ᠳᠠᠶᠢᠨ ᠤ ᠬᠢᠵᠢᠭ ᠢᠶᠠᠷ ᠲᠠᠷᠢᠶᠠᠯᠠᠩ ᠢ ᠲᠤᠰᠠᠯᠠᠬᠤ ᠶᠡᠷᠦᠩᠬᠡᠢ ᠳᠠᠶᠢᠴᠢᠯᠠᠯᠲᠠ ᠬᠢᠵᠦ ᠪᠣᠷᠤᠯᠠᠭᠤᠯᠭ᠎ᠠ ᠮᠠᠭᠤᠲᠠᠢ ᠢᠳᠡᠰᠢᠨ ᠨᠣᠭᠤᠭ᠎ᠠ ᠶᠢ ᠲᠣᠰᠬᠤᠨ ᠠᠴᠠ ᠭᠠᠷᠭᠠᠪᠠ
ᠨᠡᠶᠢᠲᠡᠯᠡᠭᠰᠡᠨ ᠴᠠᠭ᠄
2022/11/28
      ︽ᠮᠠᠨ ᠤ ᠭᠡᠷ ᠲᠤ ᠣᠪᠣᠭᠠᠯᠠᠵᠤ ᠲᠠᠯᠪᠢᠭᠰᠠᠨ ᠲᠥᠪᠡᠳ ᠬᠠᠰᠢ ᠶᠢ ᠬᠤᠳᠠᠯᠳᠤᠵᠤ ᠭᠠᠷᠬᠤ ᠦᠭᠡᠢ ᠪᠣᠯ ᠡᠪᠳᠡᠷᠡᠴᠢᠬᠡᠨ᠎ᠡ᠂ ᠲᠠ ᠨᠠᠷ ᠨᠠᠳᠠ ᠳᠤ ᠠᠷᠭ᠎ᠠ ᠪᠣᠳᠣᠵᠤ ᠥᠭᠬᠦ ᠶᠢ ᠬᠦᠰᠡᠵᠦ ᠪᠠᠢᠨ᠎ᠠ!︾ ᠭᠡᠪᠡ᠃ ︽ᠤᠯᠠᠨ ᠢᠶᠠᠷ ᠢᠶᠠᠨ ᠰᠠᠨᠠᠭ᠎ᠠ ᠵᠣᠪᠠᠭ᠋ᠤ ᠬᠡᠷᠡᠭ ᠦᠭᠡᠢ᠂ ᠪᠢᠳᠡ ᠯᠠᠪᠲᠠᠢ ᠪᠦᠬᠦ ᠬᠦᠴᠦ ᠪᠠᠷ ᠢᠶᠠᠨ ᠤᠯᠠᠨ ᠤ ᠪᠣᠷᠤᠯᠠᠭᠤᠯᠭ᠎ᠠ ᠶᠢᠨ ᠵᠠᠮ ᠢ ᠥᠷᠭᠡᠳᠬᠡᠵᠦ᠂ ᠢᠳᠡᠰᠢᠨ ᠨᠣᠭᠤᠭ᠎ᠠ ᠶᠢᠨ ᠪᠣᠷᠤᠯᠠᠭᠤᠯᠭ᠎ᠠ ᠵᠣᠭᠰᠣᠩᠭᠢᠷᠠᠭᠰᠠᠨ ᠠᠰᠠᠭᠤᠳᠠᠯ ᠢ ᠰᠢᠢᠳᠪᠦᠷᠢᠯᠡᠬᠦ ᠳᠤ ᠬᠠᠪᠰᠤᠷᠤᠨ᠎ᠠ︾᠃      ᠣᠳᠣᠬᠠᠨ ᠳᠤ᠂ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠲᠤ ᠭᠠᠷᠬᠤ ᠬᠥᠭᠵᠢᠯᠲᠡᠢ ᠤᠯᠠᠷᠢᠯ ᠪᠣᠯᠵᠤ ᠪᠠᠶᠢᠨ᠎ᠠ᠂ ᠲᠣᠰ ᠤᠳᠠᠭᠠᠨ ᠤ ᠠᠭᠤᠰᠬᠢᠨ ᠦᠷᠪᠢᠰᠦᠯ ᠤᠨ ᠰᠢᠨ᠎ᠡ ᠬᠢᠵᠢᠭ ᠤᠨ ᠨᠥᠯᠥᠭᠡ ᠠᠴᠠ ᠪᠣᠯᠵᠤ᠂ ᠮᠠᠨ ᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠳᠤ ᠪᠣᠷᠤᠯᠠᠭᠤᠯᠭ᠎ᠠ ᠵᠣᠭᠰᠣᠩᠭᠢᠷᠠᠭᠰᠠᠨ ᠠᠰᠠᠭᠤᠳᠠᠯ ᠢᠯᠡᠷᠡᠵᠦ᠂ ᠪᠦᠲᠦᠭᠡᠭᠳᠡᠬᠦᠨ ᠳᠤ ᠲᠥᠪᠡᠳ ᠬᠠᠰᠢ᠂ ᠥᠷᠭᠡᠰᠦᠲᠦ ᠬᠡᠮᠬᠡ᠂ ᠴᠠᠭᠠᠨ ᠨᠣᠭᠤᠭ᠎ᠠ᠂ ᠪᠥᠭᠡᠷᠡᠩᠬᠡᠢ ᠨᠣᠭᠤᠭ᠎ᠠ᠂ ᠪᠤᠷᠴᠠᠭ᠂ ᠴᠤᠯᠤ ᠲᠥᠮᠥᠰᠥ ᠵᠡᠷᠭᠡ ᠣᠯᠠᠨ ᠲᠥᠷᠥᠯ ᠵᠦᠢᠯ ᠪᠠᠭᠲᠠᠵᠤ᠂ ᠪᠣᠷᠤᠯᠠᠭᠤᠯᠭ᠎ᠠ ᠮᠠᠭᠤᠲᠠᠢ ᠢᠳᠡᠰᠢᠨ ᠨᠣᠭᠤᠭ᠎ᠠ ᠶᠢᠨ ᠶᠡᠷᠦᠩᠬᠡᠢ ᠬᠡᠮᠵᠢᠶ᠎ᠡ ᠪᠠᠷᠤᠭ 41.6 ᠲᠦᠮᠡᠨ ᠵᠢᠩ ᠬᠦᠷᠴᠡᠢ᠃ᠥᠷᠭᠡᠨ ᠤᠯᠠᠨ ᠲᠠᠷᠢᠶᠠᠴᠢᠨ ᠡᠷᠦᠬᠡ ᠶᠢ ᠬᠠᠪᠰᠤᠷᠤᠨ ᠪᠣᠷᠤᠯᠠᠭᠤᠯᠭ᠎ᠠ ᠶᠢᠨ ᠵᠠᠮ ᠢ ᠨᠢ ᠥᠷᠭᠡᠳᠬᠡᠬᠦ ᠶᠢᠨ ᠲᠥᠯᠥᠭᠡ᠂ ᠰᠢᠷᠴᠢᠨ ᠪᠠᠯᠭᠠᠰᠤ ᠠᠴᠠ ᠪᠦᠬᠦ ᠨᠡᠶᠢᠭᠡᠮ ᠳᠤ ᠰᠠᠨᠠᠭᠠᠴᠢᠯᠠᠭ᠎ᠠ ᠶᠢᠨ ᠪᠢᠴᠢᠭ ᠪᠠᠭᠤᠯᠭᠠᠵᠤ᠂ ᠤᠯᠠᠨ ᠢᠶᠠᠷ ᠢᠶᠠᠨ ᠮᠠᠨ ᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠢ ᠢᠳᠡᠪᠬᠢᠲᠡᠢ ᠬᠤᠳᠠᠯᠳᠤᠨ ᠠᠪᠴᠤ᠂ ᠥᠷᠭᠡᠨ ᠤᠯᠠᠨ ᠲᠠᠷᠢᠶᠠᠴᠢᠨ ᠤ︽ᠪᠠᠴᠢᠮᠳᠠᠬᠤ ᠳᠤ ᠬᠦᠴᠢᠷᠳᠡᠬᠦ ᠳᠤ ᠵᠣᠪᠠᠨᠢᠬᠤ︾ᠠᠰᠠᠭᠤᠳᠠᠯ ᠢ ᠰᠢᠢᠳᠪᠦᠷᠢᠯᠡᠬᠦ ᠶᠢ ᠤᠷᠢᠶᠠᠯᠠᠪᠠ᠃
     ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠢᠮᠠᠭᠲᠠ ᠣᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ᠂ ᠰᠠᠨᠠᠭᠠᠴᠢᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠣᠯᠠᠨ ᠲᠠᠯ᠎ᠠ ᠶᠢᠨ ᠵᠣᠬᠢᠴᠠᠭᠤᠯᠭ᠎ᠠ ᠪᠠᠷ ᠳᠡᠮᠵᠢᠨ᠂ ᠪᠤᠭᠤᠲᠤ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠠᠴᠠ 21.72 ᠲᠦᠮᠡᠨ ᠲᠥᠭᠦᠷᠢᠭ ᠤᠨ ᠲᠤᠰᠬᠠᠢ ᠲᠣᠬᠤᠨᠢᠭᠤᠯᠬᠤ ᠪᠡᠯᠡ ᠮᠥᠩᠭᠦ  ᠶᠢ ᠭᠤᠶᠤᠴᠢᠯᠠᠵᠤ᠂ ᠰᠠᠷᠠᠴᠢᠨ ᠪᠠᠯᠭᠠᠰᠤᠨ ᠤ ᠲᠠᠷᠢᠶᠠᠴᠢᠨ ᠡᠷᠦᠬᠡ ᠶᠢᠨ ᠬᠢᠵᠢᠭ ᠤᠨ ᠪᠠᠶᠢᠳᠠᠯ ᠠᠴᠠ ᠪᠣᠯᠵᠤ ᠪᠣᠷᠤᠯᠠᠭᠤᠯᠭ᠎ᠠ ᠮᠠᠭᠤᠳᠠᠭᠰᠠᠨ ᠰᠢᠨ᠎ᠡ ᠰᠣᠷᠭᠤᠭ ᠢᠳᠡᠰᠢᠨ ᠨᠣᠭᠤᠭ᠎ᠠ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠢ ᠬᠤᠳᠠᠯᠳᠤᠨ ᠠᠪᠬᠤ ᠳᠤ ᠬᠡᠷᠡᠭᠯᠡᠵᠦ᠂ ᠡᠭᠦᠨ ᠤ ᠬᠠᠮᠲᠤ ᠶᠠᠭ ᠥᠷᠨᠢᠭᠦᠯᠵᠦ ᠪᠠᠶᠢᠭ᠎ᠠ ︽ᠬᠢᠵᠢᠭ  ᠢ ᠡᠰᠡᠷᠭᠦᠴᠡᠬᠦ ᠨᠢᠭᠡᠳᠦᠭᠡᠷ ᠹᠷᠣᠨᠲ ᠲᠤ ᠬᠦᠴᠦᠨ ᠨᠡᠮᠡᠷᠢᠯᠡᠵᠦ᠂ ᠠᠵᠢᠯᠴᠢᠨ ᠤ ᠡᠪᠯᠡᠯ ᠤᠨ ᠬᠠᠯᠠᠭᠤᠨ ᠳᠤᠯᠠᠭᠠᠨ ᠠᠵᠢᠯ ᠨᠢᠭᠡᠲᠡᠨ  ᠢ ᠬᠠᠯᠠᠮᠵᠢᠯᠠᠬᠤ︾ ᠬᠢᠵᠢᠭ  ᠢ ᠡᠰᠡᠷᠭᠦᠴᠡᠬᠦ ᠨᠢᠭᠡᠳᠦᠭᠡᠷ ᠹᠷᠣᠨᠲ ᠤᠨ ᠰᠦᠯᠵᠢᠶᠡᠨ ᠤ ᠠᠵᠢᠯᠲᠠᠨ  ᠢ ᠲᠣᠬᠤᠨᠢᠭᠤᠯᠬᠤ ᠲᠤᠰᠬᠠᠢ ᠠᠵᠢᠯᠯᠠᠭ᠎ᠠ ᠲᠠᠢ ᠤᠶᠠᠯᠳᠤᠭᠤᠯᠤᠨ᠂ ᠲᠠᠷᠢᠶᠠᠯᠠᠩ ᠤᠨ ᠪᠦᠲᠦᠭᠡᠭᠳᠡᠬᠦᠨ  ᠢ ᠬᠢᠵᠢᠭ  ᠢ ᠰᠡᠷᠭᠡᠶᠢᠯᠡᠨ ᠬᠢᠵᠠᠭᠠᠷᠯᠠᠬᠤ ᠡᠭᠦᠷᠭᠡ ᠪᠠᠷ ᠨᠡᠯᠢᠶᠡᠳ ᠬᠦᠨᠳᠦ ᠪᠠᠶᠢᠭ᠎ᠠ ᠪᠥᠬᠦ ᠣᠷᠣᠨ ᠤ 12 ᠬᠡᠷᠡᠭ ᠡᠷᠬᠢᠯᠡᠬᠦ ᠭᠠᠵᠠᠷ᠂ 2 ᠪᠠᠯᠭᠠᠰᠤ ᠵᠡᠭᠡᠯᠢ  ᠶᠢᠨ 1086 ᠬᠢᠵᠢᠭ  ᠢ ᠰᠡᠷᠭᠡᠶᠢᠯᠡᠬᠦ ᠨᠢᠭᠡᠳᠦᠭᠡᠷ ᠹᠷᠣᠨᠲ ᠤᠨ ᠰᠦᠯᠵᠢᠶᠡᠨ ᠤ ᠠᠵᠢᠯᠲᠠᠨ ᠤ ᠭᠠᠷ ᠲᠤ ᠬᠦᠷᠭᠡᠵᠦ᠂ ᠬᠢᠵᠢᠭ  ᠢ ᠡᠰᠡᠷᠭᠦᠴᠡᠬᠦ ᠶᠠᠪᠤᠴᠠ ᠳᠤ ᠠᠶᠤᠯ ᠲᠦᠭᠰᠢᠭᠦᠷᠢ ᠠᠴᠠ ᠠᠶᠤᠬᠤ ᠦᠭᠡᠢ᠂ ᠦᠭᠡ ᠲᠠᠭᠤᠨ ᠦᠭᠡᠢ ᠪᠠᠷ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠳᠤ ᠴᠢᠩ ᠰᠡᠳᠬᠢᠯ ᠤᠨ ᠲᠠᠯᠠᠷᠬᠠᠯ ᠢᠶᠠᠨ ᠢᠯᠡᠳᠬᠡᠵᠡᠢ᠃      ︽︿ᠶᠡᠭᠡ ᠴᠠᠭᠠᠨ﹀﹀ ᠢ ᠲᠠᠶᠢᠯᠵᠤ᠂ ᠨᠢᠭᠡ ᠬᠠᠶᠢᠷᠴᠠᠭ ᠰᠢᠷᠴᠢᠨ ᠴᠠᠭᠠᠨ ᠨᠣᠭᠤᠭ᠎ᠠ ᠬᠤᠷᠢᠶᠠᠪᠠ᠂ ᠳ᠋ᠦᠩ ᠡᡁᠸ ᠲᠣᠭᠤᠷᠢᠭ ᠤᠨ ᠵᠠᠰᠠᠭ ᠤᠨ ᠣᠷᠳᠣᠨ ᠤ ᠬᠠᠯᠠᠮᠵᠢᠯᠠᠯ ᠳᠤ ᠲᠠᠯᠠᠷᠬᠠᠵᠤ᠂ ᠰᠡᠷᠭᠡᠶᠢᠯᠡᠨ ᠡᠵᠡᠮᠳᠡᠬᠦ ᠠᠵᠢᠯ ᠳᠠᠭᠤᠰᠤᠭᠰᠠᠨ ᠤ ᠳᠠᠷᠠᠭ᠎ᠠ ᠪᠢᠳᠡᠨ ᠳᠤ ᠮᠠᠰᠢ ᠶᠡᠭᠡ ᠳᠣᠭᠳᠣᠯᠤᠯ ᠲᠥᠷᠥᠭᠦᠯᠵᠡᠢ︾᠃ ᠲᠦᠷᠦᠭᠦᠬᠡᠨ᠂ ᠶᠠᠩ ᠭᠧ ᠯᠢᠶᠠᠩ ᠵᠡᠭᠡᠯᠢ ᠶᠢᠨ ᠳ᠋ᠦᠩ ᠨᠣᠣ ᠪᠦᠦ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠰᠢᠶᠣᠣ ᠵᠠᠩ ᠨᠠᠶᠢᠵᠠ ᠶᠢᠨ ᠲᠣᠭᠤᠷᠢᠭ ᠲᠤ ᠨᠡᠶᠢᠭᠡᠮ ᠲᠣᠭᠤᠷᠢᠭ ᠤᠨ ᠵᠢᠮᠢᠰ ᠨᠣᠭᠤᠭ᠎ᠠ ᠪᠡᠯᠡᠭᠯᠡᠭᠰᠡᠨ ᠬᠠᠮᠲᠤ ᠶᠢᠨ ᠬᠡᠷᠡᠯ ᠵᠢᠷᠤᠭ ᠨᠡᠶᠢᠲᠡᠯᠡᠵᠦ᠂ ᠰᠦᠯᠵᠢᠶᠡᠨ ᠠᠨᠳᠠ ᠨᠠᠷ ᠤᠨ ᠮᠠᠭᠲᠠᠭᠠᠯ ᠰᠠᠶᠢᠰᠢᠶᠠᠯ ᠢ ᠣᠯᠪᠠ᠃
    ᠡᠭᠦᠨ ᠠᠴᠠ ᠭᠠᠳᠠᠨ᠎ᠠ᠂ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠣᠰᠬᠤᠨ ᠤ ᠬᠦᠶ ᠨᠢᠭᠡᠳᠦᠯ ᠢ ᠢᠳᠡᠪᠬᠢᠲᠡᠢ ᠵᠣᠬᠢᠶᠠᠨ ᠪᠠᠶᠢᠭᠤᠯᠤᠨ ᠬᠠᠮᠲᠤᠷᠠᠨ ᠪᠠᠶᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠢ ᠨᠡᠶᠢᠭᠡᠮ ᠲᠣᠭᠤᠷᠢᠭ ᠲᠤ ᠣᠷᠣᠭᠤᠯᠬᠤ ᠵᠠᠮ ᠢ ᠴᠢᠷᠮᠠᠶᠢᠨ ᠨᠡᠭᠡᠭᠡᠵᠦ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠪᠠ ᠰᠠᠭᠤᠭᠠᠯᠢ ᠠᠷᠠᠳ ᠤᠨ ᠢᠳᠡᠰᠢᠨ ᠨᠣᠭᠤᠭ᠎ᠠ ᠢᠳᠡᠭᠡᠨ ᠤ ᠬᠠᠩᠭᠠᠯᠭ᠎ᠠ ᠶᠢ ᠦᠨᠡᠨᠬᠦ ᠪᠠᠲᠤᠯᠠᠬᠤ ᠬᠡᠷᠡᠭᠲᠡᠢ᠃      ᠵᠠᠰᠠᠭ ᠤᠨ ᠣᠷᠳᠣᠨ ᠤ ᠵᠢᠯᠣᠭᠤᠳᠤᠯᠭ᠎ᠠ᠂ ᠷᠦᠨ ᠽᠧ ᠶᠤᠸᠠᠨ᠂ ᠴᠢᠨ ᠯᠢᠦᠢ ᠢᠳᠡᠰᠢᠨ ᠨᠣᠭᠤᠭ᠎ᠠ᠂ ᠯᠢ ᠹᠧᠩ ᠵᠡᠷᠭᠡ ᠬᠤᠷᠰᠢᠶ᠎ᠠ ᠪᠠᠷ ᠲᠦᠷᠦᠭᠦᠯᠡᠭᠦᠯᠦᠨ᠂ ᠲᠠᠷᠢᠶᠠᠴᠢᠨ ᠡᠷᠦᠬᠡ ᠶᠢᠨ ᠢᠳᠡᠰᠢᠨ ᠨᠣᠭᠤᠭ᠎ᠠ ᠵᠡᠷᠭᠡ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠬᠡᠳᠦᠨ ᠦᠨ᠎ᠡ ᠬᠠᠩᠰᠢ ᠶᠢᠨ ᠪᠠᠷᠢᠮᠵᠢᠶ᠎ᠠ ᠲᠠᠢ ᠢᠵᠢ ᠦᠢᠯᠡᠴᠢᠯᠡᠭᠡᠨ ᠤ ᠪᠣᠭᠤᠳᠠᠯ ᠪᠣᠯᠭᠠᠨ ᠲᠥᠪᠯᠡᠷᠡᠭᠦᠯᠦᠨ ᠵᠠᠳᠠᠯᠤᠨ ᠪᠣᠭᠤᠳᠠᠯᠯᠠᠵᠤ᠂ ᠨᠡᠶᠢᠭᠡᠮ ᠲᠣᠭᠤᠷᠢᠭ ᠤᠨ ᠰᠦᠯᠵᠢᠶᠡᠨ ᠤ ᠬᠠᠮᠢᠶᠠᠷᠤᠯᠲᠠ ᠶᠢᠨ ᠰᠢᠰᠲ᠋ᠧᠮ ᠢᠶᠠᠷ ᠳᠠᠮᠵᠢᠭᠤᠯᠤᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠵᠠᠬᠢᠶᠠᠯᠠᠭ᠎ᠠ ᠪᠠᠨ ᠨᠡᠶᠢᠲᠡᠯᠡᠵᠦ᠂ ᠠᠩᠬᠠᠨ ᠤ ᠡᠳᠦᠷ ᠲᠤ 2 ᠲᠦᠮᠡᠨ ᠵᠢᠩ ᠣᠷᠴᠢᠮ ᠢᠳᠡᠰᠢᠨ ᠨᠣᠭᠤᠭ᠎ᠠ ᠬᠠᠩᠭᠠᠬᠤ ᠶᠢ ᠪᠡᠶᠡᠯᠡᠭᠦᠯᠵᠦ᠂ ᠵᠢᠱᠢᠯᠲᠡ ᠪᠠᠷ ᠰᠡᠭᠦᠯᠴᠢ ᠶᠢᠨ ᠬᠤᠭᠤᠴᠠᠭᠠᠨ ᠤ ᠵᠠᠬᠢᠶᠠᠯᠠᠭ᠎ᠠ ᠶᠢᠨ ᠬᠡᠮᠵᠢᠶ᠎ᠡ 8 ᠲᠦᠮᠡᠨ ᠵᠢᠩ ᠣᠷᠴᠢᠮ ᠢ ᠳᠠᠪᠠᠭ᠋ᠤ ᠪᠣᠯᠣᠨ᠎ᠠ᠃      ︽ᠰᠢᠷᠴᠢᠨ ᠭᠠᠷᠤᠯᠲᠠ ᠶᠢᠨ ᠣᠷᠣᠨ ᠤ ᠵᠠᠬ᠎ᠠ ᠳᠡᠯᠭᠡᠭᠦᠷ ᠢ ᠬᠠᠭᠠᠵᠤ ᠵᠣᠭᠰᠣᠭᠠᠭᠰᠠᠨ ᠤ ᠳᠠᠷᠠᠭ᠎ᠠ᠂ ᠪᠢᠳᠡ ᠬᠠᠮᠤᠭ ᠤᠨ ᠲᠡᠷᠢᠭᠦᠨ ᠳᠤ ᠡᠯ᠎ᠡ ᠲᠣᠮᠣ ᠬᠡᠲᠦ ᠳᠡᠯᠭᠡᠭᠦᠷ᠂ ᠠᠯᠤᠰ ᠬᠡᠲᠦ ᠶᠢᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠨᠡᠮᠡᠭᠳᠡᠭᠦᠯᠵᠦ᠂ ᠵᠢᠵᠢᠭᠯᠡᠨ ᠬᠤᠳᠠᠯᠳᠤᠬᠤ ᠳᠡᠯᠭᠡᠭᠦᠷ ᠢ ᠭᠠᠷᠤᠯᠲᠠ ᠶᠢᠨ ᠣᠷᠣᠨ ᠤ ᠬᠤᠷᠰᠢᠶ᠎ᠠ ᠲᠠᠢ ᠵᠣᠯᠭᠠᠭᠤᠯᠵᠤ᠂ ᠨᠢᠭᠡ ᠬᠡᠰᠡᠭ ᠢ ᠨᠢ ᠬᠡᠲᠦ ᠳᠡᠯᠭᠡᠭᠦᠷ ᠤᠨ ᠰᠦᠯᠵᠢᠶᠡᠨ ᠳᠡᠭᠡᠷᠡᠬᠢ ᠲᠠᠪᠴᠠᠩ ᠳᠤ ᠪᠣᠷᠣᠯᠠᠭᠤᠯᠤᠨ᠂ ᠨᠢᠭᠡ ᠬᠡᠰᠡᠭ ᠢ ᠨᠢ ᠰᠦᠯᠵᠢᠶᠡᠨ ᠳᠡᠭᠡᠷᠡᠬᠢ ᠬᠠᠩᠭᠠᠯᠭ᠎ᠠ ᠶᠢ ᠪᠠᠲᠤᠯᠠᠬᠤ ᠵᠠᠭᠪᠤᠷ ᠢᠶᠠᠷ ᠳᠠᠮᠵᠢᠭᠤᠯᠵᠤ᠂ ᠡᠳᠦᠷ ᠤᠨ ᠭᠦᠢᠯᠭᠡᠭᠡᠨ ᠤ ᠬᠡᠮᠵᠢᠶ᠎ᠡ ᠨᠢ 6 ᠲᠦᠮᠡᠨ ᠵᠢᠩ ᠣᠷᠴᠢᠮ ᠪᠣᠯᠣᠨ᠎ᠠ︾ ᠭᠡᠵᠡᠢ᠃ ᠭᠡᠵᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠢᠯᠡᠷᠬᠡᠶᠢᠯᠡᠪᠡ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1