| | | | | | | | 10 ᠰᠠᠷ᠎ᠠ ᠶᠢᠨ 16 ᠤ ᠦᠳᠡ ᠶᠢᠨ ᠡᠮᠦᠨᠡᠬᠢ 10᠄ 00 ᠴᠠᠭ ᠲᠤ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠪᠡᠭᠡᠵᠢᠩ ᠤᠨ ᠠᠷᠠᠳ ᠤᠨ | ᠶᠡᠭᠡ ᠬᠤᠷᠠᠯ ᠤᠨ ᠲᠠᠩᠬᠢᠮ ᠳᠤ ᠡᠬᠢᠯᠡᠵᠦ᠂ ᠶᠡᠷᠦᠩᠬᠡᠢ ᠱᠦᠵᠢ ᠰᠢ ᠶᠢᠨ ᠫᠢᠩ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠳᠤ ᠢᠯᠡᠳᠬᠡᠯ ᠬᠢᠪᠡ᠃ᠢᠯᠡᠳᠬᠡᠯ ᠨᠢ ᠮᠠᠨ ᠤ ᠲᠣᠪᠴᠢᠶᠠᠨ ᠤ ᠥᠷᠭᠡᠨ ᠤᠯᠠᠨ | ᠨᠠᠮ ᠤᠨ ᠭᠡᠰᠢᠭᠦᠨ ᠺᠠᠳ᠋ᠷ ᠤᠯᠠᠨ ᠲᠦᠮᠡᠨ ᠤ ᠳᠤᠮᠳᠠ ᠴᠢᠩᠭ᠎ᠠ ᠲᠤᠰᠬᠠᠯ ᠭᠠᠷᠪᠠ᠃ᠤᠯᠠᠨ ᠢᠶᠠᠷ ᠢᠶᠠᠨ ᠲᠤᠶᠢᠯ ᠢᠶᠠᠷ | ᠤᠷᠮᠠᠰᠢᠨ ᠵᠣᠷᠢᠭᠵᠢᠵᠤ᠂ ᠶᠡᠬᠡᠳᠡ ᠵᠣᠷᠢᠭᠵᠢᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ | ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ | ᠠᠬᠢᠭᠤᠯᠬᠤ ᠬᠦᠴᠦᠷᠬᠡᠭ ᠶᠡᠭᠡ ᠬᠦᠴᠦᠨ ᠪᠣᠯᠣᠨ ᠪᠠᠲᠤ ᠢᠲᠡᠭᠡᠯ ᠢ ᠨᠢᠭᠲᠠᠷᠠᠭᠤᠯᠵᠤ᠂ ᠳ᠋ᠦᠩ ᠾᠧ ᠲᠣᠭᠤᠷᠢᠭ ᠤᠨ ᠰᠣᠶᠣᠯ | ᠪᠡᠶ᠎ᠡ ᠶᠢᠨ ᠲᠠᠮᠢᠷ ᠵᠤᠭᠠᠴᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠺᠠᠳ᠋ᠷ ᠤᠯᠠᠨ ᠲᠦᠮᠡᠨ ᠲᠧᠯᠸᠢᠰ᠂ ᠰᠦᠯᠵᠢᠶ᠎ᠡ ᠵᠡᠷᠭᠡ | ᠠᠳᠠᠯᠢ ᠪᠤᠰᠤ ᠬᠡᠯᠪᠡᠷᠢ ᠪᠠᠷ ᠶᠡᠭᠡ ᠬᠤᠷᠠᠯ ᠤᠨ ᠡᠬᠢᠯᠡᠯᠲᠡ ᠶᠢᠨ ᠰᠢᠭᠤᠳ ᠨᠡᠪᠲᠡᠷᠡᠭᠦᠯᠭᠡ ᠶᠢ ᠭᠥᠯᠢᠶᠡᠨ ᠠᠪᠴᠤ ᠦᠵᠡᠵᠦ᠂ | ᠶᠡᠭᠡ ᠬᠤᠷᠠᠯ ᠤᠨ ᠢᠯᠡᠳᠬᠡᠯ ᠢ ᠨᠠᠷᠢᠨ ᠬᠢᠨᠠᠮᠠᠭᠠᠢ ᠰᠣᠨᠣᠰᠴᠠᠢ᠃ᠤᠯᠠᠨ ᠢᠶᠠᠷ ᠢᠶᠠᠨ᠂ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ | ᠴᠢᠷᠮᠠᠶᠢᠨ ᠲᠡᠮᠡᠴᠡᠵᠦ᠂ ᠪᠣᠳᠠᠲᠤ ᠠᠵᠢᠯᠯᠠᠭ᠎ᠠ ᠪᠠᠷ ᠢᠶᠠᠨ ᠣᠳᠣᠬᠢᠴᠢᠯᠠᠭᠰᠠᠨ ᠵᠡᠭᠦᠨ ᠭᠤᠣᠯ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠵᠦ᠂ ᠪᠦᠬᠦ ᠣᠷᠣᠨ ᠤ ᠰᠣᠶᠣᠯ ᠵᠤᠭᠠᠴᠠᠯ ᠷᠠᠳᠢᠣ᠋ ᠲᠧᠯᠸᠢᠰ ᠤᠨ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠭᠡᠵᠦ ᠢᠯᠡᠳᠬᠡᠵᠡᠭᠡᠪᠡ᠃ | ᠴᠧᠩ ᠲᠦᠩ | ᠳ᠋ᠦᠩ ᠾᠧ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠤᠭᠠᠴᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ | 10 ᠰᠠᠷ᠎ᠠ ᠶᠢᠨ 16 ᠤ ᠦᠳᠡ ᠶᠢᠨ ᠡᠮᠦᠨᠡᠬᠢ 10 ᠴᠠᠭ ᠲᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠬᠤᠷᠢᠳᠤᠭᠠᠷ ᠤᠳᠠᠭᠠᠨ ᠤ ᠪᠥᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠪᠡᠭᠡᠵᠢᠩ ᠦᠨᠰᠢ ᠶᠢᠨ ᠫᠢᠩ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠡᠮᠦᠨ᠎ᠡ ᠠᠴᠠ ᠨᠠᠮ ᠤᠨ ᠬᠤᠷᠢᠳᠤᠭᠠᠷ ᠶᠡᠭᠡ ᠬᠤᠷᠠᠯ ᠳᠤ ᠢᠯᠡᠳᠬᠡᠯ | ᠬᠢᠪᠡ᠃ᠢᠯᠡᠳᠬᠡᠯ ᠳᠤ 30 ᠰᠢᠬᠠᠮ ᠤᠳᠠᠭ᠎ᠠ ᠶᠢᠨ ᠰᠣᠶᠣᠯ ᠢ ᠳᠤᠷᠠᠳᠴᠤ᠂ ᠨᠠᠢᠮᠠᠳᠤᠭᠠᠷ ᠪᠦᠯᠦᠭ ᠲᠤ ︽ᠰᠣᠶᠣᠯ ᠤᠨ | ᠢᠲᠡᠭᠡᠯ ᠢᠶᠠᠨ ᠨᠡᠮᠡᠭᠳᠡᠭᠦᠯᠦᠨ ᠥᠪᠡᠷ ᠢ ᠪᠠᠨ ᠬᠦᠴᠦᠷᠬᠡᠭᠵᠢᠭᠦᠯᠵᠦ᠂ ᠨᠡᠶᠢᠭᠡᠮ ᠵᠢᠷᠤᠮ ᠤᠨ ᠰᠣᠶᠣᠯ ᠤᠨ ᠰᠢᠨ᠎ᠡ ᠭᠡᠷᠡᠯ | ᠰᠠᠴᠤᠷᠠᠩᠭᠤᠢ ᠦᠢᠯᠡᠰ ᠢ ᠪᠦᠲᠦᠭᠡᠶ᠎ᠡ︾ ᠭᠡᠬᠦ ᠵᠣᠬᠢᠶᠠᠯ ᠳᠤ ᠢᠷᠡᠭᠡᠳᠦᠢ ᠶᠢᠨ ᠮᠠᠨ ᠤ ᠤᠯᠤᠰ ᠤᠨ ᠰᠣᠶᠣᠯ ᠤᠨ | ᠪᠠᠶᠢᠭᠤᠯᠤᠯᠲᠠ ᠶᠢᠨ ᠲᠤᠬᠠᠢ ᠰᠢᠰᠲ᠋ᠧᠮ ᠲᠠᠢ ᠥᠭᠦᠯᠡᠭᠰᠡᠨ ᠪᠠᠶᠢᠨ᠎ᠠ᠃ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠣᠳᠣᠬᠠᠨ ᠤ ᠲᠡᠷᠢᠭᠦᠨ ᠴᠢᠬᠤᠯᠠ ᠤᠯᠤᠰ | ᠲᠦᠷᠦ ᠶᠢᠨ ᠡᠭᠦᠷᠭᠡ ᠪᠣᠯᠭᠠᠵᠤ᠂ ᠢᠯᠡᠳᠬᠡᠯ ᠤᠨ ᠠᠭᠤᠯᠭ᠎ᠠ ᠶᠢ ᠲᠠᠬᠢᠨ ᠳᠠᠪᠲᠠᠨ ᠰᠤᠳᠤᠯᠤᠨ ᠤᠩᠰᠢᠵᠤ᠂ ᠵᠣᠷᠢᠭ | ᠰᠠᠨᠠᠭᠠᠨ ᠤ ᠮᠥᠨ ᠴᠢᠨᠠᠷ ᠢ ᠭᠦᠨᠵᠡᠭᠡᠢ ᠣᠶᠢᠯᠠᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠭᠡ ᠬᠤᠷᠠᠯ ᠤᠨ | ᠵᠣᠷᠢᠭ ᠰᠠᠨᠠᠭ᠎ᠠ ᠳᠡᠭᠡᠷ᠎ᠡ ᠨᠢᠭᠡᠳᠬᠡᠵᠦ᠂ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃︽ᠲᠤᠭ ᠳᠠᠯᠪᠠᠭ᠎ᠠ ᠡᠷᠭᠦᠬᠦ᠂ ᠠᠷᠠᠳ ᠤᠨ ᠰᠡᠳᠬᠢᠯ ᠢ | ᠨᠢᠭᠲᠠᠷᠠᠭᠤᠯᠬᠤ᠂ ᠰᠢᠨ᠎ᠡ ᠬᠥᠮᠥᠨ ᠢ ᠬᠥᠮᠥᠵᠢᠭᠦᠯᠬᠦ᠂ ᠰᠣᠶᠣᠯ ᠢ ᠮᠠᠨᠳᠤᠭᠤᠯᠬᠤ᠂ ᠳᠦᠷᠢ ᠲᠥᠷᠬᠦ ᠶᠢ ᠪᠠᠳᠠᠷᠠᠭᠤᠯᠬᠤ︾ ᠡᠭᠦᠷᠭᠡ | ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠢ ᠴᠡᠴᠡᠭᠯᠡᠭᠦᠯᠦᠨ | ᠬᠥᠭᠵᠢᠭᠦᠯᠵᠦ᠂ ᠤᠳᠤ ᠦᠶ᠎ᠡ ᠶᠢᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ | ᠴᠢᠬᠤᠯᠠ ᠶᠡᠭᠡ ᠰᠣᠶᠣᠯ ᠤᠨ ᠠᠵᠤ ᠦᠢᠯᠡᠰ ᠤᠨ ᠵᠦᠢᠯᠡᠰ ᠢ ᠬᠡᠷᠡᠭᠵᠢᠭᠦᠯᠬᠦ ᠬᠡᠷᠡᠭᠲᠡᠢ᠃ᠤᠯᠠᠨ ᠲᠦᠮᠡᠨ ᠤ ᠪᠡᠶ᠎ᠡ ᠶᠢᠨ ᠲᠠᠮᠢᠷ | ᠪᠠ ᠤᠷᠤᠯᠳᠤᠭᠠᠨ ᠤ ᠪᠡᠶ᠎ᠡ ᠶᠢᠨ ᠲᠠᠮᠢᠷ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠪᠡᠶ᠎ᠡ ᠵᠢᠨᠳᠤᠮᠳᠠᠳᠤ ᠶᠢᠨ | ᠪᠣᠯᠪᠠᠰᠤᠨ ᠤ ᠤᠯᠠᠮᠵᠢᠯᠠᠨ ᠲᠠᠷᠬᠠᠭᠠᠬᠤ ᠬᠦᠴᠦᠨ ᠪᠠ ᠨᠥᠯᠥᠭᠡᠯᠡᠬᠦ ᠬᠦᠴᠦᠨ ᠢ ᠴᠢᠩᠭᠠᠷᠠᠭᠤᠯᠵᠤ᠂ ᠳᠤᠮᠳᠠᠳᠤ ᠶᠢᠨ | ᠰᠣᠶᠣᠯ ᠤᠨ ᠵᠣᠭᠰᠣᠯᠲᠠ ᠶᠢ ᠪᠠᠲᠤ ᠰᠠᠬᠢᠵᠤ᠂ ᠳᠤᠮᠳᠠᠳᠤ ᠤᠯᠤᠰ ᠤᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ | ᠤᠯᠤᠰ ᠤᠨ ᠳᠠᠭᠤᠨ ᠢ ᠰᠠᠶᠢᠲᠤᠷ ᠤᠯᠠᠮᠵᠢᠯᠠᠨ᠎ᠠ᠃ᠰᠤᠷᠤᠯᠴᠠᠯᠭ᠎ᠠ ᠶᠢᠨ ᠦᠷ᠎ᠡ ᠪᠦᠲᠦᠮᠵᠢ ᠪᠠᠨ ᠮᠠᠨ ᠤ ᠣᠷᠣᠨ ᠤ ᠰᠣᠶᠣᠯ | ᠪᠡᠶ᠎ᠡ ᠶᠢᠨ ᠲᠠᠮᠢᠷ ᠵᠤᠭᠠᠴᠠᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠶᠢᠨ ᠳᠣᠲᠣᠭᠠᠳᠤ ᠬᠥᠳᠡᠯᠭᠡᠭᠦ ᠬᠦᠴᠦᠨ | ᠪᠣᠯᠭᠠᠨ ᠬᠤᠪᠢᠷᠠᠭᠤᠯᠵᠤ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ | ᠰᠢᠷᠭᠠᠭᠤ ᠬᠠᠲᠠᠭᠤᠵᠢᠯᠲᠠᠢ ᠠᠵᠢᠯᠯᠠᠵᠤ᠂ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠡ ᠶᠢᠨ ᠲᠡᠮᠡᠴᠡᠭᠴᠢ ᠶᠢᠨ ᠳᠦᠷᠢ | ᠪᠠᠶᠢᠳᠠᠯ ᠪᠣᠯᠣᠨ ᠡᠷᠴᠢ ᠵᠣᠷᠢᠭ ᠢᠶᠠᠷ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠮᠠᠨ ᠤ ᠣᠷᠣᠨ ᠤ ᠰᠣᠶᠣᠯ | ᠵᠤᠭᠠᠴᠠᠯ ᠤᠨ ᠠᠭᠤᠰᠤᠯᠴᠠᠯ ᠪᠣᠯᠣᠨ ᠪᠡᠶ᠎ᠡ ᠶᠢᠨ ᠲᠠᠮᠢᠷ ᠤᠨ ᠦᠢᠯᠡᠰ ᠤᠨ ᠰᠢᠨ᠎ᠡ ᠪᠠᠶᠢᠳᠠᠯ ᠢ ᠡᠭᠦᠳᠬᠦ ᠶᠢ ᠠᠬᠢᠭᠤᠯᠵᠤ᠂ | ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠲᠡᠭᠦᠰ | ᠠᠮᠵᠢᠯᠲᠠ ᠲᠠᠢ ᠪᠡᠶᠡᠯᠡᠭᠦᠯᠬᠦ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ᠃ | ᠳ᠋ᠦ᠋ ᠷᠦᠢ ᠫᠢᠩ | ᠳ᠋ᠦᠩ ᠾᠧ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠳᠡᠳ᠋ | ᠳᠠᠷᠤᠭ᠎ᠠ | ᠰᠢ ᠶᠢᠨ ᠫᠢᠩ ᠶᠡᠷᠦᠩᠬᠡᠢ ᠱᠦᠵᠢ ᠶᠢᠨ ᠬᠢᠭᠰᠡᠨ ᠢᠯᠡᠳᠬᠡᠯ ᠨᠢ ᠥᠨᠳᠥᠷ ᠲᠤ ᠵᠣᠭᠰᠣᠨ ᠠᠯᠤᠰ ᠢ ᠪᠠᠷᠠᠯᠠᠵᠤ᠂ | ᠦᠵᠡᠯ ᠰᠠᠨᠠᠭ᠎ᠠ ᠭᠦᠨ ᠭᠦᠨᠵᠡᠭᠡᠢ᠂ ᠠᠭᠤᠯᠤᠭᠳᠠᠬᠤᠨ ᠡᠯᠪᠡᠭ ᠪᠠᠶᠠᠯᠢᠭ ᠪᠠᠶᠢᠵᠤ᠂ ᠥᠩᠭᠡᠷᠡᠭᠰᠡᠨ ᠲᠠᠪᠤᠨ ᠵᠢᠯ ᠤᠨ ᠠᠵᠢᠯ | ᠪᠣᠯᠣᠨ ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠠᠭᠤᠤ ᠶᠡᠭᠡ ᠬᠤᠪᠢᠰᠤᠯᠲᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ | ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠵᠣᠷᠢᠭᠵᠢᠭᠤᠯᠤᠨ | ᠳᠠᠶᠢᠴᠢᠯᠠᠵᠤ ᠪᠠᠶᠢᠭᠠᠳ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ᠂ ᠨᠡᠶᠢᠭᠡᠮ | ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ | ᠰᠤᠷᠤᠯᠴᠠᠯᠭ᠎ᠠ ᠪᠠᠷ ᠲᠠᠮᠵᠢᠨ᠂ ᠮᠢᠨᠤ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠰᠠᠭᠤᠷᠢᠯᠠᠨ ᠨᠡᠶᠢᠭᠡᠮ ᠵᠢᠷᠤᠮ ᠤᠨ | ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ᠂ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠪᠠᠲᠤᠳᠬᠠᠵᠤ᠂︽ᠠᠷᠠᠳ | ᠲᠦᠮᠡᠨ ᠢ ᠳᠡᠭᠡᠳᠦᠯᠡᠬᠦ︾ᠣᠶᠢᠯᠠᠭᠠᠭᠳᠠᠬᠤᠨ ᠢ ᠢᠳᠡᠪᠬᠢᠲᠡᠢ ᠦᠢᠯᠡᠳᠦᠯᠭᠡᠵᠢᠭᠦᠯᠵᠦ᠂ ᠡᠷᠴᠢ ᠵᠣᠷᠢᠭ ᠢᠶᠠᠨ ᠬᠥᠪᠴᠢᠯᠡᠨ᠂ | ᠡᠷᠡᠯᠬᠡᠭᠯᠡᠨ ᠤᠷᠤᠭᠰᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠭᠰᠠᠭᠠᠯ ᠤᠨ ᠭᠠᠵᠠᠷ ᠢᠶᠠᠨ ᠪᠠᠲᠤ ᠰᠠᠬᠢᠪᠠ᠃ | ᠳᠠᠷᠠᠭᠠᠴᠢ ᠶᠢᠨ ᠠᠯᠬᠤᠮ ᠳᠤ᠂ ᠪᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ | ᠭᠦᠨᠵᠡᠭᠡᠢ ᠰᠤᠷᠤᠯᠴᠠᠨ ᠣᠶᠢᠯᠠᠭᠠᠵᠤ᠂ ᠵᠣᠷᠢᠭ ᠰᠠᠨᠠᠭᠠᠨ ᠤ ᠮᠥᠨ ᠴᠢᠨᠠᠷ ᠢ ᠣᠨᠣᠪᠴᠢᠲᠠᠢ ᠡᠵᠡᠮᠳᠡᠵᠦ᠂ ᠡᠯᠪᠡᠭ ᠪᠠᠶᠠᠯᠢᠭ | ᠠᠭᠤᠯᠤᠭᠳᠠᠬᠤᠨ ᠢ ᠭᠦᠨᠵᠡᠭᠡᠢ ᠣᠶᠢᠯᠠᠭᠠᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠪᠠᠨ ᠡᠯ᠎ᠡ ᠵᠦᠢᠯ ᠤᠨ ᠠᠵᠢᠯ ᠢᠶᠠᠨ | ᠰᠠᠶᠢᠲᠤᠷ ᠬᠢᠬᠦ ᠶᠢᠨ ᠬᠦᠴᠦᠷᠬᠡᠭ ᠶᠡᠭᠡ ᠬᠥᠳᠡᠯᠭᠡᠭᠦ ᠬᠦᠴᠦᠨ ᠪᠣᠯᠭᠠᠨ ᠬᠤᠪᠢᠷᠠᠭᠤᠯᠤᠨ᠎ᠠ᠃ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠤᠬᠠᠭᠤᠯᠵᠤ ᠰᠠᠶᠢᠲᠤᠷ ᠲᠤᠤᠱᠯᠠᠭᠤᠯᠬᠤ ᠶᠠᠪᠤᠳᠠᠯ ᠢ ᠣᠳᠣᠬᠠᠨ ᠤ | ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠦᠵᠡᠯ | ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠤᠬᠠᠮᠰᠠᠷ ᠠᠴᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ | ᠳᠡᠭᠡᠷ᠎ᠡ ᠨᠢᠭᠡᠳᠬᠡᠵᠦ᠂ ︽ᠭᠠᠪᠰᠢᠭᠠᠶᠢᠯᠠᠬᠤ︾ ᠵᠣᠷᠢᠭ ᠰᠠᠨᠠᠭ᠎ᠠ᠂ ︽ᠰᠢᠨ᠎ᠡ ᠶᠢ ᠡᠭᠦᠳᠬᠦ︾ ᠡᠷᠴᠢ ᠵᠣᠷᠢᠭ᠂ ︽ | ᠠᠵᠢᠯᠯᠠᠬᠤ︾ ᠰᠤᠷᠲᠠᠯ ᠢ ᠪᠠᠳᠠᠷᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠤᠬᠠᠭᠤᠯᠵᠤ ᠲᠤᠤᠱᠯᠠᠭᠤᠯᠬᠤ ᠤᠯᠤᠰ ᠲᠥᠷᠥ ᠶᠢᠨ ᠬᠠᠯᠠᠭᠤᠨ ᠰᠡᠳᠬᠢᠯᠭᠡ ᠶᠢ ᠡᠯ᠎ᠡ ᠵᠦᠢᠯ ᠤᠨ ᠠᠵᠢᠯ ᠢ ᠰᠠᠶᠢᠲᠤᠷ | ᠬᠢᠬᠦ ᠶᠢᠨ ᠬᠦᠴᠦᠷᠬᠡᠭ ᠶᠡᠭᠡ ᠬᠥᠳᠡᠯᠭᠡᠭᠦ ᠬᠦᠴᠦᠨ ᠪᠣᠯᠭᠠᠨ ᠬᠤᠪᠢᠷᠠᠭᠤᠯᠵᠤ᠂ ︽ᠰᠠᠭᠤᠵᠤ ᠳᠡᠶᠢᠯᠬᠦ ᠦᠭᠡᠢ︾ | ᠲᠦᠭᠰᠢᠭᠦᠷᠢᠲᠦ ᠰᠡᠳᠬᠢᠯᠭᠡ᠂ ︽ᠬᠦᠯᠢᠶᠡᠵᠦ ᠪᠣᠯᠬᠤ ᠦᠭᠡᠢ︾ ᠲᠤᠯᠭᠠᠮ᠎ᠠ ᠰᠡᠳᠬᠢᠯᠭᠡ ᠪᠠ ︽ᠤᠳᠠᠭᠠᠰᠢᠷᠠᠭᠤᠯᠵᠤ ᠪᠣᠯᠬᠤ | ᠦᠭᠡᠢ︾ ᠬᠠᠷᠢᠭᠤᠴᠠᠯᠭᠠᠲᠤ ᠰᠡᠳᠬᠢᠯᠭᠡ ᠪᠠᠷ ᠮᠠᠨ ᠤ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠳᠤ ᠰᠠᠶᠢᠲᠤᠷ | ᠦᠢᠯᠡᠴᠢᠯᠡᠭᠡᠨ ᠤ ᠪᠠᠲᠤᠯᠠᠭ᠎ᠠ ᠬᠠᠩᠭᠠᠬᠤ ᠬᠡᠷᠡᠭᠲᠡᠢ᠃ | ᠬᠠᠩ ᠶᠦᠨ ᠹᠧᠩ | ᠳ᠋ᠦᠩ ᠾᠧ ᠲᠣᠭᠤᠷᠢᠭ ᠤᠨ ᠨᠣᠮ ᠤᠨ ᠰᠠᠩ ᠤᠨ ᠳᠠᠷᠤᠭ᠎ᠠ | ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠭᠰᠠᠨ ᠨᠢ ᠠᠷᠪᠠᠨ ᠵᠢᠯ ᠤᠨ ᠲᠤᠷᠰᠢᠬᠢ | ᠳᠤᠮᠳᠠᠳᠤ ᠤᠯᠤᠰ ᠤᠨ ᠡᠪ ᠬᠠᠮᠲᠤ ᠨᠠᠮ ᠤᠨ︽ᠢᠷᠡᠭᠰᠡᠨ ᠵᠠᠮ ᠢᠶᠠᠨ ᠦᠯᠦ ᠮᠠᠷᠲᠠᠬᠤ︾ᠤᠭ ᠰᠠᠨᠠᠭ᠎ᠠ ᠶᠢ ᠳ᠋ᠦᠩᠨᠡᠵᠦ᠂ | ᠠᠷᠠᠳ ᠤᠨ ᠰᠡᠳᠬᠢᠯᠭᠡ ᠶᠢ ᠵᠤᠵᠠᠭᠠᠳᠬᠠᠵᠤ᠂︽ᠤᠴᠢᠷ ᠶᠠᠪᠤᠳᠠᠯ ᠢ ᠰᠠᠶᠢᠲᠤᠷ ᠬᠢᠬᠦ︾ᠡᠷᠡᠰ ᠵᠣᠷᠢᠭ ᠢᠶᠠᠷ ᠠᠷᠠᠳ ᠲᠤ | ᠠᠰᠢᠭᠲᠠᠢ ᠬᠠᠷᠢᠭᠤᠴᠠᠯᠭ᠎ᠠ ᠶᠢ ᠡᠭᠦᠷᠭᠡᠯᠡᠵᠦ᠂ ︽ᠠᠷᠠᠳ ᠤᠯᠠᠨ ᠯᠤᠭ᠎ᠠ ᠶᠢᠨ ᠴᠢᠰᠤ ᠮᠢᠬᠠᠨ ᠤ ᠬᠠᠷᠢᠯᠴᠠᠭ᠎ᠠ ᠶᠢ ᠢᠮᠠᠭᠲᠠ | ᠪᠠᠲᠤᠯᠠᠬᠤ︾ᠦᠨᠡᠨᠴᠢ ᠰᠡᠳᠬᠢᠯ ᠢᠶᠠᠷ ᠤᠯᠠᠨ ᠲᠦᠮᠡᠨ ᠤ ᠬᠦᠴᠦᠨ ᠢ ᠨᠢᠭᠲᠠᠷᠠᠭᠤᠯᠵᠤ᠂ ᠥᠩᠭᠡᠷᠡᠭᠰᠡᠨ ᠤ ᠲᠡᠮᠡᠴᠡᠯ ᠤᠨ | ᠵᠠᠮ ᠢᠶᠠᠨ ᠡᠷᠭᠢᠴᠡᠭᠦᠯᠵᠦ᠂ ᠠᠯᠤᠰ ᠤᠨ ᠤᠷᠤᠭᠰᠢᠯᠠᠯᠲᠠ ᠶᠢᠨ ᠵᠠᠮ ᠢᠶᠠᠨ ᠪᠠᠷᠠᠯᠠᠵᠠᠢ᠃ᠪᠢᠳᠡ ᠲᠡᠦᠬᠡ ᠶᠢᠨ ᠰᠠᠨᠠᠭᠠᠴᠢᠯᠠᠭᠠᠲᠤ | ᠪᠠᠶᠢᠳᠠᠯ ᠢ ᠡᠵᠡᠮᠰᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢ ᠠᠬᠢᠭᠤᠯᠬᠤ ᠳᠡᠭᠡᠳᠦ ᠬᠡᠮᠵᠢᠶᠡᠨ ᠤ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠨᠡᠩ | ᠥᠷᠭᠡᠨ ᠬᠠᠷᠠᠭᠠᠰᠤ ᠠᠴᠠ ᠬᠤᠷᠢᠳᠤᠭᠠᠷ ᠶᠡᠭᠡ ᠬᠤᠷᠠᠯ ᠤᠨ ᠴᠢᠬᠤᠯᠠ ᠶᠡᠭᠡ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠤᠭ᠎ᠠ ᠶᠡᠭᠡ ᠠᠬᠤᠢ ᠪᠠᠶᠢᠳᠠᠯ ᠢ ᠡᠵᠡᠮᠳᠡᠵᠦ᠂ ᠡᠭᠦᠨ ᠤ | ᠳᠤᠮᠳᠠ ᠠᠴᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠤᠨ ᠢᠲᠡᠭᠡᠯ᠂ ᠤᠨᠤᠯ ᠤᠨ ᠢᠲᠡᠭᠡᠯ᠂ | ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠨᠡᠶᠢᠭᠡᠮ ᠵᠢᠷᠤᠮ ᠤᠨ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠵᠡᠭᠡᠶ᠎ᠡ᠃ | ᠭᠧᠯᠢ ᠠᠪᠤᠭᠠᠢ | ᠳ᠋ᠦᠩ ᠾᠧ ᠲᠣᠭᠤᠷᠢᠭ ᠤᠨ ᠰᠣᠶᠣᠯ ᠤᠨ ᠣᠷᠳᠣᠨ ᠤ ᠳᠠᠷᠤᠭ᠎ᠠ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ | ᠲᠥᠯᠥᠭᠡᠯᠡᠭᠴᠢᠳ ᠤᠨ ᠶᠡᠭᠡ ᠬᠤᠷᠠᠯ ᠬᠥᠮᠥᠰ ᠤᠨ ᠬᠠᠯᠠᠭᠤᠨ ᠬᠦᠰᠡᠯ ᠤᠨ ᠳᠤᠮᠳᠠ ᠦᠪᠡᠳᠡᠭᠰᠢ ᠶᠡᠭᠡ ᠪᠠᠷ ᠬᠤᠷᠠᠯᠳᠤᠪᠠ᠂ | ᠡᠨᠡ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠪᠠᠶᠢᠭᠤᠯᠤᠭᠳᠠᠭᠰᠠᠨ ᠤ ᠵᠠᠭᠤᠨ ᠵᠢᠯ ᠤᠨ ᠳᠠᠷᠠᠭ᠎ᠠ ᠤᠭᠲᠤᠨ | ᠠᠪᠴᠢᠷᠠᠭᠰᠠᠨ ᠠᠩᠬᠠᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠣᠨ᠎ᠠ᠂ ᠡᠨᠡ ᠨᠢ | ᠨᠠᠮ ᠪᠣᠯᠣᠨ ᠤᠯᠤᠰ ᠲᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ᠲᠡᠦᠬᠡ ᠪᠣᠯᠣᠨ ᠳᠡᠯᠡᠬᠡᠢ ᠪᠠᠷ ᠪᠦᠷᠢᠯᠳᠦᠭᠰᠡᠨ | ᠠᠤᠭ᠎ᠠ ᠶᠡᠭᠡ ᠴᠠᠭ ᠣᠷᠣᠨ ᠵᠠᠢ ᠶᠢᠨ ᠪᠠᠶᠢᠷᠢᠰᠢᠯ ᠠᠴᠠ ᠠᠵᠢᠭᠯᠠᠪᠠᠯ᠂ ᠬᠤᠷᠢᠳᠤᠭᠠᠷ ᠶᠡᠭᠡ ᠬᠤᠷᠠᠯ ᠨᠢ ᠪᠠᠰᠠ ᠭᠠᠳᠠᠭᠠᠳᠤ | ᠶᠢᠷᠲᠢᠨᠴᠦ ᠳᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠢ ᠭᠦᠨᠵᠡᠭᠡᠢ ᠣᠶᠢᠯᠠᠭᠠᠬᠤ ᠴᠣᠩᠬᠤᠪᠴᠢ ᠬᠠᠩᠭᠠᠵᠠᠢ᠃ᠶᠠᠭ | ᠰᠢ ᠶᠢᠨ ᠫᠢᠩ ᠶᠡᠷᠦᠩᠬᠡᠢ ᠱᠦᠵᠢ ᠶᠢᠨ ᠵᠢᠭᠠᠵᠤ ᠭᠠᠷᠭᠠᠭᠰᠠᠨᠴᠢᠯᠠᠨ᠂ ᠥᠨᠥᠳᠥᠷ ᠤᠨ ᠳᠤᠮᠳᠠᠳᠤ ᠤᠯᠤᠰ ᠢ ᠣᠶᠢᠯᠠᠭᠠᠬᠤ ᠳᠤ | ᠡᠷᠬᠡᠪᠰᠢ ᠳᠤᠮᠳᠠᠳᠤ ᠤᠯᠤᠰ ᠤᠨ ᠡᠪ ᠬᠠᠮᠲᠤ ᠨᠠᠮ ᠢ ᠣᠶᠢᠯᠠᠭᠠᠬᠤ ᠬᠡᠷᠡᠭᠲᠡᠢ᠃ᠶᠡᠭᠡ ᠬᠤᠷᠠᠯ ᠠᠴᠠ ᠥᠩᠭᠡᠷᠡᠭᠰᠡᠨ ᠲᠠᠪᠤᠨ | ᠵᠢᠯ ᠤᠨ ᠠᠵᠢᠯ ᠪᠣᠯᠣᠨ ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠠᠭᠤᠤ ᠶᠡᠭᠡ ᠬᠤᠪᠢᠰᠤᠯᠲᠠ ᠶᠢ ᠳ᠋ᠦᠩᠨᠡᠪᠡ᠃ᠰᠢᠨ᠎ᠡ | ᠴᠠᠭ ᠦᠶ᠎ᠡ ᠶᠢᠨ ᠠᠷᠪᠠᠨ ᠵᠢᠯ ᠤᠨ ᠠᠭᠤᠤ ᠶᠡᠭᠡ ᠬᠤᠪᠢᠰᠤᠯᠲᠠ ᠶᠢ ᠡᠷᠭᠢᠴᠡᠭᠦᠯᠪᠡᠯ᠂ ᠲᠤᠶᠢᠯ ᠤᠨ ᠶᠡᠷᠦ ᠪᠤᠰᠤ ᠶᠢᠨ ᠪᠠ | ᠲᠤᠶᠢᠯ ᠤᠨ ᠶᠡᠷᠦ ᠪᠤᠰᠤ ᠶᠢᠨ ᠭᠡᠵᠦ ᠬᠡᠯᠡᠵᠦ ᠪᠣᠯᠣᠨ᠎ᠠ᠃ᠰᠢᠨ᠎ᠡ ᠴᠠᠭ ᠦᠶ᠎ᠡ ᠶᠢᠨ ᠨᠠᠮ ᠤᠨ ᠭᠡᠰᠢᠭᠦᠨ ᠪᠣᠯᠤᠭᠰᠠᠨ ᠤ | ᠬᠤᠪᠢ ᠳᠤ᠂ ᠪᠢᠳᠡ ᠨᠡᠩ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ | ᠬᠦᠰᠡᠯᠡᠩ ᠲᠠᠢ ᠪᠥᠭᠡᠳ ᠯᠠᠪᠳᠠᠭᠤᠨ ᠪᠠᠲᠤᠲᠠᠢ ᠠᠵᠢᠯᠯᠠᠵᠤ᠂ ᠵᠣᠷᠢᠭᠲᠠᠢ ᠪᠠᠷ ᠰᠡᠳᠬᠢᠵᠦ ᠵᠣᠷᠢᠭᠲᠠᠢ ᠪᠠᠷ ᠬᠢᠬᠦ ᠪᠥᠭᠡᠳ | ᠴᠢᠳᠠᠮᠠᠭᠠᠢ ᠪᠠᠷ ᠬᠢᠵᠦ ᠴᠢᠳᠠᠮᠠᠭᠠᠢ ᠪᠠᠷ ᠪᠦᠲᠦᠭᠡᠵᠦ᠂ ᠬᠦᠰᠡᠯᠡᠩ ᠲᠠᠢ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠳᠡᠭ᠂ | ᠬᠦᠴᠢᠷ ᠵᠣᠪᠠᠭᠤᠷᠢ ᠶᠢ ᠠᠮᠰᠠᠵᠤ ᠴᠢᠳᠠᠳᠠᠭ᠂ ᠴᠢᠷᠮᠠᠶᠢᠨ ᠲᠡᠮᠡᠴᠡᠳᠡᠭ ᠰᠢᠨ᠎ᠡ ᠴᠠᠭ ᠦᠶ᠎ᠡ ᠶᠢᠨ ᠰᠠᠶᠢᠨ ᠨᠠᠮ ᠤᠨ ᠭᠡᠰᠢᠭᠦᠨ | ᠪᠣᠯᠬᠤ ᠪᠠᠷ ᠵᠣᠷᠢᠭ ᠰᠢᠭᠤᠳᠬᠤ ᠬᠡᠷᠡᠭᠲᠡᠢ︔ᠬᠤᠪᠢ ᠬᠥᠮᠥᠨ ᠤ ᠬᠦᠰᠡᠯᠡᠩ ᠢᠶᠠᠨ ᠨᠡᠶᠢᠭᠡᠮ ᠤᠨ ᠬᠦᠰᠡᠯᠡᠩ ᠳᠤ ᠠᠭᠤᠰᠬᠠᠵᠤ᠂ | ᠰᠢᠷᠭᠠᠭᠤ ᠬᠠᠲᠠᠭᠤᠵᠢᠯᠲᠠᠢ ᠪᠠᠷ ᠠᠵᠢᠯᠯᠠᠨ᠂ ᠡᠷᠡᠯᠬᠡᠭᠯᠡᠨ ᠤᠷᠤᠭᠰᠢᠯᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ | ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ | ᠲᠠᠯ᠎ᠠ ᠪᠠᠷ ᠲᠦᠯᠬᠢᠨ ᠠᠬᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ! | ᠶᠦᠨ ᠰᠢᠤᠸᠠᠢ ᠺᠦᠢ ᠭᠡᠳᠡᠭ | ᠲᠡᠦᠬᠡ ᠶᠢᠨ ᠳᠤᠷᠠᠰᠬᠠᠯᠲᠤ ᠵᠦᠢᠯ ᠤᠨ ᠰᠤᠳᠤᠯᠬᠤ ᠭᠠᠵᠠᠷ ᠤᠨ ᠳᠠᠷᠤᠭ᠎ᠠ | ᠡᠩ ᠲᠡᠷᠢᠭᠦᠨ ᠳᠤ ᠲᠡᠦᠬᠡ ᠶᠢᠨ ᠡᠨᠡᠬᠦ ᠳᠠᠪᠬᠤᠷᠭ᠎ᠠ ᠶᠢ ᠡᠷᠭᠢᠴᠡᠭᠦᠯᠬᠦ ᠳᠤ᠂ ᠮᠠᠨ ᠤ ᠤᠯᠤᠰ ᠡᠳᠦᠷ ᠢᠷᠡᠬᠦᠶ᠎ᠡ | ᠮᠢᠩᠭᠠᠨ ᠭᠠᠵᠠᠷ ᠤᠨ ᠲᠦᠷᠭᠡᠨ ᠬᠤᠷᠳᠤᠴᠠ ᠪᠠᠷ ᠬᠥᠭᠵᠢᠵᠦ᠂ ᠥᠩᠭᠡᠷᠡᠭᠰᠡᠨ ᠳᠤ ᠠᠩᠭ᠍ᠯᠢ ᠠᠴᠠ ᠳᠠᠪᠠᠭᠰᠠᠨ ᠭᠤᠶᠤ | ᠰᠠᠶᠢᠬᠠᠨ ᠤ ᠬᠦᠰᠡᠯ ᠵᠡᠭᠦᠳᠦ ᠶᠢ ᠲᠡᠷᠭᠡᠯᠰᠢᠭᠦᠯᠵᠦ ᠪᠠᠶᠢᠭᠰᠠᠨ ᠢᠶᠠᠨ ᠤᠳᠤ ᠠᠯᠬᠤᠮ ᠠᠯᠬᠤᠮ ᠢᠶᠠᠷ ᠪᠡᠶᠡᠯᠡᠭᠦᠯᠵᠦ ᠪᠠᠶᠢᠨ᠎ᠠ᠃ | ᠡᠨᠡ ᠬᠦ ᠵᠠᠭᠤᠨ ᠵᠢᠯ ᠤᠨ ᠬᠥᠭᠵᠢᠯᠲᠡ ᠶᠢᠨ ᠶᠠᠪᠤᠴᠠ ᠳᠤ᠂ ᠮᠠᠷᠺᠰ ᠤᠨ ᠦᠵᠡᠯ ᠨᠢ ᠳᠤᠮᠳᠠᠳᠤ ᠤᠯᠤᠰ ᠤᠨ ᠲᠡᠦᠬᠡ ᠶᠢᠨ | ᠬᠥᠭᠵᠢᠯᠲᠡ ᠶᠢᠨ ᠪᠦᠯᠦᠭ ᠳᠡᠪᠲᠡᠷ ᠲᠤ ᠭᠦᠨ ᠲᠤᠰᠬᠠᠭᠳᠠᠵᠤ᠂ ᠡᠭᠦᠨ ᠳᠤ ᠦᠨᠳᠦᠰᠦᠯᠡᠵᠦ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠢ ᠲᠤᠯᠭᠠᠭᠤᠷᠢᠯᠠᠭᠰᠠᠨ ᠪᠠᠶᠢᠨ᠎ᠠ᠃ᠲᠡᠦᠬᠡ ᠶᠢᠨ ᠬᠥᠭᠵᠢᠯᠲᠡ ᠶᠢᠨ ᠳᠤᠮᠳᠠ᠂ ᠮᠠᠷᠺᠰ ᠤᠨ | ᠦᠵᠡᠯ ᠢ ᠳᠤᠮᠳᠠᠳᠤ ᠤᠯᠤᠰ ᠤᠨ ᠴᠠᠭ ᠦᠶ᠎ᠡ᠂ ᠳᠤᠮᠳᠠᠳᠤ ᠤᠯᠤᠰ ᠤᠨ ᠣᠨᠴᠠᠯᠢᠭ ᠲᠠᠢ ᠲᠠᠰᠤᠷᠠᠯᠳᠡ ᠦᠭᠡᠢ | ᠤᠶᠠᠯᠳᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠢᠶᠠᠷ ᠲᠥᠯᠥᠭᠡᠯᠡᠭᠦᠯᠦᠭᠰᠡᠨ ᠤᠳᠤᠷᠢᠳᠬᠤ ᠬᠥᠮᠥᠰ ᠤᠶᠤᠨ | ᠤᠬᠠᠭᠠᠨ ᠪᠣᠯᠣᠨ ᠡᠭᠦᠳᠦᠨ ᠨᠡᠭᠡᠭᠡᠬᠦ ᠵᠣᠷᠢᠭ ᠰᠠᠨᠠᠭ᠎ᠠ ᠪᠠᠷ ᠲᠡᠭᠦᠨ ᠢ ᠳᠤᠮᠳᠠᠳᠤ ᠤᠯᠤᠰ ᠤᠨ ᠬᠥᠭᠵᠢᠯᠲᠡ ᠲᠠᠢ | ᠤᠶᠠᠯᠳᠤᠭᠤᠯᠵᠤ᠂ ᠳᠤᠮᠳᠠᠳᠤ ᠤᠯᠤᠰ ᠤᠨ ᠬᠥᠭᠵᠢᠯᠲᠡ ᠶᠢ ᠵᠢᠯᠤᠭᠤᠳᠴᠤ ᠪᠠᠶᠢᠨ᠎ᠠ᠃ᠡᠳᠦᠭᠡ ᠮᠠᠷᠺᠰ ᠤᠨ ᠦᠵᠡᠯ ᠢ | ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠬᠠᠭᠤᠳᠠᠰᠤ ᠶᠢ ᠲᠠᠰᠤᠷᠠᠯᠲᠠ ᠦᠭᠡᠢ ᠪᠢᠴᠢᠭᠯᠡᠬᠦ ᠨᠢ ᠪᠠᠰᠠ ᠴᠤ | ᠤᠳᠤ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠲᠥᠪ ᠴᠢᠩᠭ᠎ᠠ ᠲᠡᠦᠬᠡᠲᠦ ᠬᠠᠷᠢᠭᠤᠴᠠᠯᠭ᠎ᠠ ᠪᠣᠯᠤᠭᠰᠠᠨ | ᠪᠠᠶᠢᠨ᠎ᠠ᠃ᠲᠡᠦᠬᠡ ᠶᠢᠨ ᠶᠠᠪᠤᠴᠠ ᠳᠤ᠂ ᠮᠠᠷᠺᠰ ᠤᠨ ᠦᠵᠡᠯ ᠤᠨ ᠭᠦᠨ ᠤᠬᠠᠭᠠᠨ ᠪᠢᠳᠡᠨ ᠳᠤ ᠬᠥᠭᠵᠢᠯᠲᠡ ᠶᠢᠨ ᠬᠠᠷᠠᠴᠠ ᠪᠠᠷ | ᠠᠰᠠᠭᠤᠳᠠᠯ ᠢ ᠦᠵᠡᠵᠦ᠂ ᠬᠠᠭᠤᠴᠢᠨ ᠠᠰᠠᠭᠤᠳᠠᠯ ᠢ ᠰᠢᠢᠳᠪᠦᠷᠢᠯᠡᠪᠡᠯ᠂ ᠰᠢᠨ᠎ᠡ ᠵᠥᠷᠢᠴᠡᠯ ᠯᠠᠪᠲᠠᠢ ᠪᠤᠢ ᠪᠣᠯᠣᠨ᠎ᠠ ᠭᠡᠳᠡᠭ ᠢ | ᠬᠡᠯᠡᠵᠦ ᠥᠭᠴᠡᠢ᠃ᠣᠳᠣᠬᠢ ᠱᠠᠲᠤᠨ ᠳᠤ ᠮᠠᠨ ᠤ ᠤᠯᠤᠰ ᠲᠤ ᠲᠤᠯᠭᠠᠷᠠᠵᠤ ᠪᠠᠶᠢᠭ᠎ᠠ ᠭᠤᠣᠯ ᠠᠰᠠᠭᠤᠳᠠᠯ ᠪᠣᠯ︽ᠥᠨᠳᠥᠷ | ᠲᠦᠪᠰᠢᠨ ᠲᠠᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠮᠵᠢ ᠶᠢ ᠪᠠᠶᠢᠭᠤᠯᠬᠤ︾᠂ | ︽ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠥᠮ ᠢ ᠪᠠᠶᠢᠭᠤᠯᠬᠤ︾᠂︽ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ︾᠂︽ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ︾᠂ | ︽ᠥᠨᠳᠥᠷ ᠲᠦᠪᠰᠢᠨ ᠲᠠᠢ ᠭᠠᠳᠠᠭᠠᠳᠤ ᠨᠡᠭᠡᠭᠡᠯᠲᠡ ᠶᠢ ᠠᠬᠢᠭᠤᠯᠬᠤ︾ ᠪᠠᠷ ᠨᠡᠶᠢᠭᠡᠮ ᠤᠨ ᠪᠦᠲᠦᠭᠡᠨ ᠪᠠᠶᠢᠭᠤᠯᠤᠭᠴᠢ ᠪᠣᠯᠭᠠᠬᠤ | ᠶᠠᠪᠤᠳᠠᠯ ᠪᠣᠯᠣᠨ᠎ᠠ᠃ ᠨᠡᠶᠢᠭᠡᠮ ᠤᠨ ᠣᠷᠣᠯᠴᠠᠭᠰᠠᠳ ᠤᠨ ᠡᠳᠡᠭᠡᠷ ᠡᠭᠦᠷᠭᠡ ᠨᠢ ᠪᠢᠳᠡᠨ ᠲᠠᠢ ᠨᠢᠭᠲᠠ ᠬᠤᠯᠪᠣᠭ᠎ᠠ ᠲᠠᠢ ᠶᠤᠮ᠂ | ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠥᠴᠥᠬᠡᠨ ᠴᠦ ᠭᠤᠶᠢᠪᠢᠰᠢ ᠦᠭᠡᠢ ᠪᠠᠷᠢᠮᠲᠠᠯᠠᠵᠤ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠶᠣᠰᠣ ᠤᠴᠢᠷ ᠢ ᠪᠠᠷᠢᠮᠲᠠᠯᠠᠵᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠪᠣᠯ | ᠠᠷᠠᠳ ᠢᠷᠭᠡᠨ ᠨᠢᠭᠡᠪᠦᠷᠢ ᠶᠢᠨ ᠪᠡᠶ᠎ᠡ ᠳᠡᠭᠡᠷᠡᠬᠢ ᠬᠠᠷᠢᠭᠤᠴᠠᠯᠭ᠎ᠠ ᠪᠣᠯᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠶᠢᠨ | ᠤᠬᠠᠮᠰᠠᠷ ᠢᠶᠠᠨ ᠳᠡᠭᠡᠭᠰᠢᠯᠡᠭᠦᠯᠵᠦ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠬᠡᠷᠡᠭᠲᠡᠢ᠃ | | ᠵᠧᠨ ᠱᠤᠤ ᠬᠤᠸᠠ | ᠳ᠋ᠦᠩ ᠾᠧ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ | ᠪᠡᠶ᠎ᠡ ᠶᠢᠨ ᠲᠠᠮᠢᠷ ᠤᠨ ᠲᠠᠰᠤᠭ ᠤᠨ ᠳᠡᠳ᠋ ᠳᠠᠷᠤᠭ᠎ᠠ | 10 ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ | ᠤᠳᠠᠭᠠᠨ ᠤ ᠪᠥᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠦᠪᠡᠳᠡᠭᠰᠢ ᠶᠡᠬᠡᠪᠡᠷ ᠡᠬᠢᠯᠡᠯ᠎ᠡ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠨᠢ ᠦᠨᠳᠦᠰᠦᠲᠡᠨ ᠤ | ᠰᠡᠷᠭᠦᠨ ᠮᠠᠨᠳᠤᠯᠲᠠ ᠪᠠ ᠳᠡᠯᠡᠬᠡᠢ ᠶᠢᠨ ᠵᠠᠭᠤᠨ ᠵᠢᠯ ᠤᠨ ᠬᠤᠪᠢᠷᠠᠯᠲᠠ ᠶᠢᠨ ᠠᠰᠢᠭᠲᠠᠢ ᠪᠠᠶᠢᠷᠢᠨ ᠳᠤ ᠵᠣᠭᠰᠣᠵᠤ᠂ | ᠢᠷᠡᠭᠡᠳᠦᠢ ᠶᠢᠨ 5 ᠵᠢᠯ ᠴᠢᠨᠠᠭᠰᠢᠯᠠᠪᠠᠯ ᠨᠡᠩ ᠤᠷᠳᠤ ᠬᠤᠭᠤᠴᠠᠭᠠᠨ ᠳᠠᠬᠢ ᠨᠠᠮ ᠪᠠ ᠤᠯᠤᠰ ᠤᠨ ᠠᠵᠢᠯ ᠦᠢᠯᠡᠰ ᠤᠨ | ᠬᠥᠭᠵᠢᠯᠲᠡ ᠶᠢᠨ ᠬᠠᠷᠠᠯᠲᠠ ᠡᠭᠦᠷᠭᠡ ᠪᠠ ᠦᠨᠳᠦᠰᠦᠨ ᠪᠣᠳᠣᠯᠭ᠎ᠠ ᠴᠢᠭᠯᠡᠯᠲᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠯᠡᠵᠦ᠂ | ᠠᠯᠢ ᠤᠯᠠᠨ ᠰᠢᠨ᠎ᠡ ᠰᠡᠳᠬᠢᠴᠡ᠂ ᠰᠢᠨ᠎ᠡ ᠪᠠᠶᠢᠯᠳᠤᠬᠤ ᠪᠣᠳᠣᠯᠭ᠎ᠠ᠂ ᠰᠢᠨ᠎ᠡ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠭᠰᠠᠨ | ᠶᠠᠪᠤᠳᠠᠯ ᠪᠣᠯ ᠢᠷᠡᠭᠡᠳᠦᠢ ᠶᠢᠨ ᠬᠥᠭᠵᠢᠯᠲᠡ ᠶᠢ ᠵᠢᠯᠤᠭᠤᠳᠬᠤ ᠬᠥᠲᠥᠯᠪᠦᠷᠢ ᠶᠢᠨ ᠴᠢᠨᠠᠷᠲᠠᠢ ᠲᠤᠯᠭᠤᠷ ᠪᠢᠴᠢᠭ ᠮᠥᠨ᠃ᠶᠡᠭᠡ | ᠬᠤᠷᠠᠯ ᠤᠨ ᠢᠯᠡᠳᠬᠡᠯ ᠬᠥᠮᠥᠰ ᠤᠨ ᠰᠡᠳᠬᠢᠯ ᠢ ᠲᠤᠶᠢᠯ ᠢᠶᠠᠷ ᠬᠥᠭᠵᠢᠭᠡᠵᠦ᠂ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ ᠬᠦᠷᠲᠡᠯ᠎ᠡ᠂ ᠠᠷᠪᠠᠨ ᠵᠢᠯ ᠤᠨ ᠡᠷᠡᠮᠡᠬᠡᠶᠢᠯᠡᠨ ᠲᠠᠪᠰᠢᠬᠰᠠᠨ | ᠬᠤᠭᠤᠴᠠᠭᠠᠨ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠪᠦᠬᠦ ᠤᠯᠤᠰ ᠤᠨ ᠠᠷᠠᠳ ᠲᠦᠮᠡᠨ ᠢ ᠳᠠᠭᠠᠭᠤᠯᠤᠨ ᠴᠠᠭ | ᠦᠶ᠎ᠡ ᠶᠢᠨ ᠢᠷᠠᠭᠤ ᠬᠠᠭᠤᠳᠠᠰᠤ ᠶᠢ ᠪᠢᠴᠢᠭᠯᠡᠵᠦ᠂ ᠰᠦᠷᠯᠢᠭ ᠰᠠᠶᠢᠬᠠᠨ ᠵᠢᠷᠤᠭ ᠢ ᠵᠢᠷᠤᠭᠯᠠᠪᠠ᠃ᠦᠨᠳᠦᠰᠦᠨ ᠱᠠᠲᠤᠨ ᠤ | ᠺᠠᠳ᠋ᠷ ᠪᠣᠯᠤᠭᠰᠠᠨ ᠤ ᠬᠤᠪᠢ ᠳᠤ᠂ ᠪᠢ ᠨᠠᠮ ᠯᠤᠭ᠎ᠠ ᠰᠡᠳᠬᠢᠯ ᠰᠠᠨᠠᠭ᠎ᠠ ᠪᠠᠨ ᠨᠢᠭᠡᠳᠬᠡᠵᠦ᠂ ᠪᠦᠯᠬᠦᠮᠳᠡᠨ ᠲᠡᠮᠡᠴᠡᠬᠦ ᠤᠯᠤᠰ | ᠲᠦᠷᠦ ᠶᠢᠨ ᠣᠣᠷ ᠴᠢᠨᠠᠷ ᠢᠶᠠᠨ ᠢᠮᠠᠭᠲᠠ ᠪᠠᠷᠢᠮᠲᠠᠯᠠᠵᠤ᠂ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ | ᠨᠠᠮ ᠢᠶᠠᠨ ᠲᠠᠭᠠᠵᠤ᠂ ᠬᠠᠷᠢᠭᠤᠴᠠᠯᠭ᠎ᠠ ᠪᠠᠨ ᠰᠡᠳᠬᠢᠯ ᠠᠴᠠ ᠪᠠᠨ ᠮᠡᠳᠡᠬᠦ᠂ ᠬᠠᠷᠢᠭᠤᠴᠠᠯᠭ᠎ᠠ ᠪᠠᠨ ᠥᠪᠡᠷ ᠤᠨ ᠪᠡᠶ᠎ᠡ ᠳᠡᠭᠡᠨ | ᠬᠠᠷᠢᠭᠤᠴᠠᠬᠤ᠂ ᠬᠠᠷᠢᠭᠤᠴᠠᠯᠭ᠎ᠠ ᠪᠠᠨ ᠡᠭᠦᠷᠭᠡᠯᠡᠬᠦ ᠶᠢ ᠴᠢᠷᠮᠠᠶᠢᠨ ᠪᠡᠶᠡᠯᠡᠭᠦᠯᠵᠦ᠂ ᠵᠣᠷᠢᠭᠲᠠᠢ ᠪᠠᠷ ᠤᠷᠤᠭᠰᠢᠯᠠᠨ ᠲᠠᠪᠰᠢᠬᠤ᠂ | ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ᠂ ᠯᠠᠪᠳᠠᠭᠤᠨ ᠪᠠᠲᠤᠲᠠᠢ᠂ ᠦᠨᠡᠨᠬᠦ | ᠠᠳᠬᠤᠵᠤ ᠪᠣᠳᠠᠲᠠᠢ ᠠᠵᠢᠯᠯᠠᠬᠤ ᠠᠵᠢᠯ ᠤᠨ ᠰᠤᠷᠲᠠᠯ ᠢᠶᠠᠷ ᠢᠲᠡᠭᠡᠯ ᠵᠣᠷᠢᠭ ᠢᠶᠠᠨ ᠪᠠᠲᠤᠳᠬᠠᠵᠤ᠂ ᠰᠢᠷᠭᠠᠭᠤ | ᠬᠠᠲᠠᠭᠤᠵᠢᠯᠲᠠᠢ ᠠᠵᠢᠯᠯᠠᠵᠤ᠂ ᠥᠪᠡᠷ ᠤᠨ ᠭᠡᠷᠡᠯ ᠪᠠ ᠢᠯᠴᠢ ᠪᠠᠨ ᠡᠷᠭᠦᠨ᠎ᠡ᠃ | ᠯᠢ ᠳ᠋ᠠᠨ | ᠳ᠋ᠦᠩ ᠾᠧ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠷᠠᠳᠢᠣ᠋ ᠲᠧᠯᠸᠢᠰ ᠤᠨ ᠲᠣᠪᠴᠢᠶ᠎ᠠ ᠶᠢᠨ | ᠭᠡᠰᠢᠭᠦᠴᠢ | 10 ᠰᠠᠷ᠎ᠠ ᠶᠢᠨ 16 ᠤ ᠡᠳᠦᠷ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠪᠠᠷ ᠬᠤᠷᠠᠯᠳᠤᠭᠰᠠᠨ | ᠶᠡᠷᠦᠩᠬᠡᠢ ᠱᠦᠵᠢ ᠶᠢᠨ ᠢᠯᠡᠳᠬᠡᠯ ᠨᠢ ᠥᠨᠳᠥᠷ ᠲᠤ ᠵᠣᠭᠰᠣᠨ ᠠᠯᠤᠰ ᠢ ᠪᠠᠷᠠᠯᠠᠵᠦ᠂ ᠰᠦᠷ ᠳᠠᠯᠠᠶᠢᠴᠠᠲᠠᠢ ᠶᠠᠪᠤᠭᠳᠠᠵᠤ᠂ | ᠳᠤᠮᠳᠠᠳᠤ ᠤᠯᠤᠰ ᠤᠨ ᠡᠪ ᠬᠠᠮᠲᠤᠴᠤᠳ ᠤᠨ ᠵᠣᠷᠢᠭᠲᠠᠢ ᠪᠠᠷ ᠰᠢᠨ᠎ᠡ ᠶᠢ ᠡᠭᠦᠳᠴᠦ᠂ ᠲᠠᠰᠤᠷᠠᠯᠲᠠ ᠦᠭᠡᠢ ᠵᠠᠮ ᠨᠡᠭᠡᠭᠡᠨ | ᠤᠷᠤᠭᠰᠢᠯᠠᠭᠰᠠᠨ ᠰᠢᠨ᠎ᠡ ᠳᠦᠷᠰᠦ ᠪᠠᠶᠢᠳᠠᠯ ᠢ ᠭᠦᠢᠴᠡᠳ ᠬᠠᠷᠠᠭᠤᠯᠵᠠᠢ᠂ ᠪᠢᠳᠡ ᠳᠤᠮᠳᠠᠳᠤ ᠤᠯᠤᠰ ᠤᠨ ᠢᠷᠡᠭᠡᠳᠦᠢ ᠶᠢᠨ | ᠣᠳᠣᠬᠢᠴᠢᠯᠠᠯᠲᠠ ᠶᠢᠨ ᠠᠤᠭ᠎ᠠ ᠵᠢᠷᠤᠭ ᠲᠥᠰᠥᠪ ᠢ ᠣᠯᠵᠤ ᠬᠠᠷᠠᠭᠰᠠᠨ ᠮᠥᠷᠲᠡᠭᠡᠨ ᠪᠠᠰᠠ ᠡᠨᠡ ᠬᠦ ᠴᠠᠭ ᠦᠶ᠎ᠡ ᠶᠢᠨ | ᠲᠠᠩᠰᠤᠭ ᠰᠠᠶᠢᠬᠠᠨ ᠲᠠᠪᠴᠠᠩ ᠢ ᠣᠯᠵᠤ ᠬᠠᠷᠠᠪᠠ᠂ ᠨᠡᠩ ᠴᠤ 9600 ᠭᠠᠷᠤᠢ ᠲᠦᠮᠡᠨ ᠨᠠᠮ ᠤᠨ ᠭᠡᠰᠢᠭᠦᠨ ᠤ ᠲᠡᠮᠦᠷ | ᠮᠥᠷ ᠤᠨ ᠬᠦᠨᠳᠦ ᠳᠠᠷᠤᠭᠠᠰᠤ ᠶᠢ ᠣᠯᠵᠤ ᠬᠠᠷᠠᠭᠰᠠᠨ ᠪᠠᠶᠢᠨ᠎ᠠ᠃ᠰᠢᠨ᠎ᠡ ᠴᠠᠭ ᠦᠶ᠎ᠡ᠂ ᠰᠢᠨ᠎ᠡ ᠠᠶᠠᠨ᠂ ᠰᠢᠨ᠎ᠡ ᠡᠭᠦᠷᠭᠡ | ᠬᠠᠷᠢᠭᠤᠴᠠᠯᠭ᠎ᠠ ᠨᠢ ᠦᠨᠳᠦᠰᠦᠨ ᠱᠠᠲᠤᠨ ᠤ ᠰᠣᠶᠣᠯ ᠵᠤᠭᠠᠴᠠᠯ ᠤᠨ ᠺᠠᠳ᠋ᠷ ᠪᠣᠯᠤᠭᠰᠠᠨ ᠤ ᠬᠤᠪᠢ ᠳᠤ᠂ ᠪᠢᠳᠡ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ | ᠬᠥᠭᠵᠢᠭᠦᠯᠬᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠬᠤ᠂ ᠠᠷᠠᠳ ᠲᠦᠮᠡᠨ ᠤ ᠡᠳᠦᠷ ᠢᠷᠡᠬᠦᠶ᠎ᠡ | ᠨᠡᠮᠡᠭᠳᠡᠵᠦ ᠪᠠᠶᠢᠭ᠎ᠠ ᠤᠶᠤᠨ ᠤ ᠰᠣᠶᠣᠯ ᠤᠨ ᠬᠡᠷᠡᠭᠴᠡᠭᠡ ᠶᠢ ᠬᠠᠩᠭᠠᠬᠤ ᠳᠤ ᠥᠪᠡᠷ ᠤᠨ ᠭᠡᠷᠡᠯ ᠪᠠ ᠢᠯᠴᠢ ᠪᠠᠨ ᠡᠷᠭᠦᠨ᠎ᠡ᠃ | ᠹᠠᠨ ᠯᠢ ᠲᠢᠩ | ᠳ᠋ᠦᠩ ᠾᠧ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠷᠠᠳᠢᠣ᠋ ᠲᠧᠯᠸᠢᠰ ᠤᠨ ᠲᠣᠪᠴᠢᠶ᠎ᠠ ᠶᠢᠨ | ᠭᠡᠰᠢᠭᠦᠴᠢ | ᠢᠯᠡᠳᠬᠡᠯ ᠳᠤ ᠶᠡᠷᠦᠩᠬᠡᠢ ᠱᠦᠵᠢ ᠰᠢ ᠶᠢᠨ ᠫᠢᠩ ᠪᠠᠰᠠ ᠨᠢᠭᠡ ᠤᠳᠠᠭ᠎ᠠ ᠵᠠᠯᠠᠭᠤᠴᠤᠳ ᠲᠤ ᠱᠠᠭᠠᠷᠳᠠᠯᠭ᠎ᠠ | ᠳᠤᠷᠠᠳᠴᠤ᠂ ︽ᠥᠷᠭᠡᠨ ᠤᠯᠠᠨ ᠵᠠᠯᠠᠭᠤᠴᠤᠳ ᠢ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ ᠨᠠᠮ ᠢᠶᠠᠨ | ᠳᠠᠭᠠᠵᠤ᠂ ᠬᠦᠰᠡᠯ ᠵᠡᠭᠦᠳᠦ ᠲᠠᠢ ᠪᠥᠭᠡᠳ ᠯᠠᠪᠳᠠᠭᠤᠨ ᠪᠠᠲᠤᠲᠠᠢ ᠠᠵᠢᠯᠯᠠᠵᠤ᠂ ᠵᠣᠷᠢᠭᠲᠠᠢ ᠪᠠᠷ ᠰᠡᠳᠬᠢᠵᠦ ᠵᠣᠷᠢᠭᠲᠠᠢ ᠪᠠᠷ | ᠬᠢᠬᠦ ᠪᠥᠭᠡᠳ ᠴᠢᠳᠠᠮᠠᠭᠠᠢ ᠪᠠᠷ ᠬᠢᠵᠦ ᠴᠢᠳᠠᠮᠠᠭᠠᠢ ᠪᠠᠷ ᠪᠦᠲᠦᠭᠡᠵᠦ᠂ ᠬᠦᠰᠡᠯᠡᠩ ᠲᠠᠢ᠂ ᠵᠣᠷᠢᠭᠲᠠᠢ ᠪᠠᠷ ᠬᠠᠷᠢᠭᠤᠴᠠᠯᠭ᠎ᠠ | ᠡᠭᠦᠷᠭᠡᠯᠡᠬᠦ᠂ ᠬᠦᠴᠢᠷ ᠵᠣᠪᠠᠭᠤᠷᠢ ᠶᠢ ᠠᠮᠰᠠᠵᠤ ᠴᠢᠳᠠᠬᠤ᠂ ᠴᠢᠷᠮᠠᠶᠢᠨ ᠲᠡᠮᠡᠴᠡᠬᠦ ᠰᠢᠨ᠎ᠡ ᠴᠠᠭ ᠦᠶ᠎ᠡ ᠶᠢᠨ ᠰᠠᠶᠢᠨ ᠵᠠᠯᠠᠭᠤ | ᠪᠣᠯᠬᠤ ᠪᠠᠷ ᠵᠣᠷᠢᠭ ᠰᠢᠭᠤᠳᠴᠤ᠂ ᠵᠠᠯᠠᠭᠤ ᠨᠠᠰᠤᠨ ᠤ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ | ᠪᠦᠲᠦᠭᠡᠨ ᠪᠠᠶᠢᠭᠤᠯᠬᠤ ᠭᠠᠯ ᠬᠠᠯᠠᠭᠤᠨ ᠦᠢᠯᠡᠳᠦᠯᠭᠡ ᠶᠢᠨ ᠳᠤᠮᠳᠠ ᠭᠡᠷᠡᠯ ᠰᠠᠴᠤᠷᠠᠩᠭᠤᠢ ᠴᠡᠴᠡᠭ ᠢ ᠪᠠᠳᠠᠷᠠᠭᠤᠯᠬᠤ ᠶᠢ | ᠱᠠᠭᠠᠷᠳᠠᠬᠤ ᠬᠡᠷᠡᠭᠲᠡᠢ︾᠃ ᠪᠢ ᠨᠠᠷᠢᠨ ᠬᠢᠨᠠᠮᠠᠭᠠᠢ ᠰᠣᠨᠣᠰᠬᠤ ᠳᠤᠮᠳᠠ ᠪᠠᠨ ᠰᠡᠳᠬᠢᠯ ᠤᠨ ᠳᠠᠪᠠᠯᠭᠠᠨ ᠣᠷᠭᠢᠯᠵᠤ᠂ ᠭᠦᠨ | ᠲᠥᠷᠥᠭᠳᠡᠯ ᠲᠠᠢ ᠪᠠᠶᠢᠯ᠎ᠠ᠃ᠵᠠᠯᠠᠭᠤ ᠪᠡᠯᠡᠳᠬᠡᠯ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠪᠢ ᠨᠠᠮ ᠤᠨ ᠬᠤᠷᠢᠳᠤᠭᠠᠷ | ᠶᠡᠭᠡ ᠬᠤᠷᠠᠯ ᠤᠨ ᠢᠯᠡᠳᠬᠡᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠤᠨ᠎ᠠ᠃ᠰᠤᠷᠤᠯᠴᠠᠯᠭ᠎ᠠ ᠶᠢᠨ | ᠳᠤᠮᠳᠠ ᠥᠪᠡᠷ ᠤᠨ ᠡᠯ᠎ᠡ ᠵᠦᠢᠯ ᠤᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠤᠨ ᠰᠢᠨᠵᠢᠯᠡᠬᠦ | ᠤᠬᠠᠭᠠᠨᠴᠢ ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠴᠠᠭ ᠢᠮᠠᠭᠲᠠ ᠤᠭ ᠰᠠᠨᠠᠭ᠎ᠠ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠢᠯᠡᠳᠬᠡᠯ ᠤᠨ ᠵᠣᠷᠢᠭ | ᠰᠠᠨᠠᠭ᠎ᠠ ᠶᠢ ᠵᠢᠯᠣᠭᠤᠳᠤᠯᠭ᠎ᠠ ᠪᠣᠯᠭᠠᠨ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠬᠤᠶᠢᠰᠢᠳᠠ ᠶᠢᠨ ᠰᠤᠷᠤᠯᠴᠠᠯᠭ᠎ᠠ᠂ | ᠠᠵᠢᠯ᠂ ᠠᠮᠢᠳᠤᠷᠠᠯ ᠳᠠᠭᠠᠨ ᠬᠡᠷᠡᠭᠯᠡᠬᠦ ᠬᠡᠷᠡᠭᠲᠡᠢ᠃ᠭᠦᠨᠵᠡᠭᠡᠢ ᠰᠤᠷᠤᠯᠴᠠᠬᠤ ᠶᠢ ᠪᠠᠷᠢᠮᠲᠠᠯᠠᠵᠤ᠂ ᠤᠯᠤᠰ ᠲᠦᠷᠦ ᠶᠢᠨ | ᠵᠣᠭᠰᠣᠯᠲᠠ᠂ ᠤᠯᠤᠰ ᠲᠦᠷᠦ ᠶᠢᠨ ᠴᠢᠭᠯᠡᠯ᠂ ᠤᠯᠤᠰ ᠲᠦᠷᠦ ᠶᠢᠨ ᠵᠠᠷᠴᠢᠮ᠂ ᠤᠯᠤᠰ ᠲᠦᠷᠦ ᠶᠢᠨ ᠵᠠᠮ ᠳᠡᠭᠡᠷ᠎ᠡ ᠨᠠᠮ ᠤᠨ | ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠴᠠᠭ ᠢᠮᠠᠭᠲᠠ ᠪᠠᠲᠤᠯᠠᠬᠤ ᠬᠡᠷᠡᠭᠲᠡᠢ᠃ | ᠯᠢᠦ ᠪᠢᠨ | ᠳ᠋ᠦᠩ ᠾᠧ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠷᠠᠳᠢᠣ᠋ ᠲᠧᠯᠸᠢᠰ ᠤᠨ ᠲᠣᠪᠴᠢᠶ᠎ᠠ ᠶᠢᠨ | ᠭᠡᠰᠢᠭᠦᠴᠢ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ | ᠲᠥᠯᠥᠭᠡᠯᠡᠭᠴᠢᠳ ᠤᠨ ᠶᠡᠭᠡ ᠬᠤᠷᠠᠯ 16 ᠤ ᠦᠳᠡ ᠶᠢᠨ ᠡᠮᠦᠨ᠎ᠡ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ | ᠳᠤ ᠡᠬᠢᠯᠡᠪᠡ᠃ᠰᠢ ᠶᠢᠨ ᠫᠢᠩ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠳᠤ | ᠢᠯᠡᠳᠬᠡᠯ ᠬᠢᠪᠡ᠃ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠬᠤ ᠪᠣᠯ ᠮᠠᠨ ᠤ ᠨᠠᠮ ᠤᠨ ᠲᠦᠷᠦ ᠪᠠᠷᠢᠬᠤ | ᠦᠨᠳᠦᠰᠦᠨ ᠣᠶᠢᠯᠠᠭᠠᠭᠳᠠᠬᠤᠨ ᠮᠥᠨ᠂ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ | ᠪᠠᠷᠢᠮᠲᠠᠯᠠᠨ ᠬᠥᠭᠵᠢᠭᠦᠯᠬᠦ ᠦᠨᠳᠦᠰᠦᠨ ᠠᠷᠭ᠎ᠠ ᠪᠣᠳᠣᠯᠭ᠎ᠠ ᠮᠥᠨ᠃ᠰᠢ ᠶᠢᠨ ᠫᠢᠩ ᠶᠡᠷᠦᠩᠬᠡᠢ ᠱᠦᠵᠢ ᠮᠤᠵᠢ ᠶᠠᠮᠤᠨ ᠤ | ᠳᠡᠰ ᠤᠨ ᠭᠤᠣᠯ ᠤᠳᠤᠷᠢᠳᠬᠤ ᠺᠠᠳ᠋ᠷᠴᠤᠳ ᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠳᠤ | ᠴᠢᠬᠤᠯᠠᠴᠢᠯᠠᠭᠰᠠᠨ ᠨᠢ᠄ ︽ᠤᠷᠤᠭᠰᠢᠯᠠᠯᠲᠠ ᠶᠢᠨ ᠵᠠᠮ ᠳᠡᠭᠡᠷ᠎ᠡ᠂ ᠪᠦᠬᠦ ᠨᠠᠮ ᠢᠶᠠᠷ ᠢᠶᠠᠨ ᠪᠦᠬᠦ ᠰᠡᠳᠬᠢᠯ ᠪᠦᠬᠦ | ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠪᠠᠷᠢᠮᠲᠠᠯᠠᠵᠤ᠂ ᠤᠯᠡᠠ ᠲᠦᠮᠡᠨᠴᠢ | ᠦᠵᠡᠯᠲᠡ ᠶᠢ ᠪᠠᠲᠤ ᠪᠠᠬᠢ ᠪᠤᠢ ᠪᠣᠯᠭᠠᠵᠤ᠂ ᠤᠯᠡᠠ ᠲᠦᠮᠡᠨᠴᠢ ᠱᠤᠭᠤᠮ ᠢ ᠲᠤᠤᠱᠯᠠᠭᠤᠯᠤᠨ᠂ ᠠᠷᠠᠳ ᠲᠦᠮᠡᠨ ᠤ ᠡᠭᠦᠳᠦᠨ | ᠪᠦᠲᠦᠭᠡᠬᠦ ᠵᠣᠷᠢᠭ ᠰᠠᠨᠠᠭ᠎ᠠ ᠶᠢ ᠬᠦᠨᠳᠦᠳᠬᠡᠵᠦ᠂ ᠠᠯᠢᠪᠠ ᠪᠦᠬᠦᠠ ᠳᠤ ᠠᠷᠠᠳ ᠲᠦᠮᠡᠨ ᠤ ᠲᠥᠯᠥᠭᠡ ᠪᠠᠶᠢᠬᠤ᠂ ᠠᠯᠢᠪᠠ | ᠪᠦᠬᠦᠠ ᠳᠤ ᠠᠷᠠᠳ ᠲᠦᠮᠡᠨ ᠢ ᠲᠦᠰᠢᠭᠯᠡᠬᠦ᠂ ᠤᠯᠡᠠ ᠲᠦᠮᠡᠨ ᠤ ᠳᠣᠲᠣᠷ᠎ᠠ ᠠᠴᠠ ᠠᠪᠴᠤ ᠤᠯᠡᠠ ᠲᠦᠮᠡᠨ ᠤ ᠳᠤᠮᠳᠠ | ᠬᠡᠷᠡᠭᠵᠢᠭᠦᠯᠬᠦ ᠶᠢ ᠪᠠᠷᠢᠮᠲᠠᠯᠠᠵᠤ᠂ ᠠᠷᠠᠳ ᠤᠯᠡᠠ ᠯᠤᠭ᠎ᠠ ᠶᠢᠨ ᠴᠢᠰᠤ ᠮᠢᠬᠠᠨ ᠤ ᠪᠠᠷᠢᠯᠳᠤᠯᠭ᠎ᠠ ᠪᠠᠨ ᠢᠮᠠᠭᠲᠠ ᠪᠠᠷᠢᠮᠲᠠᠯᠠᠵᠤ᠂ | ᠠᠷᠠᠳ ᠲᠦᠮᠡᠨ ᠤ ᠰᠢᠭᠦᠮᠵᠢᠯᠡᠯ ᠪᠠ ᠬᠢᠨᠠᠯᠲᠠ ᠶᠢ ᠢᠮᠠᠭᠲᠠ ᠬᠦᠯᠢᠶᠡᠵᠦ᠂ ᠠᠷᠠᠳ ᠲᠦᠮᠡᠨ ᠲᠠᠢ ᠰᠡᠳᠬᠢᠯ ᠰᠠᠨᠠᠭ᠎ᠠ ᠪᠠᠨ | ᠨᠢᠭᠡᠳᠬᠡᠵᠦ᠂ ᠬᠤᠪᠢ ᠵᠠᠶᠠᠭ᠎ᠠ ᠪᠠᠨ ᠬᠠᠮᠲᠤᠳᠬᠠᠨ᠂ ᠰᠡᠳᠬᠢᠯ ᠵᠢᠷᠦᠬᠡ ᠪᠠᠨ ᠬᠤᠯᠪᠣᠬᠤ ᠬᠡᠷᠡᠭᠲᠡᠢ︾ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠨᠢ ᠮᠠᠨ ᠤ ᠨᠠᠮ ᠤᠨ ᠠᠷᠠᠳ ᠲᠦᠮᠡᠨ ᠢ ᠳᠡᠭᠡᠳᠦᠯᠡᠬᠦ ᠶᠢ | ᠪᠠᠷᠢᠮᠲᠠᠯᠠᠬᠤ ᠦᠷᠳᠡᠭ ᠤᠨ ᠬᠥᠭᠡᠭᠡᠴᠡᠯᠳᠦᠯ ᠢ ᠢᠯᠡᠷᠡᠭᠦᠯᠵᠦ᠂ ᠳᠤᠮᠳᠠᠳᠤ ᠤᠯᠤᠰ ᠤᠨ ᠡᠪ ᠬᠠᠮᠲᠤᠴᠤᠳ ᠤᠨ ᠳᠤᠮᠳᠠᠳᠤ | ᠤᠯᠤᠰ ᠤᠨ ᠠᠷᠠᠳ ᠲᠦᠮᠡᠨ ᠳᠤ ᠵᠣᠯ ᠵᠢᠷᠭᠠᠯ ᠣᠯᠭᠤᠬᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ | ᠪᠡᠶᠡᠯᠡᠭᠦᠯᠬᠦ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠢᠯᠡᠷᠡᠭᠦᠯᠵᠦ᠂ ᠪᠦᠬᠦ ᠨᠠᠮ ᠢᠶᠠᠷ ᠢᠶᠠᠨ ᠠᠷᠠᠳ ᠲᠦᠮᠡᠨ ᠤ ᠵᠣᠯ | ᠵᠢᠷᠭᠠᠯ ᠤᠨ ᠲᠥᠯᠥᠭᠡ ᠴᠥᠬᠦᠷᠡᠰᠢ ᠦᠭᠡᠢ ᠲᠡᠮᠡᠴᠡᠬᠦ ᠶᠢ ᠵᠣᠷᠢᠭᠵᠢᠭᠤᠯᠪᠠ᠃ | ᠵᠢᠶᠠ ᠶᠢᠨ ᠢᠦᠢ | ᠳ᠋ᠦᠩ ᠾᠧ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠷᠠᠳᠢᠣ᠋ ᠲᠧᠯᠸᠢᠰ ᠤᠨ ᠲᠣᠪᠴᠢᠶ᠎ᠠ ᠶᠢᠨ | ᠭᠡᠰᠢᠭᠦᠴᠢ | ᠨᠠᠮ ᠤᠨ ᠬᠤᠷᠢᠳᠤᠭᠠᠷ ᠶᠡᠭᠡ ᠬᠤᠷᠠᠯ ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ | ᠪᠦᠲᠦᠭᠡᠨ ᠪᠠᠶᠢᠭᠤᠯᠬᠤ ᠰᠢᠨ᠎ᠡ ᠠᠶᠠᠨ ᠵᠠᠮ ᠳᠤ ᠣᠷᠣᠬᠤ ᠵᠠᠩᠭᠢᠯᠠᠭ᠎ᠠ ᠶᠢᠨ ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ | ᠲᠤᠶᠢᠯ ᠤᠨ ᠴᠢᠬᠤᠯᠠ ᠶᠡᠭᠡ ᠬᠤᠷᠠᠯ ᠪᠣᠯᠣᠨ᠎ᠠ᠂ ᠶᠡᠷᠦᠩᠬᠡᠢ ᠱᠦᠵᠢ ᠰᠢ ᠶᠢᠨ ᠫᠢᠩ ᠤᠨ ᠢᠯᠡᠳᠬᠡᠯ ᠢ ᠰᠣᠨᠣᠰᠬᠤ ᠪᠠᠷ | ᠲᠠᠮᠵᠢᠨ᠂ ᠮᠢᠨᠤ ᠤᠭ ᠰᠠᠨᠠᠭ᠎ᠠ ᠪᠠᠨ ᠦᠢᠯᠡᠳᠦᠯᠭᠡᠵᠢᠭᠦᠯᠬᠦ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ ᠬᠠᠯᠠᠭᠤᠨ | ᠰᠡᠳᠬᠢᠯᠭᠡ ᠶᠢ ᠬᠥᠭᠵᠢᠭᠡᠵᠡᠢ᠃ᠰᠢᠨ᠎ᠡ ᠴᠠᠭ ᠦᠶ᠎ᠡ ᠶᠢᠨ ᠵᠠᠯᠠᠭᠤ ᠺᠠᠳ᠋ᠷ ᠪᠣᠯᠤᠭᠰᠠᠨ ᠤ ᠬᠤᠪᠢ ᠳᠤ᠂ ᠪᠢ ᠠᠵᠢᠯ ᠤᠨ | ᠪᠠᠶᠢᠷᠢ ᠳᠠᠭᠠᠨ ᠰᠠᠭᠤᠷᠢᠯᠠᠵᠤ᠂ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠵᠦ᠂ ᠮᠡᠳᠡᠬᠦᠢ ᠬᠢᠬᠦᠢ ᠶᠢ ᠨᠢᠭᠡᠳᠬᠡᠬᠦ ᠳᠤᠮᠳᠠ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠭᠠᠷᠭᠠᠨ᠎ᠠ᠃ | ᠸᠠᠩ ᠹᠠᠩ | ᠳ᠋ᠦᠩ ᠾᠧ ᠲᠣᠭᠤᠷᠢᠭ ᠤᠨ ᠰᠣᠶᠣᠯ ᠤᠨ ᠣᠷᠳᠣᠨ ᠤ ᠭᠡᠰᠢᠭᠦᠴᠢ | 10 ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠬᠤᠷᠢᠳᠤᠭᠠᠷ ᠤᠳᠠᠭᠠᠨ ᠤ ᠪᠥᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠪᠡᠭᠡᠵᠢᠩ ᠤᠨ ᠠᠷᠠᠳ ᠤᠨᠳᠤᠮᠳᠠᠳᠤ | ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ | ᠪᠣᠯ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠨᠡᠶᠢᠭᠡᠮ ᠵᠢᠷᠤᠮ ᠤᠨ ᠣᠳᠣᠬᠢᠴᠢᠯᠠᠭᠰᠠᠨ | ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ | ᠬᠠᠷᠠᠯᠲᠠ ᠲᠡᠰᠢ ᠤᠷᠤᠭᠰᠢᠯᠠᠬᠤ ᠵᠠᠩᠭᠢᠯᠠᠭ᠎ᠠ ᠶᠢᠨ ᠴᠠᠭ ᠮᠥᠴᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠤᠶᠢᠯ ᠤᠨ | ᠴᠢᠬᠤᠯᠠ ᠶᠡᠭᠡ ᠬᠤᠷᠠᠯ ᠪᠣᠯᠣᠨ᠎ᠠ᠃ᠶᠡᠭᠡ ᠬᠤᠷᠠᠯ ᠤᠨ ᠢᠯᠡᠳᠬᠡᠯ ᠢ ᠬᠢᠨᠠᠮᠠᠭᠠᠢ ᠰᠣᠨᠣᠰᠬᠤ ᠪᠠᠷ ᠳᠠᠮᠵᠢᠭᠤᠯᠤᠨ᠂ ᠨᠠᠮ ᠤᠨ | ᠬᠠᠷᠢᠴᠠᠯᠠᠰᠢ ᠦᠭᠡᠢ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠬᠢᠨᠠᠮᠠᠭᠠᠢ ᠰᠠᠶᠢᠲᠤᠷ ᠰᠤᠷᠤᠯᠴᠠᠵᠤ᠂ ᠰᠠᠶᠢᠲᠤᠷ ᠣᠶᠢᠯᠠᠭᠠᠨ ᠰᠠᠶᠢᠲᠤᠷ ᠲᠤᠤᠱᠯᠠᠭᠤᠯᠵᠤ᠂ ᠤᠬᠠᠮᠰᠠᠷ ᠠᠴᠠ ᠪᠠᠨ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠦᠵᠡᠯ ᠰᠠᠨᠠᠭ᠎ᠠ ᠪᠠᠨ ᠨᠢᠭᠡᠳᠬᠡᠵᠦ᠂ ᠨᠠᠮ ᠤᠨ ᠬᠤᠷᠢᠳᠤᠭᠠᠷ | ᠶᠡᠭᠡ ᠬᠤᠷᠠᠯ ᠤᠨ ᠢᠯᠡᠳᠬᠡᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠣᠶᠢᠯᠠᠭᠠᠬᠤ ᠶᠢ ᠣᠳᠣᠬᠠᠨ ᠤ ᠪᠠ | ᠬᠤᠶᠢᠰᠢᠳᠠ ᠶᠢᠨ ᠴᠢᠬᠤᠯᠠ ᠤᠯᠤᠰ ᠲᠦᠷᠦ ᠶᠢᠨ ᠡᠭᠦᠷᠭᠡ ᠪᠠᠨ ᠪᠣᠯᠭᠠᠵᠤ᠂ ᠬᠦᠰᠡᠯᠡᠩ ᠢᠲᠡᠭᠡᠯ ᠵᠣᠷᠢᠭ ᠢᠶᠠᠨ ᠪᠠᠲᠤᠳᠬᠠᠨ᠂ | ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠬᠦ ᠬᠡᠷᠡᠭᠲᠡᠢ᠃ | ᠯᠢᠦᠢ ᠰᠢᠤᠸᠠᠢ | ᠨᠠᠮ ᠤᠨ ᠬᠤᠷᠢᠳᠤᠭᠠᠷ ᠶᠡᠭᠡ ᠬᠤᠷᠠᠯ ᠪᠣᠯ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ | ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠵᠤ᠂ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠬᠤ ᠵᠠᠩᠭᠢᠯᠠᠭ᠎ᠠ ᠶᠢᠨ ᠦᠶ᠎ᠡ ᠳᠤ ᠬᠤᠷᠠᠯᠳᠤᠭᠰᠠᠨ | ᠨᠢᠭᠡᠨ ᠤᠳᠠᠭ᠎ᠠ ᠶᠢᠨ ᠲᠤᠶᠢᠯ ᠤᠨ ᠴᠢᠬᠤᠯᠠ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠦᠪᠡᠳᠡᠭᠰᠢ ᠶᠡᠭᠡ ᠬᠤᠷᠠᠯ | ᠪᠣᠯᠣᠨ᠎ᠠ᠃ᠶᠡᠷᠦᠩᠬᠡᠢ ᠱᠦᠵᠢ ᠰᠢ ᠶᠢᠨ ᠫᠢᠩ ᠡᠬᠢᠯᠡᠯᠲᠡ ᠶᠢᠨ ᠶᠣᠰᠣᠯᠠᠯ ᠳᠡᠭᠡᠷ᠎ᠡ ᠬᠢᠭᠰᠡᠨ 1 ᠴᠠᠭ 50 ᠮᠢᠨᠦ᠋ᠲ ᠤᠨ | ᠢᠯᠡᠳᠬᠡᠯ ᠳᠤ ᠰᠢᠨ᠎ᠡ ᠰᠡᠳᠬᠢᠴᠡ᠂ ᠰᠢᠨ᠎ᠡ ᠪᠠᠶᠢᠯᠳᠤᠬᠤ ᠪᠣᠳᠣᠯᠭ᠎ᠠ᠂ ᠰᠢᠨ᠎ᠡ ᠠᠷᠭ᠎ᠠ ᠬᠡᠮᠵᠢᠶ᠎ᠡ ᠶᠢ ᠳᠤᠷᠠᠳᠴᠤ᠂ ᠬᠥᠮᠥᠰ ᠢ | ᠵᠣᠷᠢᠭᠵᠢᠭᠤᠯᠵᠤ᠂ ᠬᠥᠮᠥᠰ ᠢ ᠵᠣᠷᠢᠭᠵᠢᠭᠤᠯᠤᠨ ᠤᠷᠤᠭᠰᠢᠯᠠᠭᠤᠯᠵᠤ᠂ ᠲᠠᠯᠠᠪᠠᠢ ᠳᠠᠶᠠᠭᠠᠷ ᠤᠯᠠᠨ ᠤᠳᠠᠭ᠎ᠠ ᠠᠯᠠᠭ᠎ᠠ | ᠲᠡᠰᠢᠯᠲᠡ ᠶᠢᠨ ᠲᠠᠭᠤᠨ ᠨᠠᠮ ᠤᠨ ᠰᠡᠳᠬᠢᠯ ᠪᠣᠯᠣᠨ ᠠᠷᠠᠳ ᠤᠨ ᠰᠡᠳᠬᠢᠯ ᠢ ᠨᠢᠭᠲᠠᠷᠠᠭᠤᠯᠵᠤ᠂ ᠪᠦᠬᠦ ᠤᠯᠤᠰ ᠤᠨ ᠠᠷᠠᠳ | ᠲᠦᠮᠡᠨ ᠤ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠢᠲᠡᠭᠡᠯ ᠵᠣᠷᠢᠭ ᠪᠣᠯᠣᠨ | ᠬᠦᠴᠦᠨ ᠴᠢᠳᠠᠯ ᠢ ᠬᠥᠪᠴᠢᠯᠡᠪᠡ᠃ᠰᠢᠨ᠎ᠡ ᠴᠠᠭ ᠦᠶ᠎ᠡ ᠶᠢᠨ ᠵᠠᠯᠠᠭᠤᠴᠤᠳ ᠪᠣᠯᠤᠭᠰᠠᠨ ᠤ ᠬᠤᠪᠢ ᠳᠤ᠂ ᠰᠢᠨ᠎ᠡ ᠲᠡᠦᠬᠡ ᠶᠢᠨ | ᠭᠠᠷᠤᠭ᠎ᠠ ᠳᠡᠭᠡᠷ᠎ᠡ ᠵᠣᠭᠰᠣᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢᠨ ᠡᠮᠦᠨ᠎ᠡ᠂ ᠵᠠᠯᠠᠭᠤᠴᠤᠳ ᠬᠥᠬᠡ | ᠣᠭᠲᠠᠷᠭᠤᠢ ᠳᠤ ᠭᠠᠷᠬᠤ᠂ ᠭᠡᠭᠡᠨ ᠰᠠᠷᠠᠨ ᠲᠡᠷᠭᠡᠯᠰᠢᠬᠦ ᠶᠢ ᠵᠣᠷᠢᠬᠤ ᠵᠣᠷᠢᠭ ᠰᠠᠨᠠᠭ᠎ᠠ ᠲᠠᠢ ᠪᠠᠶᠢᠬᠤ ᠬᠡᠷᠡᠭᠲᠡᠢ᠂ ᠮᠥᠨ ᠴᠦ | ᠣᠷᠣ ᠳᠡᠪᠢᠰᠬᠡᠷ ᠢᠶᠠᠨ ᠬᠤᠷᠤᠶᠢᠯᠠᠵᠤ᠂ ᠲᠦᠷᠦ ᠭᠦᠷᠦᠨ ᠤ ᠵᠣᠷᠢᠭ ᠰᠠᠨᠠᠭ᠎ᠠ ᠶᠢ ᠵᠢᠭᠠᠵᠤ᠂ ᠨᠡᠩ ᠴᠤ ᠠᠷᠪᠠᠨ ᠵᠢᠯ ᠤᠨ | ᠮᠥᠰᠥᠨ ᠳᠤ ᠤᠮᠳᠠᠬᠤ᠂ ᠬᠠᠯᠠᠭᠤᠨ ᠴᠢᠰᠤ ᠪᠠᠨ ᠰᠡᠷᠢᠭᠦᠨ ᠪᠣᠯᠭᠠᠬᠤ ᠰᠥᠰᠥ ᠵᠣᠷᠢᠭ ᠲᠠᠢ ᠪᠠᠶᠢᠬᠤ ᠬᠡᠷᠡᠭᠲᠡᠢ᠃ᠨᠡᠶᠢᠭᠡᠮ | ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠵᠠᠮ ᠳᠤ ᠢᠷᠠᠭᠤ | ᠠᠯᠳᠠᠷ ᠤᠨ ᠲᠥᠯᠥᠭᠡ ᠡᠷᠡᠯᠬᠡᠭᠯᠡᠨ ᠲᠡᠮᠡᠴᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ | ᠭᠡᠭᠡᠨ ᠰᠠᠷᠠᠭᠤᠯ ᠢᠷᠡᠭᠡᠳᠦᠢ ᠶᠢ ᠤᠭᠲᠤᠨ ᠲᠣᠮᠣ ᠠᠯᠬᠤᠮ ᠢᠶᠠᠷ ᠤᠷᠤᠭᠰᠢᠯᠠᠨ᠎ᠠ᠃ | |