᠠᠴᠢᠯᠠᠨ ᠡᠷᠬᠢᠯᠡᠭᠰᠡᠨ︽ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ᠂ ᠪᠣᠳᠠᠰ ᠤᠨ ᠪᠤᠰᠤ ᠰᠣᠶᠣᠯ ᠤᠨ ᠥᠪ ᠤᠨ ᠪᠣᠯᠵᠤᠭ᠎ᠠ︾ ᠶᠢᠨ ᠪᠣᠳᠠᠰ ᠤᠨ ᠪᠤᠰᠤ ᠰᠣᠶᠣᠯ ᠤᠨ ᠥᠪ ᠢ ᠦᠵᠡᠮᠵᠢ ᠶᠢᠨ ᠣᠷᠣᠨ ᠳᠤ ᠣᠷᠣᠭᠤᠯᠬᠤ ᠭᠤᠣᠯ ᠰᠡᠳᠦᠪᠲᠦ ᠠᠵᠢᠯᠯᠠᠭ᠎ᠠ ᠪᠤᠭᠤᠲᠤ ᠬᠤᠳᠠ ᠶᠢᠨ ᠡᠮᠦᠨᠡᠲᠦ ᠲᠠᠩᠭᠢᠰ ᠤᠨ ᠨᠤᠭᠤ ᠭᠠᠵᠠᠷ ᠤᠨ ᠦᠵᠡᠮᠵᠢ ᠶᠢᠨ ᠣᠷᠣᠨ ᠳᠤ ᠭᠤᠶᠢᠳᠠ ᠰᠠᠶᠢᠬᠠᠨ ᠶᠠᠪᠤᠭᠳᠠᠪᠠ᠃
     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠦᠨᠦᠷᠲᠦ ᠬᠠᠪᠲᠠᠭᠠᠢ᠂ ᠭᠠᠷ ᠢᠶᠠᠷ ᠨᠡᠬᠡᠬᠦ᠂ ᠴᠠᠭᠠᠰᠤᠨ ᠬᠠᠶᠢᠴᠢᠯᠠᠮᠠᠯ᠂ ᠭᠠᠷ ᠢᠶᠠᠷ ᠬᠠᠲᠠᠭᠤ ᠰᠢᠬᠢᠷ᠂ ᠳᠡᠪᠢᠭᠦᠷ᠂ ᠴᠠᠢ ᠶᠢᠨ ᠱᠥᠯᠥ᠂ ᠬᠠᠭᠠᠷᠢᠮᠠᠯ ᠵᠢᠷᠤᠭ᠂ ᠬᠢᠲᠠᠳ ᠬᠤᠪᠴᠠᠰᠤ᠂ ᠭᠠᠷ ᠢᠶᠠᠷ ᠦᠰᠦᠨ ᠺᠠᠷᠲ᠂ ᠭᠠᠷ ᠢᠶᠠᠷ ᠮᠣᠳᠣᠨ ᠰᠢᠩᠭᠡᠯᠢᠭ ᠦᠢᠯᠡᠳᠬᠦ ᠵᠡᠷᠭᠡ ᠠᠷᠪᠠ ᠭᠠᠷᠤᠢ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ ᠢ ᠳᠡᠯᠭᠡᠨ ᠦᠵᠡᠭᠦᠯᠵᠦ᠂ ᠵᠤᠭᠠᠴᠠᠭᠰᠠᠳ ᠲᠤ ᠳ᠋ᠦᠩ ᠾᠧ ᠲᠣᠭᠤᠷᠢᠭ ᠤᠨ ᠪᠣᠳᠠᠰ ᠤᠨ ᠪᠤᠰᠤ ᠰᠣᠶᠣᠯ ᠤᠨ ᠥᠪ ᠤᠨ ᠥᠪᠡᠷᠮᠢᠴᠡ ᠷᠢᠳᠢ ᠰᠢᠳᠢ ᠶᠢ ᠣᠶᠢᠯᠠᠭᠠᠭᠤᠯᠵᠠᠢ᠃ᠪᠠᠰᠠ ᠵᠤᠭᠠᠴᠠᠭᠰᠠᠳ ᠲᠤ ᠭᠤᠶᠢᠳᠠ ᠰᠠᠶᠢᠬᠠᠨ ᠪᠣᠳᠠᠰ ᠤᠨ ᠪᠤᠰᠤ ᠰᠣᠶᠣᠯ ᠤᠨ ᠥᠪ ᠤᠨ ᠲᠣᠭᠯᠠᠯᠲᠠ᠂ ᠮᠣᠷᠢᠨ ᠬᠤᠭᠤᠷ᠂ ᠮᠣᠩᠭᠤᠯ ᠤᠷᠳᠤ ᠶᠢᠨ ᠳᠠᠭᠤᠤ᠂ ᠬᠤᠶᠠᠷ ᠬᠥᠮᠥᠨ ᠤ ᠲᠠᠶᠢᠰᠠ ᠵᠡᠷᠭᠡ ᠶᠢ ᠬᠦᠷᠭᠡᠵᠦ᠂ ᠵᠤᠭᠠᠴᠠᠭᠰᠠᠳ ᠲᠤ ᠪᠣᠳᠠᠰ ᠤᠨ ᠪᠤᠰᠤ ᠰᠣᠶᠣᠯ ᠤᠨ ᠥᠪ ᠤᠨ ᠠᠷᠤ ᠳᠠᠬᠢ ᠦᠯᠢᠭᠡᠷ ᠢ ᠭᠦᠨᠵᠡᠭᠡᠢ ᠣᠶᠢᠯᠠᠭᠠᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠥᠷᠭᠡᠨ ᠳᠡᠯᠭᠡᠷ ᠭᠦᠨ ᠭᠦᠨᠵᠡᠭᠡᠢ ᠪᠠᠶᠢᠬᠤ ᠶᠢ ᠮᠡᠳᠡᠷᠡᠭᠦᠯᠵᠡᠢ᠃
     ᠰᠣᠶᠣᠯ ᠪᠣᠯ ᠵᠢᠭᠤᠯᠴᠢᠯᠠᠯ ᠤᠨ ᠠᠮᠢᠨ ᠰᠦᠨᠡᠰᠦ ᠮᠥᠨ᠂ ᠵᠢᠭᠤᠯᠴᠢᠯᠠᠯ ᠪᠣᠯ ᠰᠣᠶᠣᠯ ᠤᠨ ᠠᠴᠢᠶᠠᠯᠠᠭᠴᠢ ᠮᠥᠨ᠃ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ︽ᠪᠣᠳᠠᠰ ᠤᠨ ᠪᠤᠰᠤ ᠰᠣᠶᠣᠯ ᠤᠨ ᠥᠪ ᠤᠨ + ᠵᠢᠭᠤᠯᠴᠢᠯᠠᠯ︾ ᠤᠨ ᠭᠦᠨᠵᠡᠭᠡᠢ ᠠᠭᠤᠰᠤᠯᠴᠠᠯ ᠢ ᠪᠣᠶ ᠪᠣᠯᠭᠠᠵᠤ᠂ ᠦᠵᠡᠮᠵᠢ ᠶᠢᠨ ᠣᠷᠣᠨ ᠳᠤ ᠰᠢᠨ᠎ᠡ ᠰᠣᠷᠭᠤᠭ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠥᠭᠡᠳ ᠪᠣᠳᠠᠰ ᠤᠨ ᠪᠤᠰᠤ ᠰᠣᠶᠣᠯ ᠤᠨ ᠥᠪ ᠤᠨ ᠠᠮᠢᠳᠤᠯᠢᠭ ᠤᠯᠠᠮᠵᠢᠯᠠᠯ ᠢ ᠪᠡᠶᠡᠯᠡᠭᠦᠯᠵᠦ᠂ ᠳ᠋ᠦᠩ ᠾᠧ ᠶᠢᠨ ᠵᠢᠭᠤᠯᠴᠢᠯᠠᠯ ᠤᠨ ᠰᠣᠶᠣᠯ ᠤᠨ ᠠᠭᠤᠯᠤᠭᠳᠠᠬᠤᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠶᠢᠨ᠎ᠠ᠃
 
ᠢᠷᠡᠯᠲᠡ᠄ ᠳ᠋ᠦᠩ ᠾᠧ ᠲᠣᠭᠤᠷᠢᠭ ᠤᠨ ᠰᠣᠶᠣᠯ ᠤᠨ ᠵᠢᠭᠤᠯᠴᠢᠯᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1