ᠳ᠋ᠦᠩ ᠾᠧ ᠲᠣᠭᠤᠷᠢᠭ᠄ ᠰᠡᠳᠬᠢᠯ ᠨᠢᠭᠡᠳᠦᠨ ᠬᠢᠵᠢᠭ  ᠢ ᠡᠰᠡᠷᠭᠦᠴᠡᠵᠦ ᠰᠠᠯᠬᠢ ᠪᠣᠷᠣᠭᠠᠨ  ᠢ ᠬᠠᠮᠲᠤ ᠪᠠᠷ ᠡᠭᠦᠷᠭᠡᠯᠡᠨ᠎ᠡ
ᠨᠡᠶᠢᠲᠡᠯᠡᠭᠰᠡᠨ ᠴᠠᠭ᠄
2022/11/28
ᠪᠤᠭᠤᠲᠤ ᠬᠤᠲᠠ ᠶᠢᠨ ᠬᠥᠩᠭᠡᠨ ᠠᠵᠤ ᠦᠢᠯᠡᠳᠪᠦᠷᠢ ᠶᠢᠨ ᠵᠢᠯᠣᠭᠤᠴᠢ ᠶᠢᠨ ᠰᠤᠷᠭᠠᠭᠤᠯᠢ︽ᠠᠬᠠᠮᠠᠳ ᠵᠢᠯᠣᠭᠤᠴᠢ︾ ᠶᠢᠨ ᠪᠡᠶ᠎ᠡ ᠨᠢ ︽ᠴᠠᠭᠠᠨ︾ ᠪᠣᠯᠵᠤ ᠬᠤᠪᠢᠷᠠᠵᠠᠢ      ᠲᠤᠰ ᠡᠭᠡᠯᠵᠢ ᠶᠢᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠾᠧ ᠳ᠋ᠦᠩ ᠪᠠᠯᠭᠠᠰᠤᠨ ᠤ ᠬᠠᠷᠢᠶ᠎ᠠ ᠲᠣᠭᠤᠷᠢᠭ ᠤᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠪᠣᠯᠤᠭᠰᠠᠨ ᠤ ᠪᠤᠭᠤᠲᠤ ᠬᠤᠲᠠ ᠶᠢᠨ ᠬᠥᠩᠭᠡᠨ ᠠᠵᠤ ᠦᠢᠯᠡᠳᠪᠦᠷᠢ ᠶᠢᠨ ᠵᠢᠯᠣᠭᠤᠴᠢ ᠶᠢᠨ ᠰᠤᠷᠭᠠᠭᠤᠯᠢ ᠶᠢᠨ ᠨᠠᠮ ᠤᠨ ᠡᠭᠦᠷ ᠤᠨ ᠬᠢᠨ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠨᠡᠶᠢᠭᠡᠮ ᠤᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠶᠢᠨ ᠬᠠᠮᠲᠤ᠂ ᠬᠤᠷᠴᠠ ᠭᠠᠪᠰᠢᠭᠠᠢ ᠬᠦᠴᠦᠨ ᠢ ᠪᠦᠬᠦ ᠬᠦᠴᠦᠨ ᠢᠶᠠᠷ ᠢᠶᠠᠨ ᠲᠠᠲᠠᠵᠤ᠂ 10 ᠰᠠᠷ᠎ᠠ ᠶᠢᠨ 11 ᠋ ᠤ ᠡᠳᠦᠷ ᠠᠴᠠ ᠡᠬᠢᠯᠡᠨ᠂ 20 ᠠᠵᠢᠯᠲᠠᠨ ᠠᠵᠢᠯᠴᠢᠨ ᠢ ᠾᠧ ᠳ᠋ᠦᠩ ᠪᠠᠯᠭᠠᠰᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ ᠲᠣᠮᠢᠯᠠᠵᠤ᠂ ᠤᠣ ᠢᠦᠢ ᠨᠡᠶᠢᠭᠡᠮ ᠲᠣᠭᠤᠷᠢᠭ ᠲᠠᠢ ᠬᠠᠮᠵᠢᠯᠴᠠᠨ ᠤᠯᠠᠨ ᠡᠭᠡᠯᠵᠢ ᠶᠢᠨ ᠪᠦᠬᠦ ᠠᠵᠢᠯᠲᠠᠨ ᠤ ᠪᠥᠭᠡᠮ ᠬᠦᠴᠢᠯ ᠢ ᠰᠢᠯᠭᠠᠨ ᠪᠠᠶᠢᠴᠠᠭᠠᠬᠤ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠪᠡ᠃
     ︽ᠣᠯᠠᠨ ᠢᠶᠠᠷ ᠢᠶᠠᠨ ᠠᠮᠠᠪᠴᠢ ᠪᠠᠨ ᠵᠡᠭᠦᠵᠦ᠂ ᠡᠷᠡᠭᠦᠯ ᠮᠡᠨᠳᠦ ᠶᠢᠨ ᠨᠣᠮᠧᠷ ᠢᠶᠠᠨ ᠦᠵᠡᠭᠦᠯᠦᠭᠡᠷᠡᠢ︾ ︽ᠠᠪᠤ ᠠ᠂ ᠲᠠ ᠪᠡᠶ᠎ᠡ ᠶᠢᠨ ᠦᠨᠡᠮᠯᠡᠯ ᠤᠨ ᠨᠣᠮᠧᠷ ᠢᠶᠠᠨ ᠮᠡᠳᠡᠭᠦᠯᠦᠭᠡᠷᠡᠢ᠂ ᠪᠢ ᠲᠠᠨ ᠳᠤ ᠪᠦᠷᠢᠳᠬᠡᠭᠦᠯᠵᠦ ᠥᠭᠭᠦᠶ᠎ᠡ︾ ︽ᠨᠢᠭᠡ ᠮᠧᠲᠷ ᠠᠴᠠ ᠳᠡᠭᠡᠭᠰᠢ ᠠᠮᠤᠷ ᠲᠦᠪᠰᠢᠨ ᠤ ᠵᠠᠢ ᠲᠠᠢ ᠪᠠᠶᠢᠬᠤ ᠶᠢ ᠪᠠᠲᠤᠯᠠᠭᠠᠷᠠᠢ ᠁︾ ︽ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠯ︾ ᠬᠢᠭᠰᠡᠨ ᠤ ᠳᠠᠷᠠᠭ᠎ᠠ᠂ ᠡᠩ ᠤᠨ ᠴᠠᠭ ᠲᠤ ︽ᠮᠠᠰᠢᠨ ᠲᠡᠷᠭᠡᠨ ᠤ ᠮᠡᠷᠭᠡᠵᠢᠯ ᠰᠠᠶᠢᠨ︾ ︽ᠵᠢᠭᠠᠨ ᠰᠤᠷᠭᠠᠯᠲᠠ ᠰᠠᠶᠢᠨ︾ ᠡᠲᠡᠭᠡᠷ ᠳᠠᠰᠬᠠᠯᠵᠢᠭᠤᠯᠤᠭᠴᠢ ᠨᠠᠷ ᠲᠣᠬᠢᠷᠠᠭᠤᠯᠤᠯᠲᠠ ᠶᠢ ᠦᠨᠳᠦᠰᠦᠯᠡᠨ᠂ ᠬᠠᠮᠠᠭᠠᠯᠠᠯᠲᠠ ᠶᠢᠨ ᠬᠤᠪᠴᠠᠰᠤ ᠡᠮᠦᠰᠴᠦ᠂ ᠬᠢᠵᠢᠭ ᠢ ᠰᠡᠷᠭᠡᠶᠢᠯᠡᠬᠦ ︽ᠴᠠᠭᠠᠨ︾ ᠪᠣᠯᠵᠤ᠂ ᠨᠡᠶᠢᠭᠡᠮ ᠲᠣᠭᠤᠷᠢᠭ ᠢ ᠨᠠᠷᠢᠨ ᠬᠢᠨᠠᠮᠠᠭᠠᠢ ᠬᠠᠮᠵᠢᠨ ᠲᠠᠯᠠᠪᠤᠷ ᠭᠠᠵᠠᠷ ᠢ ᠤᠰᠠᠳᠬᠠᠬᠤ᠂ ᠡᠮᠬᠢ ᠵᠢᠷᠤᠮ ᠢ ᠬᠠᠮᠠᠭᠠᠯᠠᠬᠤ᠂ ᠠᠵᠢᠯᠲᠠᠨ ᠤ ᠮᠡᠳᠡᠭᠡ ᠵᠠᠩᠭᠢ ᠶᠢ ᠳᠠᠩᠰᠠᠯᠠᠬᠤ᠂ ᠪᠥᠭᠡᠮ ᠬᠦᠴᠢᠯ ᠢ ᠪᠠᠶᠢᠴᠠᠭᠠᠨ ᠰᠢᠯᠭᠠᠬᠤ ᠲᠡᠮᠳᠡᠭ ᠨᠠᠭᠠᠬᠤ ᠵᠡᠷᠭᠡ ᠠᠵᠢᠯ ᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠬᠢᠵᠢᠭᠦᠯᠪᠡ᠃      ᠶᠠᠭ ᠵᠢᠵᠢᠭᠦᠷᠯᠡᠵᠦ ᠪᠠᠶᠢᠭ᠎ᠠ ᠬᠥᠩᠭᠡᠨ ᠠᠵᠤ ᠦᠢᠯᠡᠳᠪᠦᠷᠢ ᠶᠢᠨ ᠵᠢᠯᠣᠭᠤᠴᠢ ᠶᠢᠨ ᠰᠤᠷᠭᠠᠭᠤᠯᠢ ᠶᠢᠨ ᠶᠡᠷᠦᠩᠬᠡᠢ ᠰᠤᠷᠭᠠᠭᠴᠢ ᠴᠢᠨ ᡁᠢ ᠵᠢᠶᠸ᠄︽ᠪᠥᠭᠡᠮ ᠬᠦᠴᠢᠯ ᠢ ᠰᠢᠯᠭᠠᠨ ᠪᠠᠶᠢᠴᠠᠭᠠᠬᠤ ᠠᠵᠢᠯ ᠳᠤ ᠣᠷᠤᠯᠴᠠᠬᠤ ᠪᠠᠷ ᠳᠠᠮᠵᠢᠨ᠂ ᠪᠢ ᠡᠮᠨᠡᠯᠭᠡ ᠶᠢᠨ ᠠᠵᠢᠯᠲᠠᠨ᠂ ᠨᠡᠶᠢᠭᠡᠮ ᠲᠣᠭᠤᠷᠢᠭ ᠤᠨ ᠠᠵᠢᠯᠲᠠᠳ ᠤᠨ ᠰᠢᠷᠭᠠᠭᠤ ᠬᠥᠳᠡᠯᠮᠦᠷᠢ ᠶᠢ ᠪᠡᠶ᠎ᠡ ᠪᠠᠷ ᠢᠶᠠᠨ ᠥᠩᠭᠡᠷᠡᠭᠦᠯᠦᠭᠰᠡᠨ ᠶᠤᠮ᠂ ᠲᠤᠰ ᠭᠠᠵᠠᠷ ᠣᠷᠣᠨ ᠤ ᠠᠵᠤ ᠠᠬᠤᠶᠢᠯᠠᠯ ᠤᠨ ᠠᠵᠢᠯᠲᠠᠨ ᠪᠣᠯᠤᠭᠰᠠᠨ ᠤ ᠬᠤᠪᠢ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠵᠦ ᠴᠢᠳᠠᠭᠰᠠᠨ ᠳᠠᠭᠠᠨ ᠪᠢ ᠮᠠᠰᠢ ᠡᠷᠴᠢ ᠵᠣᠷᠢᠭ ᠲᠠᠢ ᠪᠥᠭᠡᠳ ᠮᠠᠰᠢ ᠣᠮᠣᠭᠰᠢᠯ ᠲᠠᠢ ᠪᠠᠶᠢᠨ᠎ᠠ︾ᠭᠡᠵᠦ ᠢᠯᠡᠳᠬᠡᠪᠡ᠃ᠱᠠᠨᠳᠦ᠋ᠩ ᠤᠨ ᠬᠤᠤ ᡂᠢ ᠣᠶᠤᠨᠲᠤ ᠮᠠᠰᠢᠨ ᠲᠡᠷᠭᠡᠨ ᠤ ᠬᠢᠵᠠᠭᠠᠷᠲᠤ ᠺᠣᠮᠫᠠᠨᠢ︽ᠰᠢᠨ᠎ᠡ ᠰᠢᠨᠵᠢᠯᠡᠬᠦ ᠤᠬᠠᠭᠠᠨ ᠮᠡᠷᠭᠡᠵᠢᠯ︾ ᠢ ᠰᠠᠬᠢᠨ ᠬᠠᠮᠠᠭᠠᠯᠠᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠦᠴᠦᠨ ᠨᠡᠮᠡᠷᠢᠯᠡᠪᠡ      10 ᠰᠠᠷ᠎ᠠ ᠶᠢᠨ 18  ᠤ ᠡᠳᠦᠷ᠂ ᠱᠠᠨᠳᠦ᠋ᠩ ᠤᠨ ᠬᠤᠤ ᡂᠢ ᠣᠶᠤᠨᠲᠤ ᠮᠠᠰᠢᠨ ᠲᠡᠷᠭᠡᠨ ᠤ ᠬᠢᠵᠠᠭᠠᠷᠲᠤ ᠺᠣᠮᠫᠠᠨᠢ ᠶᠢᠨ ᠳ᠋ᠦᠩ ᠾᠧ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠬᠠᠮᠠᠭᠠᠯᠠᠯ ᠤᠨ ᠵᠥᠪᠯᠡᠯ ᠠᠴᠠ 10 ᠰᠠᠤᠷᠢ ᠵᠦᠷᠵᠢ ᠶᠢᠨ ᠱᠢ ᠠᠨ ᠲᠤ ᠸᠧᠢ ᠣᠶᠤᠨᠲᠤ ᠪᠥᠭᠡᠮ ᠬᠦᠴᠢᠯ ᠤᠨ ᠵᠠᠭᠪᠤᠷ ᠠᠪᠬᠤ ᠦᠷᠦᠭᠡ ᠶᠢ ᠲᠤᠰᠠᠯᠠᠵᠤ᠂ ᠮᠠᠨ ᠤ ᠣᠷᠣᠨ ᠤ ᠬᠢᠵᠢᠭ ᠤᠨ ᠪᠠᠶᠢᠳᠠᠯ ᠢ ᠡᠰᠡᠷᠭᠦᠴᠡᠬᠦ ᠳᠤ ᠬᠦᠴᠦᠨ ᠨᠡᠮᠡᠷᠢᠯᠡᠪᠡ᠃
     ᠣᠶᠢᠯᠠᠭᠠᠭᠰᠠᠨ ᠢᠶᠠᠷ᠂ ᠬᠦᠴᠢᠲᠡᠢ ᠵᠦᠷᠵᠢ ᠶᠢᠨ ᠠᠨᠲᠸᠧᠢ ᠶᠢᠨ ᠣᠶᠤᠨᠲᠤ ᠪᠥᠭᠡᠮ ᠬᠦᠴᠢᠯ ᠤᠨ ᠥᠯᠢᠭᠡᠷ ᠠᠪᠬᠤ ᠥᠷᠥᠭᠡ ᠶᠢᠨ ᠲᠡᠷᠭᠡ ᠨᠢ ᠬᠢᠵᠢᠭ ᠢ ᠡᠰᠡᠷᠭᠦᠴᠡᠬᠦ ︽ᠬᠤᠷᠴᠠ ᠵᠡᠪᠰᠡᠭ︾ ᠪᠣᠯᠤᠭᠰᠠᠨ ᠤ ᠬᠤᠪᠢ ᠳᠤ᠂ ᠲᠣᠭᠲᠠᠮᠠᠯ ᠳᠤᠯᠠᠭᠠᠨ ᠤ ᠥᠯᠢᠭᠡᠷ ᠡᠳ᠋ ᠬᠠᠳᠠᠭᠠᠯᠠᠬᠤ ᠬᠠᠶᠢᠷᠴᠠᠭ᠂ ᠥᠷᠥᠭᠡᠨ ᠳᠣᠲᠣᠷᠠᠬᠢ ᠬᠦᠷᠢᠨ ᠤ ᠭᠠᠳᠠᠨᠠᠬᠢ ᠲᠤᠶᠠᠭᠠᠨ ᠤ ᠠᠷᠢᠯᠭᠠᠬᠤ ᠰᠢᠰᠲ᠋ᠧᠮ᠂ ᠲᠤᠰᠠᠭᠠᠷ ᠠᠭᠠᠷ ᠲᠣᠬᠢᠷᠠᠭᠤᠯᠤᠭᠴᠢ ᠵᠡᠷᠭᠡ ᠲᠥᠬᠦᠭᠡᠷᠦᠮᠵᠢ ᠲᠠᠢ ᠪᠠᠶᠢᠵᠤ᠂ ᠲᠡᠷᠭᠡᠨ ᠤ ᠪᠡᠶ᠎ᠡ ᠨᠢ ᠵᠢᠵᠢᠭ᠂ ᠪᠠᠴᠢᠮ ᠪᠠᠶᠢᠳᠠᠯ ᠢ ᠠᠷᠭᠠᠴᠠᠬᠤ ᠳᠤ ᠬᠥᠳᠡᠯᠦᠩᠭᠦᠢ᠂ ᠲᠡᠭᠦᠵᠦ ᠬᠦᠷᠭᠡᠬᠦ ᠶᠢ ᠨᠢᠭᠡ ᠴᠣᠭᠴᠠᠵᠢᠭᠤᠯᠤᠭᠰᠠᠨ᠂ ᠡᠮᠨᠡᠵᠦ ᠬᠠᠮᠠᠭᠠᠯᠠᠬᠤ᠂ ᠪᠦᠷᠬᠦᠯᠲᠡ ᠶᠢᠨ ᠷᠠᠳᠢᠦ᠋ᠰ ᠨᠢ ᠶᠡᠭᠡ ᠵᠡᠷᠭᠡ ᠣᠨᠴᠠᠯᠢᠭ ᠲᠠᠢ ᠪᠠᠶᠢᠵᠤ᠂ ᠴᠤᠭᠯᠠᠭᠤᠯᠬᠤ ᠠᠵᠢᠯ ᠤᠨ ᠰᠢᠨᠵᠢᠯᠡᠬᠦ ᠤᠬᠠᠭᠠᠨᠴᠢ ᠴᠢᠨᠠᠷ᠂ ᠲᠤᠰᠬᠠᠢ ᠮᠡᠷᠭᠡᠵᠢᠯ ᠤᠨ ᠴᠢᠨᠠᠷ᠂ ᠳᠥᠭᠦᠮ ᠳᠥᠲᠡ ᠴᠢᠨᠠᠷ ᠪᠠ ᠠᠶᠤᠯᠭᠦᠢ ᠴᠢᠨᠠᠷ ᠢ ᠬᠠᠮᠤᠭ ᠤᠨ ᠶᠡᠭᠡ ᠪᠠᠷ ᠪᠠᠲᠤᠯᠠᠭᠰᠠᠨ ᠪᠠᠶᠢᠨ᠎ᠠ᠃      ᠱᠠᠨᠳᠦ᠋ᠩ ᠤᠨ ᠬᠤᠤ ᡂᠢ ᠣᠶᠤᠨᠲᠤ ᠮᠠᠰᠢᠨ ᠲᠡᠷᠭᠡᠨ ᠤ ᠬᠢᠵᠠᠭᠠᠷᠲᠤ ᠺᠣᠮᠫᠠᠨᠢ  ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠨᠢᠯᠴᠠᠭᠤᠯᠬᠤ ᠳᠠᠭᠠᠨ᠄ ︽ᠮᠠᠰᠢᠨ ᠲᠡᠷᠭᠡᠨ ᠤ ᠣᠶᠤᠨᠴᠢ ᠴᠠᠬᠢᠯᠭᠠᠨ ᠬᠠᠩᠭᠠᠬᠤ ᠰᠢᠰᠲ᠋ᠧᠮ ᠢᠶᠠᠷ ᠳᠠᠮᠵᠢᠭᠤᠯᠤᠨ ᠭᠡᠷᠡᠯᠲᠦᠭᠦᠯᠭᠡ᠂ ᠠᠭᠠᠷ ᠲᠣᠬᠢᠷᠠᠭᠤᠯᠤᠭᠴᠢ᠂ ᠲᠠᠭᠤ ᠲᠣᠮᠣᠷᠠᠭᠤᠯᠤᠭᠴᠢ ᠵᠢᠴᠢ ᠬᠢᠵᠢᠭ ᠢ ᠰᠡᠷᠭᠡᠶᠢᠯᠡᠬᠦ ᠲᠥᠬᠦᠭᠡᠷᠦᠮᠵᠢ ᠶᠢᠨ ᠴᠠᠬᠢᠯᠭᠠᠨ ᠬᠡᠷᠡᠭᠯᠡᠬᠦ ᠬᠡᠷᠡᠭᠴᠡᠭᠡ ᠶᠢ ᠬᠠᠩᠭᠠᠵᠤ ᠪᠣᠯᠣᠨ᠎ᠠ᠂ ᠡᠮᠨᠡᠯᠭᠡ ᠶᠢᠨ ᠠᠵᠢᠯᠲᠠᠳ ᠵᠥᠪᠬᠡᠨ ᠴᠣᠩᠬᠤᠨ ᠤ ᠡᠮᠦᠨᠡᠬᠢ ᠪᠢᠲᠡᠭᠦᠦ ᠴᠠᠭᠠᠷᠢᠭ ᠢᠶᠠᠷ ᠳᠠᠮᠵᠢᠪᠠᠯ ᠳᠠᠷᠤᠢ ᠠᠷᠢᠭᠤᠳᠬᠠᠬᠤ᠂ ᠵᠦᠯᠭᠦᠭᠦᠷ ᠠᠪᠬᠤ᠂ ᠬᠤᠭᠤᠯᠠᠢ ᠤᠭᠰᠠᠷᠠᠬᠤ ᠵᠡᠷᠭᠡ ᠠᠵᠢᠯᠯᠠᠭᠠᠨ ᠤ ᠶᠠᠪᠤᠴᠠ ᠶᠢ ᠪᠡᠶᠡᠯᠡᠭᠦᠯᠵᠦ ᠴᠢᠳᠠᠨ᠎ᠠ᠂ ᠪᠦᠬᠦ ᠶᠠᠪᠤᠴᠠ ᠳᠤ ᠪᠠᠶᠢᠴᠠᠭᠠᠭᠳᠠᠭᠴᠢ ᠲᠠᠢ ᠰᠢᠭᠤᠳ ᠬᠦᠷᠦᠯᠴᠡᠬᠦ ᠦᠭᠡᠢ ᠪᠠᠶᠢᠵᠤ᠂ ᠸᠢᠷᠦ᠋ᠰ ᠤᠨ ᠥᠷᠥᠭᠡᠨ ᠳᠤ ᠣᠷᠣᠬᠤ ᠶᠢ ᠪᠦᠲᠦᠮᠵᠢᠲᠡᠶ ᠪᠠᠷ ᠲᠠᠰᠤᠯᠵᠤ᠂ ᠰᠣᠯᠪᠢᠴᠠᠨ ᠬᠠᠯᠳᠠᠪᠤᠷᠢᠯᠠᠬᠤ ᠲᠦᠭᠰᠢᠭᠦᠷᠢ ᠶᠢ ᠪᠠᠭᠠᠰᠬᠠᠵᠤ᠂ ᠡᠮᠴᠢ ᠰᠤᠪᠢᠯᠠᠭᠴᠢ ᠳᠤ ᠠᠮᠤᠷ ᠲᠦᠪᠰᠢᠨ ᠤ ᠬᠠᠯᠬᠠᠪᠴᠢ ᠶᠢ ᠬᠠᠩᠭᠠᠵᠤ ᠴᠢᠳᠠᠨ᠎ᠠ᠃︾      ᠱᠠᠨᠳᠦ᠋ᠩ ᠤᠨ ᠬᠤᠤ ᡂᠢ ᠣᠶᠤᠨᠲᠤ ᠮᠠᠰᠢᠨ ᠲᠡᠷᠭᠡᠨ ᠤ ᠬᠢᠵᠠᠭᠠᠷᠲᠤ ᠺᠣᠮᠫᠠᠨᠢ ᠶᠢᠨ ᠲᠤᠰᠠᠯᠠᠮᠵᠢ ᠶᠢᠨ ᠰᠡᠳᠬᠢᠯ ᠢ ᠳᠤᠯᠠᠭᠠᠴᠠᠭᠤᠯᠬᠤ ᠠᠵᠢᠯᠯᠠᠭ᠎ᠠ ᠨᠢ ᠠᠵᠤ ᠠᠬᠤᠶᠢᠯᠠᠯ ᠤᠨ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠶᠢ ᠢᠯᠡᠷᠡᠭᠦᠯᠵᠦ᠂ ᠪᠦᠬᠦ ᠠᠷᠠᠳ ᠢᠶᠠᠷ ᠢᠶᠠᠨ ᠭᠠᠷ ᠬᠤᠯᠪᠣᠯᠴᠠᠨ᠂ ᠰᠡᠳᠬᠢᠯ ᠨᠢᠭᠡᠳᠦᠨ ᠬᠢᠵᠢᠭ ᠤᠨ ᠪᠠᠶᠢᠳᠠᠯ ᠢ ᠡᠰᠡᠷᠭᠦᠴᠡᠬᠦ ᠢᠳᠡᠪᠬᠢ ᠬᠦᠴᠦᠨ ᠢ ᠨᠡᠶᠢᠭᠡᠮ ᠳᠤ ᠳᠠᠮᠵᠢᠭᠤᠯᠵᠠᠢ᠃ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠᠬᠠᠶᠢᠷ᠎ᠠ ᠰᠡᠳᠬᠢᠯᠭᠡ ᠪᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠢᠵᠢᠭ  ᠢ ᠡᠰᠡᠷᠭᠦᠴᠡᠬᠦ ᠬᠤᠳᠠᠯᠳᠤᠭᠠᠴᠢᠳ ᠤᠨ ᠡᠪᠯᠡᠯ ᠤᠨ ᠰᠠᠶᠢᠨ ᠠᠵᠢᠯᠯᠠᠭ᠎ᠠ ᠳᠤ ᠬᠠᠷᠢᠭᠤᠴᠠᠯᠭ᠎ᠠ      ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ  ᠬᠢᠨ ᠢᠳᠡᠪᠬᠢᠲᠡᠢ ᠪᠠᠷ ᠲᠠᠪᠴᠠᠩ ᠪᠠᠶᠢᠭᠤᠯᠵᠤ᠂ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠂ ᠬᠤᠳᠠᠯᠳᠤᠭᠠᠴᠢᠳ ᠤᠨ ᠡᠪᠯᠡᠯ ᠤᠨ ᠢᠵᠢᠯ ᠰᠡᠳᠬᠢᠯ ᠤᠨ ᠬᠦᠴᠦᠨ᠂ ᠢᠵᠢᠯ ᠴᠢᠭᠯᠡᠯ ᠤᠨ ᠬᠦᠴᠦᠨ᠂ ᠢᠵᠢᠯ ᠴᠢᠭᠯᠡᠯ ᠤᠨ ᠬᠦᠴᠦᠨ ᠢ ᠬᠥᠲᠥᠯᠥᠨ ᠵᠢᠯᠤᠭᠤᠳᠴᠤ ᠨᠢᠭᠲᠠᠷᠠᠭᠤᠯᠵᠤ᠂ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ᠂ ᠬᠤᠳᠠᠯᠳᠤᠭᠠᠴᠢᠳ ᠤᠨ ᠡᠪᠯᠡᠯ ᠤᠷᠢᠶᠠᠯᠠᠭ᠎ᠠ ᠶᠢ ᠴᠤᠤᠷᠢᠶᠠᠲᠤᠨ ᠳᠠᠭᠠᠵᠤ᠂ ᠦᠳᠲᠡᠷ ᠲᠦᠷᠭᠡᠨ ᠬᠥᠳᠡᠯᠦᠯᠴᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠨ ᠴᠣᠬᠢᠬᠤ ᠳᠠᠶᠢᠯᠠᠯᠳᠤᠭᠠᠨ ᠳᠤ ᠢᠳᠡᠪᠬᠢᠲᠡᠢ ᠣᠷᠣᠯᠴᠠᠵᠤ᠂ ᠪᠣᠳᠠᠲᠤ ᠠᠵᠢᠯᠯᠠᠭ᠎ᠠ ᠪᠠᠷ ᠢᠶᠠᠨ ᠡᠨᠡᠬᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠨ ᠴᠣᠬᠢᠬᠤ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠦᠴᠦᠨ ᠴᠢᠳᠠᠯ ᠢᠶᠠᠨ ᠡᠷᠭᠦᠵᠡᠢ᠃
     ᠥᠪᠥᠷ ᠮᠣᠩᠭᠤᠯ ᠤᠨ ᠾᠧᠪᠧᠢ  ᠶᠢᠨ ᠬᠤᠳᠠᠯᠳᠤᠭᠠᠴᠢᠳ ᠤᠨ ᠡᠪᠯᠡᠯ ᠨᠡᠶᠢᠭᠡᠮ ᠤᠨ ᠬᠠᠷᠢᠭᠤᠴᠠᠯᠭ᠎ᠠ  ᠶᠢ ᠰᠠᠨᠠᠭᠠᠴᠢᠯᠠᠭ᠎ᠠ  ᠠᠴᠠ ᠪᠠᠨ ᠡᠭᠦᠷᠭᠡᠯᠡᠵᠦ᠂ ᠲᠢᠶ᠋ᠧ ᠰᠢ ᠵᠡᠭᠡᠯᠢ ᠭᠤᠳᠤᠮᠵᠢ᠂ ᠼᠠᠢ ᠱᠧᠨ ᠮᠢᠶᠣᠣ ᠵᠡᠭᠡᠯᠢ ᠭᠤᠳᠤᠮᠵᠢ᠂ ᠳ᠋ᠦᠩ ᠾᠧ  ᠶᠢᠨ ᠵᠠᠮ ᠬᠠᠷᠢᠯᠴᠠᠭᠠᠨ ᠤ ᠴᠠᠭᠳᠠᠭ᠎ᠠ  ᠶᠢᠨ ᠶᠡᠭᠡ ᠠᠩᠭᠢ  ᠶᠢᠨ ᠨᠢᠭᠡᠳᠦᠭᠡᠷ ᠹᠷᠣᠨᠲ ᠤᠨ ᠬᠢᠵᠢᠭ  ᠢ ᠡᠰᠡᠷᠭᠦᠴᠡᠬᠦ ᠠᠵᠢᠯᠲᠠᠳ ᠲᠤ ᠬᠤᠶᠠᠷ ᠲᠦᠮᠡᠨ ᠲᠥᠭᠦᠷᠢᠭ ᠤᠨ ᠦᠨ᠎ᠡ ᠥᠷᠲᠡᠭ ᠲᠠᠢ ᠠᠮᠢᠳᠤᠷᠠᠯ ᠤᠨ ᠡᠳ᠋ ᠪᠣᠳᠠᠰ ᠬᠠᠨᠳᠢᠪᠯᠡᠪᠠ᠃ᠬᠤᠳᠠᠯᠳᠤᠭᠠᠨ ᠤ ᠡᠪᠯᠡᠯ ᠤᠨ ᠳᠠᠷᠤᠭ᠎ᠠ᠂ ᠪᠤᠭᠤᠲᠤ ᠬᠤᠲᠠ ᠶᠢᠨ ᠱᠦᠨ ᠲᠦᠩ ᠱᠤᠭᠤᠮᠠᠯ ᠤᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠰᠢ ᠠᠢ ᠵᠢᠶᠦ᠋ᠨ ᠪᠤᠭᠤᠲᠤ ᠶᠢᠨ ᠬᠢᠲᠠᠳ ᠡᠸᠦ᠋ᠷᠦᠫᠡ ᠡᠮᠨᠡᠯᠭᠡ ᠶᠢ ᠤᠶᠠᠯᠳᠤᠭᠤᠯᠤᠭᠰᠠᠨ ᠡᠮᠨᠡᠯᠭᠡ ᠶᠢᠨ ᠬᠤᠷᠢᠶᠠᠨ ᠤ ᠨᠢᠭᠡᠳᠦᠭᠡᠷ ᠹᠷᠣᠨᠲ ᠤᠨ ᠬᠥᠮᠥᠰ ᠲᠤ 20 ᠢᠵᠢ ᠬᠥᠪᠥᠩ ᠬᠤᠪᠴᠠᠰᠤ ᠬᠠᠨᠳᠢᠪᠯᠡᠪᠠ᠃ ᠬᠤᠳᠠᠯᠳᠤᠭᠠᠴᠢᠳ ᠤᠨ ᠡᠪᠯᠡᠯ ᠤᠨ ᠪᠠᠶᠢᠩᠭᠤ  ᠶᠢᠨ ᠳᠠᠷᠤᠭ᠎ᠠ᠂ ᠥᠪᠥᠷ ᠮᠣᠩᠭᠤᠯ ᠤᠨ ᠬᠤᠤ ᠹᠧᠩ ᠨᠡᠷᠡᠮᠵᠢᠲᠦ ᠪᠣᠯᠣᠳ ᠲᠡᠮᠦᠷ ᠤᠨ ᠪᠦᠲᠦᠴᠡ  ᠶᠢᠨ ᠢᠨᠵᠧᠨᠧᠷᠢᠩ ᠤᠨ ᠬᠢᠵᠠᠭᠠᠷᠲᠤ ᠺᠣᠮᠫᠠᠨᠢ  ᠶᠢᠨ ᠶᠡᠷᠦᠩᠬᠡᠢ ᠳᠠᠭᠠᠭᠠᠮᠠᠯ ᠳ᠋ᠦ᠋ᠥᠸ᠋ ᠯᠢ ᠰᠢᠩ ᠳ᠋ᠦᠩ ᠰᠢᠩ ᠵᠡᠭᠡᠯᠢ ᠭᠤᠳᠤᠮᠵᠢ᠂ ᠳ᠋ᠦᠩ ᠰᠢᠩ ᠨᠡᠷᠡᠮᠵᠢᠲᠦ ᠵᠠᠮ ᠬᠠᠷᠢᠯᠴᠠᠭᠠᠨ ᠤ ᠴᠠᠭᠳᠠᠭ᠎ᠠ  ᠶᠢᠨ ᠶᠡᠭᠡ ᠠᠩᠭᠢ᠂ ᠬᠥᠩᠭᠡᠨ ᠴᠠᠭᠠᠨ ᠤ ᠦᠢᠯᠡᠰ ᠤᠨ ᠬᠦᠷᠢᠶᠡᠯᠡᠩ ᠲᠣᠭᠤᠷᠢᠭ᠂ ᠳ᠋ᠧᠩᠺᠸᠦ  ᠶᠢᠨ ᠲᠣᠮᠢᠯᠠᠭᠰᠠᠨ ᠰᠠᠯᠪᠤᠷᠢ ᠳᠤ 13000 ᠲᠥᠭᠦᠷᠢᠭ ᠤᠨ ᠬᠢᠵᠢᠭ  ᠢ ᠡᠰᠡᠷᠭᠦᠴᠡᠬᠦ ᠡᠳ᠋ ᠪᠣᠳᠠᠰ ᠬᠠᠨᠳᠢᠪᠯᠡᠪᠠ᠃ᠬᠤᠳᠠᠯᠳᠤᠭᠠᠴᠢᠳ ᠤᠨ ᠡᠪᠯᠡᠯ ᠤᠨ ᠳᠡᠳ᠋ ᠳᠠᠷᠤᠭ᠎ᠠ᠂ ᠪᠤᠭᠤᠲᠤ ᠬᠤᠲᠠ ᠶᠢᠨ ᠬᠤᠸᠠ ᠿᠢ ᠶᠢᠨ ᠤᠰᠤ ᠶᠢ ᠰᠡᠷᠭᠡᠶᠢᠯᠡᠵᠦ ᠳᠤᠯᠠᠭᠠᠨ ᠢ ᠬᠠᠮᠠᠭᠠᠯᠠᠬᠤ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠵᠣᠣ ᠵᠧᠨ ᠵᠧᠨ 1000 ᠲᠥᠭᠦᠷᠢᠭ ᠬᠠᠨᠳᠢᠪᠯᠡᠵᠤ ᠲᠤᠰᠠᠭᠠᠷᠯᠠᠭᠰᠠᠨ ᠪᠠᠭᠤᠳᠠᠯ ᠤᠨ ᠬᠢᠵᠢᠭ ᠢ ᠡᠰᠡᠷᠭᠦᠴᠡᠬᠦ ᠡᠮᠦᠨ᠎ᠡ ᠹᠷᠣᠨᠲ ᠤᠨ ᠪᠠᠶᠢᠯᠳᠤᠭᠴᠢᠳ ᠢ ᠲᠣᠬᠤᠨᠢᠭᠤᠯᠪᠠ᠃ᠬᠤᠳᠠᠯᠳᠤᠭᠠᠴᠢᠳ ᠤᠨ ᠡᠪᠯᠡᠯ ᠤᠨ ᠳᠡᠳ᠋ ᠳᠠᠷᠤᠭ᠎ᠠ᠂ ᠪᠤᠭᠤᠲᠤ ᠬᠤᠳᠠ ᠶᠢᠨ ᠴᠢᠶᠣᠤ ᡁᠢ ᠢ ᠵᠠᠷ ᠮᠡᠳᠡᠭᠡ ᠵᠠᠰᠠᠯ ᠴᠢᠮᠡᠭᠯᠡᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠵᠤᠤ ᠭᠦᠸᠧ ᠯᠢᠶᠠᠩ ᠤᠷᠢᠳ ᠬᠤᠵᠢᠳ ᠡᠮᠦᠨ᠎ᠡ ᠡᠭᠦᠳᠡᠨ ᠤ ᠭᠠᠳᠠᠨᠠᠬᠢ ᠵᠡᠭᠡᠯᠢ ᠭᠤᠳᠤᠮᠵᠢ᠂ ᠨᠠᠨ ᠭᠧ ᠳ᠋ᠦᠩ ᠵᠡᠭᠡᠯᠢ ᠭᠤᠳᠤᠮᠵᠢ᠂ ᠳ᠋ᠦᠩ ᠰᠢᠩ ᠵᠡᠭᠡᠯᠢ ᠭᠤᠳᠤᠮᠵᠢ᠂ ᠳ᠋ᠦᠩ ᠵᠠᠨ ᠵᠡᠭᠡᠯᠢ ᠭᠤᠳᠤᠮᠵᠢ ᠪᠣᠯᠣᠨ ᠰᠢ ᠨᠣᠣ ᠪᠦᠦ ᠵᠡᠭᠡᠯᠢ ᠭᠤᠳᠤᠮᠵᠢ ᠳᠤ ᠬᠢᠵᠢᠭ ᠢ ᠡᠰᠡᠷᠭᠦᠴᠡᠬᠦ ᠡᠳ᠋ ᠪᠣᠳᠠᠰ 15000 ᠭᠠᠷᠤᠢ ᠲᠥᠭᠦᠷᠢᠭ ᠬᠠᠨᠳᠢᠪᠯᠡᠪᠠ᠃      ᠪᠤᠭᠤᠲᠤ ᠬᠤᠲᠠ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠡᠷᠡᠭᠦᠯ ᠮᠡᠨᠳᠦ ᠶᠢᠨ ᠬᠤᠳᠠᠯᠳᠤᠭᠠᠨ ᠤ ᠡᠪᠯᠡᠯ ᠨᠡᠶᠢᠭᠡᠮᠯᠢᠭ ᠤᠨ ᠳᠠᠷᠤᠭ᠎ᠠ ᠯᠢ ᠶᠦᠨ ᠯᠦᠩ ᠤᠨ ᠳᠠᠭᠠᠭᠤᠯᠭ᠎ᠠ ᠳᠣᠣᠷ᠎ᠠ᠂ ᠵᠡᠭᠡᠯᠢ ᠭᠤᠳᠤᠮᠵᠢ ᠶᠢᠨ ᠪᠠᠴᠢᠮ ᠬᠡᠷᠡᠭᠴᠡᠭᠡᠨ ᠤ ᠡᠳ᠋ ᠪᠣᠳᠠᠰ ᠢ ᠦᠨᠳᠦᠰᠦᠯᠡᠵᠦ᠂ ᠼᠠᠢ ᠱᠥ᠋ᠨ ᠮᠢᠶᠣᠣ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠲᠠᠬᠢᠶᠠᠨ ᠥᠨᠳᠡᠭᠡ᠂ ᠮᠢᠬᠠᠨ ᠢᠳᠡᠭᠡᠨ᠂ ᠭᠠᠷ ᠳᠤᠯᠠᠭᠠᠴᠠᠭᠤᠯᠬᠤ ᠡᠷᠳᠡᠨᠢ᠂ ᠬᠠᠯᠠᠭᠤᠯᠬᠤ ᠱᠠᠬᠠᠢ ᠶᠢᠨ ᠤᠯᠠᠪᠴᠢ ᠵᠡᠷᠭᠡ ᠤᠯᠠᠨ ᠵᠦᠢᠯ ᠤᠨ ᠡᠳ᠋ ᠪᠣᠳᠠᠰ ᠢ ᠬᠦᠷᠭᠡᠭᠰᠡᠨ ᠤ ᠬᠠᠮᠲᠤ ᠰᠠᠶᠢᠨ ᠳᠤᠷ᠎ᠠ ᠶᠢᠨ ᠠᠵᠢᠯᠯᠠᠭᠴᠢ ᠶᠢ ᠲᠣᠮᠢᠯᠠᠨ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠣᠷᠣᠯᠴᠠᠭᠤᠯᠪᠠ᠂ ᠨᠠᠷᠢᠨ ᠪᠢᠴᠢᠭ ᠤᠨ ᠳᠠᠷᠤᠭ᠎ᠠ ᠶᠠᠩ ᠴᠧᠩ᠂ ᠭᠡᠰᠢᠭᠦᠨ ᠬᠤᠸᠠᠩ ᠪᠥᠸᠧ᠂ ᠦ᠋ ᠶᠦᠨ ᠯᠦᠩ ᠵᠡᠷᠭᠡ 11 ᠨᠥᠬᠦᠳ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠢ ᠪᠠᠲᠤ ᠰᠠᠬᠢᠵᠤ᠂ ᠮᠠᠨ ᠤ ᠣᠷᠣᠨ ᠤ ᠬᠢᠵᠢᠭ ᠢ ᠰᠡᠷᠭᠡᠶᠢᠯᠡᠬᠦ ᠠᠵᠢᠯ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃      ᠳ᠋ᠦᠩ ᠾᠧ ᠲᠣᠭᠤᠷᠢᠭ ᠤᠨ ᠡᠮᠡᠭᠲᠡᠢ ᠠᠵᠤ ᠠᠬᠤᠶᠢᠯᠠᠯᠲᠠᠨ ᠤ ᠨᠡᠶᠢᠭᠡᠮᠯᠢᠭ ᠤᠨ ᠳᠠᠷᠤᠭ᠎ᠠ ᠵᠢᠶᠠ ᠯᠢᠩ ᠯᠢᠩ ᠭᠡᠰᠢᠭᠦᠨ ᠠᠵᠤ ᠠᠬᠤᠶᠢᠯᠠᠯᠲᠠᠨ ᠰᠢᠩ ᠬᠤᠩ᠂ ᠵᠠᠩ ᠯᠢ ᠶᠢᠩ ᠢ ᠳᠠᠭᠠᠭᠤᠯᠤᠨ ᠲᠢᠶᠸ ᠰᠢ ᠵᠡᠭᠡᠯᠢ ᠭᠤᠳᠤᠮᠵᠢ᠂ ᠾᠧ ᠫᠢᠩ ᠵᠠᠮ ᠤᠨ ᠵᠡᠭᠡᠯᠢ ᠭᠤᠳᠤᠮᠵᠢ ᠳᠤ ᠬᠢᠮ᠎ᠠ᠂ ᠰᠠᠭᠤᠯᠠᠭ᠎ᠠ ᠲᠠᠢ ᠳᠥᠭᠦᠮ ᠮᠢᠨᠲᠤᠤᠷ᠂ ᠳᠠᠪᠤᠰᠤᠯᠠᠭᠰᠠᠨ ᠨᠣᠭᠤᠭ᠎ᠠ ᠵᠡᠷᠭᠡ ᠠᠮᠢᠳᠤᠷᠠᠯ ᠤᠨ ᠡᠳ᠋ ᠪᠣᠳᠠᠰ ᠢ ᠬᠦᠷᠭᠡᠵᠦ᠂ ᠪᠣᠳᠠᠲᠤ ᠠᠵᠢᠯᠯᠠᠭ᠎ᠠ ᠪᠠᠷ ᠢᠶᠠᠨ︽ᠡᠮᠡᠭᠲᠡᠶᠢᠴᠦᠳ ᠤᠨ ᠬᠥᠮᠥᠰᠬᠡ ᠵᠠᠩᠭᠢᠳᠬᠤ ᠶᠢ ᠦᠯᠦ ᠵᠥᠪᠰᠢᠶᠡᠷᠡᠬᠦ︾ᠡᠭᠦᠷᠭᠡ ᠬᠠᠷᠢᠭᠤᠴᠠᠯᠭ᠎ᠠ ᠶᠢ ᠲᠠᠶᠢᠯᠪᠤᠷᠢᠯᠠᠪᠠ᠃ {ᠳᠤᠮᠳᠠᠳᠤ ᠶᠢᠨ ᠦᠨᠳᠦᠰᠦᠲᠡᠨ ᠤ ᠨᠡᠶᠢᠭᠡᠮᠯᠢᠭ ᠤᠨ ᠠᠵᠤ ᠠᠬᠤᠶᠢᠯᠠᠯᠲᠠᠨ ᠤ ᠨᠡᠶᠢᠭᠡᠮᠯᠢᠭ ᠤᠨ ᠳᠠᠷᠤᠭ᠎ᠠ ᠵᠢᠶᠠ ᠯᠢᠩ ᠯᠢᠩ ᠨᠡᠶᠢᠭᠡᠮᠯᠢᠭ ᠤᠨ ᠭᠡᠰᠢᠭᠦᠨ ᠰᠢᠩ ᠬᠤᠩ᠂ ᠵᠠᠩ ᠯᠢ ᠶᠢᠩ ᠢ ᠳᠠᠭᠠᠭᠤᠯᠤᠨ ᠲᠢᠶᠸ ᠰᠢ ᠵᠡᠭᠡᠯᠢ ᠭᠤᠳᠤᠮᠵᠢ᠂ ᠾᠧ ᠫᠢᠩ ᠵᠠᠮ ᠤᠨ ᠵᠡᠭᠡᠯᠢ ᠭᠤᠳᠤᠮᠵᠢ ᠳᠤ ᠲᠠᠶᠢᠯᠪᠤᠷᠢᠯᠠᠪᠠ᠃
 
ᠢᠷᠡᠯᠲᠡ᠄ ᠥᠨᠥᠳᠥᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1