ᠳ᠋ᠦᠩ ᠾᠧ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠤᠨ ᠲᠣᠪᠴᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠪᠦᠬᠦᠳᠡ ᠬᠤᠷᠠᠯ ᠵᠢᠴᠢ ︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ︾ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/18
      ᠣᠶᠢᠷ᠎ᠠ ᠳᠤ᠂ ᠳ᠋ᠦᠩ ᠾᠧ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠤᠨ ᠲᠣᠪᠴᠢᠶ᠎ᠠ ︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠦᠶ᠎ᠡ︾ ᠭᠡᠬᠦ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠢᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠬᠤᠳᠠ ᠶᠢᠨ ᠬᠤᠷᠢᠶ᠎ᠠ ᠶᠢ ᠤᠯᠠᠮᠵᠢᠯᠠᠨ ᠰᠤᠷᠤᠯᠴᠠᠵᠠᠢ︾ᠭᠡᠵᠦ ᠬᠡᠯᠡᠪᠡ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ ︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ︾ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ︾ ᠪᠣᠯᠣᠨ ᠳ᠋ᠢᠩ ᠰᠢᠸ ᠹᠥ᠋ᠩ ᠱᠦᠵᠢ ᠶᠢᠨ ᠪᠦᠬᠦ ᠬᠤᠳᠠ ᠶᠢᠨ︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ︾ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢᠨ ᠳᠠᠶᠢᠴᠢᠯᠠᠯᠲᠠ ᠶᠢᠨ ᠶᠡᠭᠡ ᠬᠤᠷᠠᠯ ᠳᠡᠭᠡᠷᠡᠬᠢ ᠶᠠᠷᠢᠶ᠎ᠠ᠂ ᠪᠦᠬᠦ ᠬᠤᠳᠠ ᠶᠢᠨ ᠵᠠᠰᠠᠭ ᠤᠨ ᠣᠷᠳᠣᠨ ᠤ ᠰᠢᠰᠲ᠋ᠥᠮ ᠤᠨ︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ︾ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢᠨ ᠳᠠᠶᠢᠴᠢᠯᠠᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠲᠣᠪᠴᠢᠶ᠎ᠠ ᠶᠢᠨ ᠪᠠᠶᠢᠭᠤᠯᠤᠯᠭ᠎ᠠ ᠶᠢᠨ ᠪᠦᠬᠦ ᠺᠠᠳ᠋ᠷᠴᠤᠳ ᠬᠤᠷᠠᠯ ᠳᠤ ᠣᠷᠣᠯᠴᠠᠪᠠ᠃
     ᠬᠤᠷᠠᠯ ᠠᠴᠠ ᠵᠢᠭᠠᠵᠤ ᠭᠠᠷᠭᠠᠭᠰᠠᠨ ᠨᠢ᠄ ᠨᠠᠮ ᠤᠨ ᠬᠤᠷᠢᠳᠤᠭᠠᠷ ᠶᠡᠭᠡ ᠬᠤᠷᠠᠯ ᠪᠣᠯ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠬᠤ ᠵᠠᠩᠭᠢᠯᠠᠭ᠎ᠠ ᠶᠢᠨ ᠴᠠᠭ ᠮᠥᠴᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠤᠶᠢᠯ ᠤᠨ ᠴᠢᠬᠤᠯᠠ ᠶᠡᠭᠡ ᠬᠤᠷᠠᠯ ᠪᠣᠯᠣᠨ᠎ᠠ᠂ ᠲᠤᠭ ᠢᠶᠠᠨ ᠥᠨᠳᠥᠷ ᠮᠠᠨᠳᠤᠭᠤᠯᠵᠤ᠂ ᠬᠦᠴᠦᠨ ᠴᠢᠳᠠᠯ ᠢᠶᠠᠨ ᠨᠢᠭᠲᠠᠷᠠᠭᠤᠯᠵᠤ᠂ ᠪᠦᠯᠬᠦᠮᠳᠡᠨ ᠲᠡᠮᠡᠴᠡᠭᠰᠡᠨ ᠶᠡᠭᠡ ᠬᠤᠷᠠᠯ ᠪᠣᠯᠣᠨ᠎ᠠ᠂ ᠨᠠᠮ ᠪᠣᠯᠣᠨ ᠤᠯᠤᠰ ᠤᠨ ᠲᠡᠦᠬᠡᠨ ᠳᠡᠭᠡᠷ᠎ᠡ ᠴᠢᠬᠤᠯᠠ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠶᠤᠮ᠃      ᠬᠤᠷᠠᠯ ᠠᠴᠠ ᠱᠠᠭᠠᠷᠳᠠᠭᠰᠠᠨ ᠨᠢ᠄ ᠰᠣᠶᠣᠯ ᠲᠠᠮᠢᠷ ᠤᠨ ᠲᠣᠪᠴᠢᠶ᠎ᠠ ᠶᠢᠨ ᠪᠦᠬᠦ ᠺᠠᠳ᠋ᠷ ᠠᠵᠢᠯᠲᠠᠨ ᠠᠵᠢᠯᠴᠢᠨ ᠤᠯᠤᠰ ᠲᠥᠷᠥ ᠶᠢᠨ ᠪᠠᠶᠢᠯᠳᠤᠬᠤ ᠪᠣᠳᠣᠯᠭ᠎ᠠ ᠶᠢᠨ ᠪᠦᠬᠦ ᠲᠠᠯ᠎ᠠ ᠶᠢᠨ ᠳᠡᠭᠡᠳᠦ ᠬᠡᠮᠵᠢᠶᠡᠨ ᠠᠴᠠ ᠶᠡᠭᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ  ᠢ ᠭᠦᠢᠴᠡᠳ ᠲᠠᠨᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠪᠠᠶᠠᠯᠢᠭ ᠠᠭᠤᠯᠬᠤᠨ ᠢ ᠭᠦᠨᠵᠡᠭᠡᠢ ᠰᠤᠷᠤᠯᠴᠠᠨ ᠣᠶᠢᠯᠠᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ  ᠤᠨ ᠦᠵᠡᠯ ᠰᠠᠨᠠᠭ᠎ᠠ  ᠶᠢ ᠪᠦᠬᠦ ᠲᠠᠯ᠎ᠠ ᠪᠠᠷ ᠲᠤᠤᠱᠯᠠᠭᠤᠯᠵᠤ᠂ ︽ᠬᠤᠶᠠᠷ  ᠢ ᠲᠣᠭᠲᠠᠭᠠᠬᠤ︾  ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ  ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾  ᠢᠶᠠᠨ ᠴᠢᠩᠭᠠᠳᠬᠠᠵᠤ᠂ ︽ᠲᠦᠷᠪᠡᠨ ᠢᠲᠡᠭᠡᠯ︾  ᠢᠶᠠᠨ ᠪᠠᠲᠤᠳᠬᠠᠵᠤ᠂ ︽ᠬᠤᠶᠠᠷ  ᠢ ᠬᠠᠮᠠᠭᠠᠯᠠᠬᠤ︾  ᠶᠢ ᠪᠡᠶᠡᠯᠡᠭᠦᠯᠵᠦ᠂ ᠨᠠᠮ  ᠤᠨ ᠬᠤᠷᠢᠳᠤᠭᠠᠷ ᠶᠡᠭᠡ ᠬᠤᠷᠠᠯ  ᠤᠨ ᠵᠣᠷᠢᠭ ᠰᠠᠨᠠᠭ᠎ᠠ  ᠶᠢ ᠲᠡᠷᠡ ᠶᠣᠰᠣᠭᠠᠷ ᠨᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠵᠤ᠂ ᠮᠠᠨ ᠤ ᠣᠷᠣᠨ ᠤ ᠰᠣᠶᠣᠯ ᠵᠤᠭᠠᠴᠠᠯ ᠤᠨ ᠦᠢᠯᠡᠰ  ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠢᠨ᠎ᠡ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠄ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠤᠬᠠᠭᠤᠯᠤᠨ ᠲᠤᠤᠱᠯᠠᠭᠤᠯᠵᠤ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠮᠥᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠠᠮᠢᠳᠤᠯᠢᠭ ᠪᠥᠭᠡᠳ ᠣᠯᠠᠨ ᠶᠠᠩᠵᠤ ᠶᠢᠨ ᠰᠤᠷᠤᠯᠴᠠᠬᠤ ᠬᠡᠯᠪᠡᠷᠢ  ᠶᠢ ᠠᠪᠴᠤ᠂ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠬᠠᠯᠠᠭᠤᠨ ᠥᠷᠨᠢᠯᠲᠡ  ᠶᠢ ᠦᠳᠲᠡᠷ ᠲᠦᠷᠭᠡᠨ ᠭᠠᠷᠭᠠᠵᠤ᠂ ᠰᠤᠷᠤᠯᠴᠠᠨ ᠲᠤᠤᠱᠯᠠᠭᠤᠯᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠮᠡᠳᠡᠭᠡ ᠵᠠᠩᠭᠢ ᠶᠢᠨ ᠬᠥᠳᠡᠯᠦᠯ ᠪᠠᠶᠢᠳᠠᠯ ᠢ ᠢᠳᠡᠪᠬᠢᠲᠡᠢ ᠪᠠᠷ ᠮᠡᠳᠡᠭᠦᠯᠦᠨ ᠬᠦᠷᠭᠡᠬᠦ ᠶᠢᠨ ᠬᠠᠮᠲᠤ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠢᠯᠡᠳᠬᠡᠯ ᠳᠤ ᠳᠤᠷᠠᠳᠤᠭᠰᠠᠨ ︽ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ︾᠂ ︽ᠬᠤᠲᠠ ᠶᠢᠨ ᠰᠣᠶᠣᠯ ᠤᠨ ᠵᠥᠭᠡᠯᠡᠨ ᠪᠣᠳᠠᠲᠤ ᠬᠦᠴᠦᠨ ᠢ ᠦᠨᠡᠨᠬᠦ ᠴᠢᠩᠭᠠᠷᠠᠭᠤᠯᠬᠤ︾᠂ ︽ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ︾ ᠵᠡᠷᠭᠡ ᠰᠣᠶᠣᠯ ᠤᠨ ᠪᠠᠶᠢᠭᠤᠯᠤᠯᠲᠠ ᠶᠢᠨ ᠲᠤᠬᠠᠢ ᠠᠯᠢ ᠣᠯᠠᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠬᠠᠷᠠᠯᠲᠠᠲᠤ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠪᠠᠷ ᠴᠢᠷᠮᠠᠶᠢᠵᠤ᠂ ᠮᠠᠨ ᠤ ᠣᠷᠣᠨ ᠤ ᠰᠣᠶᠣᠯ ᠵᠢᠭᠤᠯᠴᠢᠯᠠᠯ ᠤᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃
     ᠬᠤᠷᠠᠯ  ᠠᠴᠠ ᠪᠠᠰᠠ ᠣᠶᠢᠷ᠎ᠠ  ᠶᠢᠨ ᠬᠤᠭᠤᠴᠠᠭᠠᠨ ᠤ ᠲᠤᠬᠠᠶᠢᠯᠠᠭᠰᠠᠨ ᠠᠵᠢᠯ᠂ ᠬᠢᠵᠢᠭ ᠤᠨ ᠪᠠᠶᠢᠳᠠᠯ  ᠢ ᠰᠡᠷᠭᠡᠶᠢᠯᠡᠨ ᠬᠢᠵᠠᠭᠠᠷᠯᠠᠬᠤ ᠵᠢᠴᠢ ᠢᠷᠡᠬᠦ ᠵᠢᠯ ᠤᠨ ᠠᠵᠢᠯ ᠤᠨ ᠲᠣᠬᠢᠷᠠᠭᠤᠯᠤᠯᠲᠠ ᠵᠡᠷᠭᠡ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1