ᠣᠶᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠤᠨ ᠲᠤᠬᠠᠢ᠂ ᠳᠣᠣᠷ᠎ᠠ ᠳᠡᠰ ᠤᠨ ᠲᠦᠭᠰᠢᠭᠦᠷᠢᠲᠦ ᠣᠷᠣᠨ ᠤ ᠲᠣᠮᠢᠶᠠᠯᠠᠯ ᠤᠨ ᠲᠤᠬᠠᠢ ᠁ ᠡᠷᠬᠡ ᠰᠦᠷᠲᠦ ᠬᠠᠷᠢᠭᠤᠯᠲᠠ︕
ᠨᠡᠶᠢᠲᠡᠯᠡᠭᠰᠡᠨ ᠴᠠᠭ᠄
2022/11/28
    ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ 11 ᠳ᠋ᠦ᠋ᠭᠡᠷ ᠰᠠᠷ᠎ᠠ ᠶᠢᠨ 22 ᠤᠨ ᠡᠳᠦᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠣᠳᠣᠬᠠᠨ ᠤ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠲᠤᠬᠠᠢ ᠲᠠᠨᠢᠯᠴᠠᠭᠤᠯᠪᠠ ᠃ ᠬᠠᠮᠲᠤ ᠪᠠᠷ ᠣᠶᠢᠯᠠᠭᠠᠵᠠᠭᠠᠶ᠎ᠠ ︱      ᠶᠢᠰᠦᠳᠦᠭᠡᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠪᠠ ᠬᠤᠷᠢᠨ ᠵᠦᠢᠯ ᠤᠨ ᠠᠷᠭ᠎ᠠ ᠬᠡᠮᠵᠢᠶ᠎ᠡ ᠶᠢ ᠭᠤᠶᠢᠪᠢᠰᠢ ᠦᠭᠡᠢ ᠪᠥᠭᠡᠳ ᠥᠭᠡᠷᠡᠲᠦᠭᠦᠯᠬᠦ ᠦᠭᠡᠢ ᠪᠠᠷ ᠬᠡᠷᠡᠭᠵᠢᠭᠦᠯᠬᠦ ᠶᠢ ᠪᠠᠷᠢᠮᠲᠠᠯᠠᠨ᠎ᠠ      ᠣᠶᠢᠷ᠎ᠠ ᠶᠢᠨ ᠬᠤᠭᠤᠴᠠᠭᠠᠨ ᠳᠤ᠂ ᠪᠥᠬᠦ ᠤᠯᠤᠰ ᠤᠨ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠬᠡᠪᠴᠢᠶ᠎ᠡ ᠥᠷᠭᠡᠳᠴᠦ᠂ ᠬᠠᠯᠳᠠᠪᠤᠷᠢᠯᠠᠬᠤ ᠬᠡᠯᠬᠢᠶ᠎ᠡ ᠣᠯᠠᠰᠢᠷᠠᠵᠤ᠂ ᠬᠢᠵᠢᠭ ᠤᠨ ᠪᠠᠶᠢᠳᠠᠯ ᠤᠨ ᠨᠥᠯᠥᠭᠡᠯᠡᠬᠦ ᠬᠡᠪᠴᠢᠶ᠎ᠡ ᠨᠢ ᠥᠷᠭᠡᠳᠦᠭᠰᠡᠨ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠠᠶᠢᠳᠠᠯ ᠢᠯᠡᠷᠡᠵᠡᠢ᠃      ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ᠂ ᠳᠣᠲᠣᠭᠠᠳᠤ ᠳᠤ ᠪᠠᠨ ᠲᠠᠬᠢᠨ ᠡᠭᠦᠰᠬᠦ ᠶᠢ ᠰᠡᠷᠭᠡᠶᠢᠯᠡᠬᠦ︾ ᠶᠡᠷᠦᠩᠬᠡᠢ ᠠᠷᠭ᠎ᠠ ᠪᠣᠳᠣᠯᠭ᠎ᠠ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ︽ᠬᠥᠳᠡᠯᠦᠩᠭᠦᠢ ᠪᠠᠷ ᠠᠷᠢᠯᠭᠠᠨ ᠴᠡᠪᠡᠷᠯᠡᠬᠦ︾ ᠶᠡᠷᠦᠩᠬᠡᠢ ᠴᠢᠭᠯᠡᠯᠲᠡ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠮᠢᠨᠴᠦᠭᠦᠷᠡᠨ ᠰᠤᠯᠠᠷᠠᠬᠤ ᠰᠡᠳᠬᠢᠴᠡ᠂ ᠪᠠᠶᠢᠳᠠᠯ ᠢ ᠠᠵᠢᠭᠯᠠᠬᠤ ᠰᠡᠳᠬᠢᠴᠡ ᠶᠢ ᠡᠷᠡᠰ ᠲᠡᠪᠴᠢᠵᠦ᠂ ᠶᠢᠰᠦᠳᠦᠭᠡᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠪᠣᠯᠣᠨ ᠬᠤᠷᠢᠨ ᠵᠦᠢᠯ ᠤᠨ ᠠᠷᠭ᠎ᠠ ᠬᠡᠮᠵᠢᠶ᠎ᠡ ᠶᠢ ᠭᠤᠶᠢᠪᠢᠰᠢ ᠦᠭᠡᠢ ᠪᠥᠭᠡᠳ ᠥᠭᠡᠷᠡᠲᠦᠭᠦᠯᠬᠦ ᠦᠭᠡᠢ ᠪᠠᠷ ᠬᠡᠷᠡᠭᠵᠢᠭᠦᠯᠬᠦ ᠶᠢ ᠪᠠᠷᠢᠮᠲᠠᠯᠠᠵᠤ᠂ ᠰᠡᠷᠭᠡᠶᠢᠯᠡᠬᠦ ᠳᠤ ᠰᠠᠭᠤᠷᠢᠯᠠᠬᠤ᠂ ᠡᠷᠲᠡ ᠢᠯᠡᠷᠡᠭᠦᠯᠬᠦ ᠳᠤ ᠰᠠᠭᠤᠷᠢᠯᠠᠬᠤ ᠪᠠ ᠲᠦᠷᠭᠡᠨ ᠰᠢᠢᠳᠪᠦᠷᠢᠯᠡᠬᠦ ᠳᠤ ᠰᠠᠭᠤᠷᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠰᠢᠨᠵᠢᠯᠡᠬᠦ ᠤᠬᠠᠭᠠᠨᠴᠢ ᠪᠥᠭᠡᠳ ᠣᠨᠣᠴᠠᠲᠠᠢ ᠪᠠᠷ ᠰᠠᠶᠢᠲᠤᠷ ᠬᠢᠬᠦ ᠬᠡᠷᠡᠭᠲᠡᠢ᠃      ᠬᠢᠵᠢᠭ ᠤᠨ ᠪᠠᠶᠢᠳᠠᠯ ᠡᠭᠦᠰᠦᠭᠰᠡᠨ ᠭᠠᠵᠠᠷ ᠣᠷᠣᠨ ᠤ ᠬᠢᠨ ᠲᠦᠷᠭᠡᠨ ᠢ ᠲᠦᠷᠭᠡᠨ ᠢᠶᠠᠷ ᠠᠷᠭᠠᠴᠠᠭᠠᠬᠤ ᠠᠷᠭ᠎ᠠ ᠬᠡᠮᠵᠢᠶ᠎ᠡ ᠪᠠᠷ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠢ ᠥᠷᠨᠢᠭᠦᠯᠵᠦ᠂ ᠲᠦᠭᠰᠢᠭᠦᠷᠢ ᠲᠠᠢ ᠣᠷᠣᠨ ᠢ ᠣᠨᠣᠪᠴᠢᠲᠠᠶ ᠬᠤᠪᠢᠶᠠᠷᠢᠯᠠᠨ᠂ ᠪᠥᠭᠡᠮ ᠬᠦᠴᠢᠯ ᠤᠨ ᠪᠠᠶᠢᠴᠠᠭᠠᠯᠲᠠ ᠶᠢ ᠡᠮᠬᠢ ᠵᠢᠷᠤᠮ ᠲᠠᠢ ᠵᠣᠬᠢᠶᠠᠨ ᠪᠠᠶᠢᠭᠤᠯᠵᠤ᠂ ᠲᠦᠭᠰᠢᠭᠦᠷᠢ ᠲᠠᠢ ᠬᠥᠮᠥᠰ ᠢ ᠪᠦᠲᠦᠮᠵᠢᠲᠡᠶ ᠬᠠᠮᠢᠶᠠᠷᠤᠨ ᠡᠵᠡᠮᠳᠡᠵᠦ᠂ ᠲᠤᠰᠠᠭᠠᠷᠯᠠᠬᠤ ᠠᠵᠢᠯ ᠢ ᠴᠢᠩᠭ᠎ᠠ ᠵᠢᠷᠤᠮᠵᠢᠭᠤᠯᠤᠨ᠂ ᠬᠠᠷᠢᠶ᠎ᠠ ᠭᠠᠵᠠᠷ᠂ ᠰᠠᠯᠠᠭ᠎ᠠ ᠮᠥᠴᠢᠷ᠂ ᠪᠠᠶᠢᠭᠤᠯᠭ᠎ᠠ ᠨᠢᠭᠡᠴᠢ᠂ ᠬᠤᠪᠢ ᠬᠥᠮᠥᠨ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠵᠤ᠂ ᠬᠢᠵᠢᠭ ᠤᠨ ᠪᠠᠶᠢᠳᠠᠯ ᠤᠨ ᠥᠷᠭᠡᠵᠢᠨ ᠳᠡᠯᠭᠡᠷᠡᠬᠦ ᠶᠢ ᠠᠯᠢ ᠲᠦᠷᠭᠡᠨ ᠢᠶᠠᠷ ᠬᠤᠷᠢᠭᠯᠠᠬᠤ ᠬᠡᠷᠡᠭᠲᠡᠢ᠃      ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ ᠶᠢ ᠦᠷᠭᠦᠯᠵᠢᠯᠡᠨ ᠴᠡᠭᠴᠡᠯᠡᠨ ᠵᠠᠰᠠᠵᠤ᠂ ᠬᠠᠮᠢᠶᠠᠷᠬᠤ ᠶᠣᠰᠣᠲᠠᠢ ᠶᠢ ᠨᠢ ᠡᠷᠡᠰ ᠬᠠᠮᠢᠶᠠᠷᠴᠤ᠂ ᠬᠦᠴᠦᠨ ᠦᠭᠡᠢ ᠪᠣᠯᠭᠠᠬᠤ ᠶᠣᠰᠣᠲᠠᠢ ᠶᠢ ᠨᠢ ᠡᠷᠡᠰ ᠬᠦᠴᠦᠨ ᠦᠭᠡᠢ ᠪᠣᠯᠭᠠᠵᠤ᠂ ᠨᠠᠶᠢᠳᠠᠪᠤᠷᠢᠵᠢᠭᠤᠯᠬᠤ ᠶᠣᠰᠣᠲᠠᠢ ᠶᠢ ᠨᠢ ᠪᠣᠳᠠᠲᠠᠢ ᠳᠤ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠢᠢᠳᠪᠦᠷᠢᠯᠡᠬᠦ ᠬᠤᠭᠤᠴᠠᠭᠠᠨ ᠳᠠᠬᠢ ᠤᠯᠠᠨ ᠲᠦᠮᠡᠨ ᠤ ᠦᠨᠳᠦᠰᠦᠨ ᠠᠮᠢᠳᠤᠷᠠᠯ ᠪᠣᠯᠣᠨ ᠡᠪᠡᠳᠴᠢᠨ ᠦᠵᠡᠭᠦᠯᠬᠦ ᠬᠡᠷᠡᠭᠴᠡᠭᠡ ᠶᠢ ᠰᠠᠶᠢᠲᠤᠷ ᠪᠠᠲᠤᠯᠠᠬᠤ ᠬᠡᠷᠡᠭᠲᠡᠢ᠃      ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ ᠠᠰᠠᠭᠤᠳᠠᠯ ᠢ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠤᠨ᠎ᠠ      ᠡᠯ᠎ᠡ ᠭᠠᠵᠠᠷ ᠤᠨ ᠬᠢᠨ ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ ᠠᠰᠠᠭᠤᠳᠠᠯ ᠢ ᠴᠡᠭᠴᠡᠯᠡᠨ ᠵᠠᠰᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠰᠤᠷᠭᠠᠭᠤᠯᠢ ᠶᠢ ᠳᠤᠷ᠎ᠠ ᠪᠠᠷ ᠢᠶᠠᠨ ᠪᠢᠲᠡᠭᠦᠮᠵᠢᠯᠡᠨ ᠬᠢᠴᠢᠶᠡᠯ ᠵᠣᠭᠰᠤᠭᠠᠬᠤ᠂ ᠠᠵᠢᠯ ᠢ ᠵᠣᠭᠰᠣᠭᠠᠵᠤ ᠦᠢᠯᠡᠳᠪᠦᠷᠢᠯᠡᠯ ᠢ ᠵᠣᠭᠰᠤᠭᠠᠬᠤ᠂ ᠵᠥᠪᠰᠢᠶᠡᠷᠡᠯ ᠦᠭᠡᠢ ᠪᠠᠷ ᠵᠠᠮ ᠬᠠᠷᠢᠯᠴᠠᠭ᠎ᠠ ᠶᠢ ᠲᠠᠰᠤᠯᠬᠤ᠂ ᠳᠤᠷ᠎ᠠ ᠪᠠᠷ ︽ᠪᠢᠲᠡᠭᠦᠮᠵᠢᠲᠦ︾ ᠬᠠᠮᠢᠶᠠᠷᠤᠯᠲᠠ ᠶᠠᠪᠤᠭᠤᠯᠬᠤ᠂ ᠳᠤᠷ᠎ᠠ ᠪᠠᠷ ᠪᠢᠲᠡᠭᠦᠮᠵᠢᠯᠡᠨ ᠡᠵᠡᠮᠳᠡᠬᠦ᠂ ᠤᠷᠳᠤ ᠬᠤᠭᠤᠴᠠᠭ᠎ᠠ ᠪᠠᠷ ᠪᠢᠲᠡᠭᠦᠮᠵᠢᠯᠡᠯ ᠢ ᠲᠠᠶᠢᠯᠬᠤ ᠦᠭᠡᠢ᠂ ᠡᠮᠨᠡᠭᠦᠯᠬᠦ ᠶᠢ ᠳᠤᠷ᠎ᠠ ᠪᠠᠷ ᠵᠣᠭᠰᠤᠭᠠᠬᠤ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠴᠡᠭᠴᠡᠯᠡᠨ ᠵᠠᠰᠠᠵᠤ᠂ ᠤᠯᠠᠨ ᠲᠦᠮᠡᠨ ᠤ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠤᠯᠠᠨ ᠲᠦᠮᠡᠨ ᠤ ᠵᠠᠭᠠᠯᠳᠤᠭᠰᠠᠨ ᠪᠠᠴᠢᠮᠳᠠᠵᠤ ᠪᠡᠷᠬᠡᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠴᠠᠭ ᠲᠤᠬᠠᠢ ᠳᠤ ᠨᠢ ᠰᠢᠢᠳᠪᠦᠷᠢᠯᠡᠵᠦ᠂ ᠬᠤᠷᠢᠨ ᠵᠦᠢᠯ ᠤᠨ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠵᠤ᠂ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃      ᠣᠳᠣᠬᠠᠨ ᠳᠤ ᠮᠠᠨ ᠤ ᠤᠯᠤᠰ ᠤᠨ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠮᠥᠨ ᠯᠡ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠵᠤ᠂ ᠵᠠᠷᠢᠮ ᠮᠤᠵᠢ ᠣᠷᠣᠨ ᠭᠤᠷᠪᠠᠨ ᠵᠢᠯ ᠤᠨ ᠲᠤᠷᠰᠢᠬᠢ ᠬᠠᠮᠤᠭ ᠤᠨ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠳᠠᠯ ᠳᠤ ᠲᠤᠯᠭᠠᠷᠠᠵᠤ ᠪᠤᠢ      ᠣᠳᠣᠬᠠᠨ ᠳᠤ ᠮᠠᠨ ᠤ ᠤᠯᠤᠰ ᠤᠨ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠮᠥᠨ ᠬᠦ ᠬᠦᠨᠳᠦ ᠨᠣᠴᠢᠲᠠᠢ ᠪᠥᠭᠡᠳ ᠨᠠᠷᠢᠨ ᠪᠤᠳᠤᠯᠢᠶᠠᠨᠲᠠᠢ ᠪᠠᠶᠢᠵᠤ᠂ ᠬᠡᠰᠡᠭ ᠭᠠᠵᠠᠷ ᠣᠷᠣᠨ ᠤ ᠬᠢᠵᠢᠭ ᠤᠨ ᠪᠠᠶᠢᠳᠠᠯ ᠤᠨ ᠲᠠᠷᠬᠠᠬᠤ ᠬᠤᠷᠳᠤᠴᠠ ᠲᠦᠷᠭᠡᠳᠴᠦ᠂ ᠰᠡᠷᠭᠡᠶᠢᠯᠡᠨ ᠡᠵᠡᠮᠳᠡᠬᠦ ᠬᠦᠴᠢᠷᠳᠡᠯ ᠲᠠᠰᠤᠷᠠᠯᠲᠠ ᠦᠭᠡᠢ ᠨᠡᠮᠡᠭᠳᠡᠵᠦ ᠪᠠᠶᠢᠨ᠎ᠠ᠃ ᠣᠶᠢᠷ᠎ᠠ ᠶᠢᠨ ᠬᠤᠭᠤᠴᠠᠭᠠᠨ ᠳᠤ ᠡᠭᠦᠰᠦᠭᠰᠡᠨ ᠬᠢᠵᠢᠭ ᠤᠨ ᠪᠠᠶᠢᠳᠠᠯ ᠳᠤ ᠳᠣᠣᠷᠠᠬᠢ ᠮᠡᠲᠦ ᠣᠨᠴᠠᠯᠢᠭ ᠲᠠᠢ᠄ ᠨᠢᠭᠡ ᠳᠤ᠂ ᠰᠢᠨ᠎ᠡ ᠪᠠᠷ ᠨᠡᠮᠡᠭᠳᠡᠭᠰᠡᠨ ᠬᠠᠯᠳᠠᠪᠤᠷᠢᠯᠠᠭᠰᠠᠳ ᠤᠨ ᠲᠤᠭ᠎ᠠ ᠬᠡᠮᠵᠢᠶ᠎ᠡ ᠦᠷᠭᠦᠯᠵᠢᠯᠡᠨ ᠨᠡᠮᠡᠭᠳᠡᠵᠦ ᠪᠠᠶᠢᠨ᠎ᠠ᠃ 11 ᠳ᠋ᠦ᠋ᠭᠡᠷ ᠰᠠᠷ᠎ᠠ ᠶᠢᠨ 1 ᠤ ᠡᠳᠦᠷ ᠠᠴᠠ ᠨᠠᠭᠠᠰᠢ᠂ ᠪᠥᠬᠦ ᠤᠯᠤᠰ ᠲᠤ ᠨᠡᠶᠢᠲᠡ 25.3 ᠲᠦᠮᠡᠨ ᠬᠠᠯᠳᠠᠪᠤᠷᠢᠯᠠᠭᠰᠠᠳ ᠰᠢᠨ᠎ᠡ ᠪᠠᠷ ᠨᠡᠮᠡᠭᠳᠡᠵᠦ᠂ ᠣᠶᠢᠷ᠎ᠠ ᠶᠢᠨ ᠨᠢᠭᠡ ᠭᠠᠷᠠᠭ ᠲᠤ ᠳᠤᠮᠳᠠᠴᠢ ᠪᠠᠷ ᠡᠳᠦᠷ ᠪᠦᠷᠢ 2.22 ᠲᠦᠮᠡᠨ ᠬᠠᠯᠳᠠᠪᠤᠷᠢᠯᠠᠭᠰᠠᠳ ᠰᠢᠨ᠎ᠡ ᠪᠠᠷ ᠨᠡᠮᠡᠭᠳᠡᠵᠦ ᠂ ᠲᠦᠷᠦᠭᠦᠸ ᠨᠢᠭᠡ ᠭᠠᠷᠠᠭ ᠤᠨ ᠬᠢ ᠠᠴᠠ ᠨᠢᠭᠡ ᠳᠠᠬᠢᠨ ᠨᠡᠮᠡᠭᠳᠡᠵᠡᠢ᠃ ᠬᠤᠶᠠᠷ ᠲᠤ᠂ ᠬᠢᠵᠢᠭ ᠤᠨ ᠪᠠᠶᠢᠳᠠᠯ ᠤᠨ ᠬᠠᠮᠤᠷᠬᠤ ᠬᠡᠪᠴᠢᠶ᠎ᠡ ᠨᠢ ᠥᠷᠭᠡᠨ᠂ ᠬᠠᠯᠳᠠᠪᠤᠷᠢᠯᠠᠬᠤ ᠬᠡᠯᠬᠢᠶ᠎ᠡ ᠨᠢ ᠪᠤᠳᠤᠯᠢᠶᠠᠨᠲᠠᠢ ᠪᠣᠯᠵᠤ ᠪᠠᠶᠢᠨ᠎ᠠ᠃ ᠣᠯᠠᠩᠬᠢ ᠮᠤᠵᠢ ᠣᠷᠣᠨ ᠳᠤ ᠬᠢᠵᠢᠭ ᠤᠨ ᠪᠠᠶᠢᠳᠠᠯ ᠦᠷᠭᠦᠯᠵᠢᠯᠡᠨ ᠦᠷᠪᠢᠰᠴᠦ᠂ ᠣᠯᠠᠨ ᠮᠤᠵᠢ ᠣᠷᠣᠨ ᠤ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠬᠡᠪᠴᠢᠶ᠎ᠡ ᠥᠷᠭᠡᠳᠴᠦ᠂ ᠬᠠᠯᠳᠠᠪᠤᠷᠢᠯᠠᠬᠤ ᠬᠡᠯᠬᠢᠶ᠎ᠡ ᠨᠢ ᠣᠯᠠᠰᠢᠷᠠᠵᠤ᠂ ᠵᠠᠷᠢᠮ ᠮᠤᠵᠢ ᠣᠷᠣᠨ ᠭᠤᠷᠪᠠᠨ ᠵᠢᠯ ᠤᠨ ᠲᠤᠷᠰᠢᠬᠢ ᠬᠠᠮᠤᠭ ᠤᠨ ᠬᠦᠨᠳᠦ ᠬᠡᠴᠡᠭᠦᠦ ᠪᠥᠭᠡᠳ ᠨᠠᠷᠢᠨ ᠪᠤᠳᠤᠯᠢᠶᠠᠨᠲᠠᠢ ᠪᠠᠶᠢᠳᠠᠯ ᠳᠤ ᠲᠤᠯᠭᠠᠷᠠᠵᠤ ᠪᠤᠢ᠃ ᠭᠤᠷᠪᠠ ᠳᠤ᠂ ᠬᠥᠮᠥᠨ ᠠᠮᠠ ᠨᠢᠭᠲᠠᠷᠠᠭᠰᠠᠨ ᠬᠤᠲᠠ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠭᠠᠵᠠᠷ ᠣᠷᠣᠨ ᠪᠣᠯᠪᠠ᠃ ᠭᠤᠸᠠᠩᠵᠧᠦ᠂ ᠴᠦᠩᠴᠢᠩ ᠢᠶᠠᠷ ᠠᠪᠴᠤ ᠬᠡᠯᠡᠪᠡᠯ᠂ ᠬᠥᠮᠥᠨ ᠠᠮᠠ ᠶᠢᠨ ᠬᠡᠪᠴᠢᠶ᠎ᠡ ᠶᠡᠭᠡ᠂ ᠬᠥᠮᠥᠨ ᠠᠮᠠ ᠶᠢᠨ ᠨᠡᠭᠦᠳᠡᠯ ᠴᠢᠨᠠᠷ ᠴᠢᠩᠭ᠎ᠠ᠂ ᠶᠡᠭᠡ ᠳᠡᠭᠡᠳᠦ ᠰᠤᠷᠭᠠᠭᠤᠯᠢ ᠵᠡᠷᠭᠡ ᠭᠤᠣᠯᠳᠠᠯᠭ᠎ᠠ ᠲᠠᠢ ᠲᠠᠯᠠᠪᠤᠷ ᠭᠠᠵᠠᠷ ᠲᠥᠪᠯᠡᠷᠡᠵᠦ᠂ ᠬᠥᠮᠥᠰ ᠤᠨ ᠴᠤᠭᠯᠠᠷᠠᠯ ᠤᠨ ᠴᠢᠨᠠᠷᠲᠠᠢ ᠠᠵᠢᠯᠯᠠᠭ᠎ᠠ ᠣᠯᠠᠨ ᠠᠴᠠ ᠪᠣᠯᠵᠤ᠂ ᠬᠢᠵᠢᠭ ᠤᠨ ᠲᠠᠷᠬᠠᠯᠲᠠ ᠶᠢᠨ ᠲᠦᠭᠰᠢᠭᠦᠷᠢ ᠪᠠ ᠰᠡᠷᠭᠡᠶᠢᠯᠡᠨ ᠡᠵᠡᠮᠳᠡᠬᠦ ᠬᠦᠴᠢᠷᠳᠡᠯ ᠢ ᠬᠦᠨᠳᠦᠷᠡᠭᠦᠯᠦᠭᠰᠡᠨ ᠪᠠᠶᠢᠨ᠎ᠠ᠃      ᠣᠨᠴᠠᠭᠠᠶᠢᠯᠠᠨ ᠣᠯᠠᠨ ᠳᠤ ᠰᠠᠨᠠᠭᠤᠯᠬᠤ ᠴᠢᠬᠤᠯᠠᠲᠠᠢ ᠵᠦᠢᠯ ᠭᠡᠪᠡᠯ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠪᠣᠯ ᠠᠮᠢᠰᠬᠤᠯ ᠤᠨ ᠰᠢᠰᠲ᠋ᠧᠮ ᠤᠨ ᠡᠪᠡᠳᠴᠢᠨ ᠮᠥᠨ᠂ ᠰᠢᠨ᠎ᠡ ᠲᠢᠲᠢᠮᠯᠢᠭ ᠸᠢᠷᠦ᠋ᠰ ᠨᠢ ᠭᠤᠣᠯᠳᠠᠭᠤ ᠠᠮᠢᠰᠬᠤᠯ ᠤᠨ ᠵᠠᠮ ᠤᠨ ᠰᠢᠯᠦᠰᠦ ᠪᠠ ᠨᠢᠭᠲᠠ ᠬᠦᠷᠦᠯᠴᠡᠬᠦ ᠵᠡᠷᠭᠡ ᠠᠷᠭ᠎ᠠ ᠵᠠᠮ ᠢᠶᠠᠷ ᠲᠠᠷᠬᠠᠳᠠᠭ᠃ ᠡᠶᠢᠮᠦ ᠠᠴᠠ ᠪᠢᠳᠡ ᠡᠳᠦᠷ ᠲᠤᠲᠤᠮ ᠤᠨ ᠠᠮᠢᠳᠤᠷᠠᠯ ᠪᠠ ᠠᠵᠢᠯ ᠤᠨ ᠳᠤᠮᠳᠠ ᠪᠠᠨ ᠣᠯᠠᠨ ᠢᠶᠠᠷ ᠢᠶᠠᠨ ᠴᠥᠮ ᠬᠢᠵᠢᠭ ᠢ ᠰᠡᠷᠭᠡᠶᠢᠯᠡᠬᠦ ᠦᠨᠳᠦᠰᠦᠨ ᠪᠠᠷᠢᠮᠵᠢᠶ᠎ᠠ ᠶᠢ ᠵᠢᠷᠤᠮᠯᠠᠵᠤ᠂ ᠭᠠᠷ ᠢᠶᠠᠨ ᠰᠠᠶᠢᠲᠤᠷ ᠤᠬᠢᠶᠠᠬᠤ᠂ ᠠᠮᠠᠪᠴᠢ ᠵᠡᠭᠦᠬᠦ᠂ ᠨᠡᠶᠢᠭᠡᠮ ᠤᠨ ᠬᠠᠷᠢᠯᠴᠠᠭᠠᠨ ᠤ ᠵᠠᠢ ᠶᠢ ᠪᠠᠲᠤᠯᠠᠬᠤ ᠪᠠ ᠠᠷᠢᠭᠤᠳᠬᠠᠨ ᠴᠡᠪᠡᠷᠯᠡᠵᠦ᠂ ᠥᠪᠡᠷ ᠤᠨ ᠡᠷᠡᠭᠦᠯ ᠮᠡᠨᠳᠦ ᠶᠢᠨ ᠢᠶᠠᠨ ᠨᠢᠭᠡᠳᠦᠭᠡᠷ ᠬᠠᠷᠢᠭᠤᠴᠠᠯᠭᠠᠲᠠᠨ ᠪᠣᠯᠬᠤ ᠬᠡᠷᠡᠭᠲᠡᠢ᠃      ᠠᠪᠤᠷᠠᠨ ᠵᠠᠰᠠᠬᠤ ᠴᠢᠬᠤᠯᠠ ᠰᠠᠯᠠᠭ᠎ᠠ ᠲᠠᠰᠤᠭ ᠢ ︽ᠴᠢᠬᠤᠯᠠ ᠦᠭᠡᠢ ᠪᠣᠯ ᠪᠢᠲᠡᠭᠦᠮᠵᠢᠯᠡᠨ ᠡᠵᠡᠮᠳᠡᠬᠦ ᠦᠭᠡᠢ︾ ᠪᠠᠶᠢᠬᠤ ᠶᠢ ᠪᠡᠶᠡᠯᠡᠭᠦᠯᠬᠦ ᠬᠡᠷᠡᠭᠲᠡᠢ      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠷ ᠰᠢᠯᠲᠠᠭ ᠪᠣᠯᠭᠠᠵᠤ ᠬᠢᠵᠢᠭ ᠤᠨ ᠪᠠᠶᠢᠳᠠᠯ ᠤᠨ ᠠᠶᠤᠯ ᠲᠦᠭᠰᠢᠭᠦᠷᠢ ᠡᠭᠦᠰᠦᠭᠰᠡᠨ ᠡᠮᠴᠢᠯᠡᠭᠡᠨ ᠤ ᠪᠠᠶᠢᠭᠤᠯᠤᠮᠵᠢ ᠶᠢ ᠬᠠᠭᠠᠵᠤ ᠪᠢᠲᠡᠭᠦᠮᠵᠢᠯᠡᠵᠦ ᠪᠣᠯᠬᠤ ᠦᠭᠡᠢ᠂ ᠢᠯᠠᠩᠭᠤᠶ᠎ᠠ ᠡᠮᠴᠢᠯᠡᠭᠡᠨ ᠤ ᠪᠠᠶᠢᠭᠤᠯᠤᠮᠵᠢ ᠶᠢᠨ ᠲᠦᠷᠭᠡᠨ ᠡᠮᠨᠡᠬᠦ᠂ ᠨᠡᠪᠴᠢᠭᠦᠯᠦᠨ ᠢᠯᠭᠠᠷᠠᠭᠤᠯᠬᠤ ᠲᠠᠰᠤᠭ᠂ ᠮᠡᠰᠡ ᠵᠠᠰᠠᠯ ᠤᠨ ᠲᠠᠰᠤᠭ᠂ ᠬᠥᠩᠭᠡᠵᠢᠯᠲᠡ ᠶᠢᠨ ᠲᠠᠰᠤᠭ᠂ ᠬᠦᠨᠳᠦ ᠡᠪᠡᠳᠴᠢᠲᠡᠨ ᠢ ᠬᠠᠷᠠᠭᠠᠯᠵᠠᠨ ᠬᠠᠮᠠᠭᠠᠯᠠᠬᠤ ᠲᠠᠰᠤᠭ ᠵᠡᠷᠭᠡ ᠴᠢᠬᠤᠯᠠ ᠪᠦᠬᠦᠢ ᠠᠪᠤᠷᠠᠨ ᠵᠠᠰᠠᠬᠤ ᠰᠠᠯᠠᠭ᠎ᠠ ᠲᠠᠰᠤᠭ ᠢ ︽ᠴᠢᠬᠤᠯᠠ ᠦᠭᠡᠢ ᠪᠣᠯ ᠪᠢᠲᠡᠭᠦᠮᠵᠢᠯᠡᠨ ᠡᠵᠡᠮᠳᠡᠬᠦ ᠦᠭᠡᠢ︾ ᠪᠠᠶᠢᠬᠤ ᠶᠢ ᠪᠡᠶᠡᠯᠡᠭᠦᠯᠵᠦ᠂ ᠡᠪᠡᠳᠴᠢᠲᠡᠨ ᠢ ᠠᠪᠤᠷᠠᠨ ᠵᠠᠰᠠᠬᠤ ᠶᠢ ᠪᠠᠲᠤᠯᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠠᠴᠠ ᠪᠣᠯᠵᠤ ᠡᠮᠴᠢᠯᠡᠭᠡ ᠶᠢ ᠲᠦᠷ ᠵᠣᠭᠰᠤᠭᠠᠬᠤ ᠴᠢᠬᠤᠯᠠᠲᠠᠢ ᠡᠮᠴᠢᠯᠡᠭᠡᠨ ᠤ ᠪᠠᠶᠢᠭᠤᠯᠤᠮᠵᠢ ᠶᠢᠨ ᠵᠠᠷᠢᠮ ᠰᠠᠯᠠᠭ᠎ᠠ ᠲᠠᠰᠤᠭ ᠢ ᠲᠤᠬᠠᠢ ᠶᠢᠨ ᠭᠠᠵᠠᠷ ᠤᠨ ᠵᠠᠭᠤᠴᠢᠯᠠᠭᠤᠷ ᠵᠢᠴᠢ ᠡᠮᠨᠡᠯᠭᠡ ᠶᠢᠨ ᠬᠤᠷᠢᠶᠠᠨ ᠤ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠲᠠᠪᠴᠠᠩ ᠢᠶᠠᠷ ᠳᠠᠮᠵᠢᠭᠤᠯᠤᠨ ᠨᠡᠶᠢᠭᠡᠮ ᠳᠤ ᠨᠡᠶᠢᠲᠡᠯᠡᠵᠦ᠂ ᠡᠮᠴᠢᠯᠡᠭᠡ ᠶᠢ ᠵᠣᠭᠰᠣᠭᠠᠭᠰᠠᠨ ᠬᠤᠯᠪᠣᠭᠳᠠᠯ ᠪᠦᠬᠦᠢ ᠮᠡᠳᠡᠭᠡ ᠵᠠᠩᠭᠢ ᠶᠢ ᠠᠷᠠᠳ ᠣᠯᠠᠨ ᠳᠤ ᠮᠡᠳᠡᠭᠦᠯᠬᠦ ᠬᠡᠷᠡᠭᠲᠡᠢ᠃ ᠡᠭᠦᠨ ᠳᠤ ᠴᠠᠭ ᠲᠤᠬᠠᠢ ᠳᠤ ᠨᠢ ᠪᠣᠳᠠᠲᠠᠢ ᠪᠠᠷ ᠮᠡᠳᠡᠭᠦᠯᠦᠨ ᠣᠶᠢᠯᠠᠭᠠᠭᠤᠯᠬᠤ ᠶᠢ ᠴᠢᠷᠮᠠᠶᠢᠨ ᠭᠦᠢᠴᠡᠳᠬᠡᠬᠦ ᠬᠡᠷᠡᠭᠲᠡᠢ᠃ ᠦᠨᠡᠨ ᠬᠦ ᠲᠦᠭᠰᠢᠭᠦᠷᠢ ᠲᠠᠢ ᠪᠠᠶᠢᠵᠤ ᠪᠢᠲᠡᠭᠦᠮᠵᠢᠯᠡᠨ ᠡᠵᠡᠮᠳᠡᠬᠦ ᠴᠢᠬᠤᠯᠠᠲᠠᠢ ᠡᠮᠴᠢᠯᠡᠭᠡᠨ ᠤ ᠪᠠᠶᠢᠭᠤᠯᠤᠮᠵᠢ ᠵᠢᠴᠢ ᠬᠠᠮᠢᠶ᠎ᠠ ᠪᠦᠬᠦᠢ ᠰᠠᠯᠠᠭ᠎ᠠ ᠲᠠᠰᠤᠭ ᠲᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠣᠭᠲᠠᠴᠠ ᠶᠢ ᠴᠢᠩᠭᠠᠷᠠᠭᠤᠯᠵᠤ᠂ ᠣᠷᠴᠢᠨ ᠲᠣᠭᠤᠷᠢᠨ ᠢ ᠠᠷᠢᠭᠤᠳᠬᠠᠬᠤ᠂ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠵᠡᠷᠭᠡ ᠠᠵᠢᠯ ᠢ ᠴᠠᠭ ᠲᠤᠬᠠᠢ ᠳᠤ ᠨᠢ ᠥᠷᠨᠢᠭᠦᠯᠵᠦ᠂ ᠬᠠᠯᠳᠠᠪᠤᠷᠢᠯᠠᠬᠤ ᠲᠦᠭᠰᠢᠭᠦᠷᠢ ᠶᠢ ᠬᠠᠮᠤᠭ ᠤᠨ ᠲᠦᠷᠭᠡᠨ ᠢᠶᠠᠷ ᠦᠭᠡᠶᠢᠰᠬᠡᠵᠦ᠂ ᠲᠦᠷᠭᠡᠨ ᠪᠢᠲᠡᠭᠦᠮᠵᠢᠯᠡᠵᠦ ᠲᠦᠷᠭᠡᠨ ᠲᠠᠶᠢᠯᠬᠤ ᠶᠢ ᠪᠡᠶᠡᠯᠡᠭᠦᠯᠵᠦ᠂ ᠪᠢᠲᠡᠭᠦᠮᠵᠢᠯᠡᠯ ᠢ ᠲᠠᠶᠢᠯᠬᠤ ᠨᠥᠬᠦᠴᠡᠯ ᠳᠤ ᠭᠦᠷᠦᠭᠰᠡᠨ ᠤ ᠳᠠᠷᠠᠭ᠎ᠠ ᠲᠡᠷᠡ ᠳᠠᠷᠤᠢ ᠳᠤ ᠨᠢ ᠨᠡᠶᠢᠭᠡᠮ ᠳᠤ ᠨᠡᠶᠢᠲᠡᠯᠡᠵᠦ᠂ ᠵᠣᠬᠢᠬᠤ ᠣᠨᠣᠰᠢᠯᠠᠨ ᠡᠮᠨᠡᠬᠦ ᠦᠢᠯᠡᠴᠢᠯᠡᠭᠡ ᠶᠢ ᠰᠡᠷᠭᠦᠭᠡᠬᠦ ᠬᠡᠷᠡᠭᠲᠡᠢ᠃      ᠰᠢᠨ᠎ᠡ ᠪᠠᠷ ᠨᠡᠮᠡᠭᠳᠡᠭᠰᠡᠨ ᠬᠠᠯᠳᠠᠪᠤᠷᠢᠯᠠᠭᠰᠠᠳ ᠤᠨ ᠳᠣᠲᠣᠷ᠎ᠠ᠂ ᠶᠠᠭᠤᠨ ᠤ ᠤᠴᠢᠷ ᠠᠴᠠ ᠨᠡᠶᠢᠭᠡᠮ ᠤᠨ ᠲᠠᠯ᠎ᠠ ᠶᠢᠨ  ᠬᠢᠨ ᠤ ᠰᠢᠭᠰᠢᠨ ᠪᠠᠶᠢᠴᠠᠭᠠᠯᠲᠠ ᠶᠢᠨ ᠡᠵᠡᠯᠡᠬᠦ ᠬᠠᠷᠢᠴᠠᠯ ᠨᠡᠯᠢᠶᠡᠳ ᠥᠨᠳᠥᠷ ᠪᠠᠶᠢᠭ᠎ᠠ ᠪᠤᠶ︖       ᠨᠡᠶᠢᠭᠡᠮ ᠤᠨ ᠲᠠᠯ᠎ᠠ ᠶᠢᠨ ᠡᠪᠡᠳᠴᠢᠲᠡᠨ ᠤ ᠡᠵᠡᠯᠡᠬᠦ ᠬᠠᠷᠢᠴᠠᠯ ᠨᠡᠯᠢᠶᠡᠳ ᠥᠨᠳᠥᠷ ᠪᠠᠶᠢᠳᠠᠭ ᠨᠢ ᠭᠤᠣᠯᠳᠠᠭᠤ ᠬᠤᠶᠠᠷ ᠲᠠᠯ᠎ᠠ ᠶᠢᠨ ᠰᠢᠯᠲᠠᠭᠠᠨ ᠲᠠᠢ ᠬᠤᠯᠪᠣᠭ᠎ᠠ ᠲᠠᠢ᠄      ᠨᠢᠭᠡ ᠳᠤ᠂ ᠸᠢᠷᠦ᠋ᠰ ᠤᠨ ᠣᠨᠴᠠᠯᠢᠭ ᠰᠢᠨᠵᠢ ᠲᠠᠢ ᠬᠤᠯᠪᠣᠭ᠎ᠠ ᠲᠠᠢ᠃ ᠰᠢᠨ᠎ᠡ ᠲᠢᠲᠢᠮᠯᠢᠭ ᠸᠢᠷᠦ᠋ᠰ ᠨᠢ ᠦᠷᠭᠦᠯᠵᠢᠯᠡᠨ ᠤᠯᠠᠷᠢᠨ ᠬᠤᠪᠢᠰᠴᠤ᠂ ᠣᠮᠢᠺᠷᠦᠨ ᠣᠨᠳᠣᠣᠰᠢᠭᠰᠠᠨ ᠸᠢᠷᠦ᠋ᠰ ᠨᠢ ᠲᠠᠷᠬᠠᠭᠠᠳ ᠨᠢᠭᠡᠨᠲᠡ ᠵᠢᠯ ᠭᠠᠷᠤᠢ ᠪᠣᠯᠤᠭᠰᠠᠨ ᠪᠥᠭᠡᠳ ᠪᠠᠰᠠ ᠮᠠᠰᠢ ᠦᠷᠭᠦᠯᠵᠢᠯᠡᠨ ᠰᠠᠯᠪᠤᠷᠢᠯᠠᠨ ᠬᠤᠪᠢᠰᠴᠤ᠂ ᠨᠢᠭᠤᠭᠳᠠᠮᠠᠯ ᠴᠢᠨᠠᠷ ᠨᠢ ᠨᠡᠩ ᠴᠢᠩᠭ᠎ᠠ᠂ ᠲᠠᠷᠬᠠᠬᠤ ᠬᠤᠷᠳᠤᠴᠠ ᠨᠢ ᠴᠦ ᠨᠡᠩ ᠲᠦᠷᠭᠡᠨ ᠪᠣᠯᠤᠭᠰᠠᠨ ᠪᠠᠶᠢᠨ᠎ᠠ᠃ ᠬᠡᠷᠪᠡ ᠪᠢᠳ᠋ᠨ ᠪᠠᠶᠢᠩᠭᠤ ᠶᠢᠨ ᠰᠢᠯᠭᠠᠨ ᠪᠠᠶᠢᠴᠠᠭᠠᠬᠤ ᠪᠠ ᠤᠷᠢᠳᠴᠢᠯᠠᠨ ᠰᠡᠷᠡᠮᠵᠢᠯᠡᠭᠦᠯᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ ᠪᠣᠯ ᠬᠢᠵᠢᠭ ᠤᠨ ᠪᠠᠶᠢᠳᠠᠯ ᠢ ᠡᠷᠲᠡ ᠢᠯᠡᠷᠡᠭᠦᠯᠵᠦ ᠳᠡᠶᠢᠯᠬᠦ ᠦᠭᠡᠢ ᠪᠠᠶᠢᠵᠤ᠂ ᠰᠡᠷᠡᠵᠦ ᠮᠡᠳᠡᠬᠦ ᠦᠶ᠎ᠡ ᠳᠤ ᠨᠢᠭᠡᠨᠲᠡ ᠨᠡᠶᠢᠭᠡᠮ ᠲᠣᠭᠤᠷᠢᠭ ᠲᠤ ᠥᠷᠭᠡᠨ ᠢᠶᠠᠷ ᠲᠠᠷᠬᠠᠵᠤ᠂ ᠨᠡᠶᠢᠭᠡᠮ ᠤᠨ ᠲᠠᠯ᠎ᠠ ᠶᠢᠨ ᠬᠠᠯᠳᠠᠪᠤᠷᠢᠯᠠᠭᠰᠠᠳ ᠴᠤ ᠤᠯᠠᠨ ᠪᠣᠯᠳᠠᠭ᠃      ᠬᠤᠶᠠᠷ ᠲᠤ᠂ ᠬᠢᠵᠢᠭ ᠤᠨ ᠪᠠᠶᠢᠳᠠᠯ ᠳᠤ ᠬᠠᠨᠳᠤᠬᠤ ᠬᠤᠷᠳᠤᠴᠠ ᠲᠠᠢ ᠬᠤᠯᠪᠣᠭ᠎ᠠ ᠲᠠᠢ᠃ ᠬᠢᠵᠢᠭ ᠤᠨ ᠪᠠᠶᠢᠳᠠᠯ ᠢ ᠢᠯᠡᠷᠡᠭᠦᠯᠦᠭᠰᠡᠨ ᠡᠬᠢᠨ ᠤ ᠬᠤᠭᠤᠴᠠᠭᠠᠨ ᠳᠤ᠂ ᠨᠡᠶᠢᠭᠡᠮ ᠤᠨ ᠬᠠᠯᠳᠠᠪᠤᠷᠢᠯᠠᠭᠳᠠᠭᠰᠠᠳ ᠢ ᠴᠠᠭ ᠲᠤᠬᠠᠢ ᠳᠤ ᠨᠢ ᠢᠯᠡᠷᠡᠭᠦᠯᠬᠦ ᠪᠠ ᠬᠠᠮᠢᠶᠠᠷᠤᠨ ᠡᠵᠡᠮᠳᠡᠵᠦ᠂ ᠨᠢᠭᠲᠠ ᠣᠶᠢᠷᠠᠲᠤᠭᠰᠠᠳ ᠢ ᠨᠢ ᠣᠨᠣᠪᠴᠢᠲᠠᠶ ᠮᠠᠭᠠᠳᠯᠠᠨ ᠲᠣᠭᠲᠠᠭᠠᠬᠤ ᠪᠠ ᠬᠠᠮᠢᠶᠠᠷᠤᠨ ᠡᠵᠡᠮᠳᠡᠵᠦ᠂ ᠲᠦᠭᠰᠢᠭᠦᠷᠢᠲᠦ ᠣᠷᠣᠨ ᠢ ᠴᠠᠭ ᠲᠤᠬᠠᠢ ᠳᠤ ᠨᠢ ᠣᠨᠣᠪᠴᠢᠲᠠᠶ ᠵᠠᠭᠠᠭᠯᠠᠨ ᠲᠣᠭᠲᠠᠭᠠᠬᠤ ᠶᠢᠨ ᠬᠠᠮᠲᠤ ᠨᠡᠶᠢᠲᠡᠯᠡᠬᠦ ᠵᠡᠷᠭᠡ ᠪᠣᠯ ᠴᠥᠮ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠩᠬᠠᠨ ᠤ ᠲᠣᠬᠢᠶᠠᠯ ᠢ ᠡᠵᠡᠮᠳᠡᠬᠦ ᠵᠠᠩᠭᠢᠯᠠᠭ᠎ᠠ ᠮᠥᠨ᠃ ᠬᠡᠷᠪᠡ ᠡᠷᠡᠭᠡᠯᠵᠡᠨ ᠲᠠᠲᠠᠭᠠᠯᠵᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠬᠤᠭᠤᠴᠠᠭ᠎ᠠ ᠶᠢ ᠠᠯᠳᠠᠬᠤ ᠳᠤ ᠬᠦᠷᠪᠡᠯ᠂ ᠰᠡᠭᠦᠯᠴᠢ ᠶᠢᠨ ᠬᠤᠭᠤᠴᠠᠭᠠᠨ ᠳᠤ ᠨᠡᠶᠢᠭᠡᠮ ᠤᠨ ᠲᠠᠯ᠎ᠠ ᠶᠢᠨ ᠬᠠᠯᠳᠠᠪᠤᠷᠢᠯᠠᠭᠰᠠᠳ ᠣᠬᠤᠷᠬᠠᠨ ᠬᠤᠭᠤᠴᠠᠭᠠᠨ ᠳᠤ ᠲᠦᠷᠭᠡᠨ ᠢᠶᠠᠷ ᠨᠡᠮᠡᠭᠳᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠴᠢᠷᠳᠡᠯ ᠤᠨ ᠬᠡᠮᠵᠢᠶ᠎ᠡ ᠴᠦ ᠶᠡᠭᠡ ᠪᠠᠷ ᠨᠡᠮᠡᠭᠳᠡᠬᠦ ᠪᠣᠯᠣᠨ᠎ᠠ᠃      ᠥᠨᠳᠥᠷ ᠳᠡᠰ ᠤᠨ ᠲᠦᠭᠰᠢᠭᠦᠷᠢᠲᠦ ᠣᠷᠣᠨ ᠢ ᠬᠦᠴᠦᠨ ᠦᠭᠡᠢ ᠪᠣᠯᠭᠠᠬᠤ ᠦᠨᠳᠦᠰᠦᠯᠡᠯ ᠨᠢ ᠶᠠᠭᠤ ᠪᠣᠶ︖      ᠥᠨᠳᠥᠷ ᠳᠡᠰ ᠤᠨ ᠲᠦᠭᠰᠢᠭᠦᠷᠢᠲᠦ ᠣᠷᠣᠨ ᠳᠤ ᠵᠠᠯᠭᠠᠭ᠎ᠠ ᠪᠠᠷ 5 ᠡᠳᠦᠷ ᠰᠢᠨ᠎ᠡ ᠪᠠᠷ ᠨᠡᠮᠡᠭᠳᠡᠭᠰᠡᠨ ᠬᠠᠯᠳᠠᠪᠤᠷᠢᠯᠠᠭᠰᠠᠳ ᠢᠯᠡᠷᠡᠬᠦ ᠦᠭᠡᠢ ᠪᠣᠯ ᠳᠣᠣᠷ᠎ᠠ ᠳᠡᠰ ᠤᠨ ᠲᠦᠭᠰᠢᠭᠦᠷᠢᠲᠦ ᠣᠷᠣᠨ ᠪᠣᠯᠭᠠᠨ ᠪᠠᠭᠤᠷᠠᠭᠤᠯᠵᠤ ᠪᠣᠯᠣᠨ᠎ᠠ᠂ ᠡᠶᠢᠮᠦᠷᠬᠦᠦ ᠲᠣᠬᠢᠷᠠᠭᠤᠯᠤᠯᠲᠠ ᠨᠢ ᠭᠤᠣᠯᠳᠠᠭᠤ ᠶᠢᠰᠦᠳᠦᠭᠡᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠤᠨ ᠦᠢᠯᠡᠳᠦᠯᠭᠡ ᠶᠢᠨ ᠦᠨᠡᠯᠡᠨ ᠵᠢᠱᠢᠯᠲᠡ ᠶᠢᠨ ᠲᠤᠭ᠎ᠠ ᠪᠠᠷᠢᠮᠲᠠ ᠵᠢᠴᠢ ᠲᠦᠭᠰᠢᠭᠦᠷᠢ ᠶᠢ ᠰᠤᠳᠤᠯᠤᠨ ᠮᠠᠭᠠᠳᠯᠠᠬᠤ ᠭᠡᠷᠡᠴᠢ ᠪᠠᠷᠢᠮᠲᠠ ᠳᠤ ᠰᠠᠭᠤᠷᠢᠯᠠᠭᠰᠠᠨ ᠶᠤᠮ᠃ ᠥᠭᠡᠷ᠎ᠡ ᠪᠠᠷ ᠬᠡᠯᠡᠪᠡᠯ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠠᠷᠭ᠎ᠠ ᠴᠢᠨᠠᠷᠲᠠᠢ ᠬᠥᠮᠥᠰ ᠵᠢᠴᠢ ᠲᠡᠭᠦᠨ ᠲᠠᠢ ᠨᠢᠭᠲᠠ ᠣᠶᠢᠷᠠᠲᠤᠭᠰᠠᠳ ᠢ ᠴᠥᠮ ᠪᠤᠰᠢᠭᠤ ᠲᠦᠷᠭᠡᠨ ᠢᠶᠠᠷ ᠲᠤᠰᠠᠭᠠᠷᠯᠠᠨ ᠬᠠᠮᠢᠶᠠᠷᠬᠤ ᠪᠠ ᠡᠵᠡᠮᠳᠡᠬᠦ ᠶᠢᠨ ᠬᠠᠮᠲᠤ ᠴᠠᠭ ᠲᠤᠬᠠᠢ ᠳᠤ ᠨᠢ ᠰᠢᠯᠵᠢᠭᠦᠯᠦᠨ ᠵᠥᠭᠡᠭᠡᠪᠦᠷᠢᠯᠡᠵᠦ ᠴᠢᠳᠠᠭᠰᠠᠨ ᠪᠠᠶᠢᠳᠠᠯ ᠳᠣᠣᠷ᠎ᠠ᠂ ᠥᠨᠳᠥᠷ ᠳᠡᠰ ᠤᠨ ᠲᠦᠭᠰᠢᠭᠦᠷᠢᠲᠦ ᠣᠷᠣᠨ ᠤ ᠬᠠᠮᠢᠶᠠᠷᠤᠨ ᠡᠵᠡᠮᠳᠡᠬᠦ ᠬᠥᠮᠥᠰ ᠤᠨ ᠳᠣᠲᠣᠷ᠎ᠠ 5 ᠡᠳᠦᠷ ᠳᠠᠷᠠᠭᠠᠯᠠᠨ ᠰᠢᠨ᠎ᠡ ᠪᠠᠷ ᠨᠡᠮᠡᠭᠳᠡᠭᠰᠡᠨ ᠬᠠᠯᠳᠠᠪᠤᠷᠢᠯᠠᠭᠰᠠᠳ ᠢᠯᠡᠷᠡᠬᠦ ᠦᠭᠡᠢ ᠪᠣᠯ ᠥᠨᠳᠥᠷ ᠳᠡᠰ ᠤᠨ ᠲᠦᠭᠰᠢᠭᠦᠷᠢᠲᠦ ᠣᠷᠣᠨ ᠤ ᠨᠡᠶᠢᠭᠡᠮ ᠲᠣᠭᠤᠷᠢᠭ ᠲᠠᠬᠢ ᠲᠠᠷᠬᠠᠭᠠᠯᠲᠠ ᠦᠨᠳᠦᠰᠦᠨ ᠳᠤ ᠪᠠᠨ ᠲᠠᠰᠤᠯᠤᠭᠳᠠᠭᠰᠠᠨ ᠢ ᠬᠠᠷᠠᠭᠤᠯᠵᠤ ᠪᠠᠶᠢᠨ᠎ᠠ᠃ ᠣᠷᠣᠨ ᠬᠡᠪᠴᠢᠶᠡᠨ ᠤ ᠬᠥᠮᠥᠰ ᠤᠨ ᠴᠢᠬᠤᠯᠠ ᠪᠤᠰᠤ ᠬᠠᠮᠢᠶᠠᠷᠤᠯᠲᠠ ᠡᠵᠡᠮᠳᠡᠯ ᠢ ᠠᠯᠢ ᠴᠢᠳᠠᠬᠤ ᠪᠠᠷ ᠪᠠᠭᠠᠰᠬᠠᠬᠤ ᠶᠢᠨ ᠲᠥᠯᠥᠭᠡ᠂ ᠬᠤᠷᠢᠨ ᠵᠦᠢᠯ ᠤᠨ ᠰᠢᠯᠢᠳᠡᠭᠵᠢᠭᠦᠯᠬᠦ ᠠᠷᠭ᠎ᠠ ᠬᠡᠮᠵᠢᠶ᠎ᠡ ᠳᠤ ᠤᠤᠯ ᠤᠨ 7 ᠡᠳᠦᠷ ᠲᠤᠰᠠᠭᠠᠷᠯᠠᠬᠤ ᠠᠴᠠ 5 ᠡᠳᠦᠷ ᠲᠤᠰᠠᠭᠠᠷᠯᠠᠬᠤ ᠪᠣᠯᠭᠠᠨ ᠲᠣᠬᠢᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠠᠩ ᠰᠠᠶᠢᠲᠤᠷ ᠨᠢᠭᠡᠳᠦᠯᠲᠡᠢ ᠲᠥᠯᠥᠪᠯᠡᠬᠦ ᠳᠤ ᠠᠰᠢᠭᠲᠠᠢ ᠪᠣᠯᠭᠠᠪᠠ᠃      ᠳᠣᠣᠷ᠎ᠠ ᠳᠡᠰ ᠤᠨ ᠲᠦᠭᠰᠢᠭᠦᠷᠢᠲᠦ ᠣᠷᠣᠨ ᠭᠡᠳᠡᠭ ᠨᠢ ᠶᠠᠮᠠᠷ ᠤᠬᠠᠭᠳᠠᠬᠤᠨ ᠪᠣᠶ︖      ᠳᠣᠣᠷ᠎ᠠ ᠳᠡᠰ ᠤᠨ ᠲᠦᠭᠰᠢᠭᠦᠷᠢᠲᠦ ᠣᠷᠣᠨ ᠤ ᠤᠬᠠᠭᠳᠠᠬᠤᠨ ᠨᠢ ᠳᠠᠷᠤᠢ ᠥᠨᠳᠥᠷ ᠳᠡᠰ ᠤᠨ ᠲᠦᠭᠰᠢᠭᠦᠷᠢᠲᠦ ᠣᠷᠣᠨ ᠤ ᠪᠠᠶᠢᠭ᠎ᠠ ᠰᠢᠶᠠᠨ ︵ᠬᠤᠲᠠ᠂ ᠲᠣᠭᠤᠷᠢᠭ᠂ ᠬᠤᠰᠢᠭᠤ︶ ᠤ ᠳᠣᠲᠣᠷᠠᠬᠢ ᠥᠨᠳᠥᠷ ᠳᠡᠰ ᠤᠨ ᠲᠦᠭᠰᠢᠭᠦᠷᠢᠲᠦ ᠣᠷᠣᠨ ᠠᠴᠠ ᠪᠤᠰᠤᠳ ᠭᠠᠵᠠᠷ ᠣᠷᠣᠨ ᠢ ᠳᠣᠣᠷ᠎ᠠ ᠳᠡᠰ ᠤᠨ ᠲᠦᠭᠰᠢᠭᠦᠷᠢᠲᠦ ᠣᠷᠣᠨ ᠪᠣᠯᠭᠠᠨ ᠵᠠᠭᠠᠭᠯᠠᠨ ᠲᠣᠭᠲᠠᠭᠠᠭᠰᠠᠨ ᠢ ᠵᠢᠭᠠᠵᠤ ᠪᠤᠢ᠃ ᠳᠣᠣᠷ᠎ᠠ ᠳᠡᠰ ᠤᠨ ᠲᠦᠭᠰᠢᠭᠦᠷᠢᠲᠦ ᠣᠷᠣᠨ ᠳᠤ ᠪᠢᠳᠡ ︽ᠬᠤᠪᠢ ᠬᠥᠮᠥᠨ ᠰᠡᠷᠭᠡᠶᠢᠯᠡᠨ ᠬᠠᠮᠠᠭᠠᠯᠠᠬᠤ᠂ ᠴᠤᠭᠯᠠᠷᠠᠬᠤ ᠠᠴᠠ ᠵᠠᠶᠢᠯᠠᠰᠬᠢᠬᠦ︾ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ ᠃ ᠳᠣᠣᠷ᠎ᠠ ᠳᠡᠰ ᠤᠨ ᠲᠦᠭᠰᠢᠭᠦᠷᠢᠲᠦ ᠣᠷᠣᠨ ᠤ ᠤᠯᠠᠨ ᠲᠦᠮᠡᠨ ᠭᠠᠳᠠᠭᠰᠢ ᠭᠠᠷᠬᠤ ᠪᠠᠨ ᠴᠥᠭᠡᠳᠬᠡᠵᠦ᠂ ᠪᠥᠭᠡᠮᠨᠡᠷᠡᠨ ᠴᠤᠭᠯᠠᠷᠠᠬᠤ ᠦᠭᠡᠢ ᠪᠠᠶᠢᠵᠤ᠂ ᠭᠠᠳᠠᠭᠰᠢ ᠭᠠᠷᠬᠤ ᠳᠤ ᠪᠠᠨ ᠰᠠᠶᠢᠲᠤᠷ ᠰᠡᠷᠭᠡᠶᠢᠯᠡᠨ ᠬᠠᠮᠠᠭᠠᠯᠠᠬᠤ ᠬᠡᠷᠡᠭᠲᠡᠢ︔ ᠣᠷᠣᠨ ᠬᠡᠪᠴᠢᠶᠡᠨ ᠤ ᠳᠣᠲᠣᠷᠠᠬᠢ ᠲᠦᠭᠰᠢᠭᠦᠷᠢᠲᠦ ᠬᠥᠮᠥᠰ ᠢ ᠵᠢᠭᠰᠠᠭᠠᠨ ᠪᠠᠶᠢᠴᠠᠭᠠᠬᠤ᠂ ᠪᠥᠭᠡᠮ ᠬᠦᠴᠢᠯ ᠤᠨ ᠪᠠᠶᠢᠴᠠᠭᠠᠯᠲᠠ ᠬᠢᠬᠦ ᠵᠡᠷᠭᠡ ᠬᠢᠵᠢᠭ ᠢ ᠰᠡᠷᠭᠡᠶᠢᠯᠡᠬᠦ ᠠᠵᠢᠯ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠬᠤ ᠬᠡᠷᠡᠭᠲᠡᠢ︔ ᠬᠠᠯᠠᠭᠤᠷᠠᠬᠤ᠂ ᠬᠠᠭᠤᠷᠠᠢ ᠪᠠᠷ ᠬᠠᠨᠢᠶᠠᠬᠤ᠂ ᠲᠠᠮᠢᠷᠳᠠᠬᠤ᠂ ᠬᠤᠭᠤᠯᠠᠢ ᠡᠪᠡᠳᠬᠦ᠂ ᠠᠮᠲᠠᠯᠠᠬᠤ ᠰᠡᠷᠡᠯ ᠪᠠ ᠦᠨᠦᠷᠯᠡᠬᠦ ᠰᠡᠷᠡᠯ ᠮᠠᠭᠤᠳᠠᠬᠤ᠂ ᠬᠠᠮᠠᠷ ᠪᠥᠭᠯᠡᠷᠡᠬᠦ᠂ ᠨᠢᠰᠤ ᠭᠤᠭᠤᠵᠢᠬᠤ᠂ ᠨᠡᠶᠢᠯᠡᠮᠡᠯ ᠪᠦᠷᠬᠦᠪᠴᠢ ᠶᠢᠨ ᠦᠷᠪᠢᠰᠦᠯ᠂ ᠪᠤᠯᠴᠢᠩ ᠡᠪᠡᠳᠬᠦ᠂ ᠰᠠᠭᠤᠯᠭᠠᠬᠤ ᠵᠡᠷᠭᠡ ᠪᠠᠶᠢᠳᠠᠯ ᠢᠯᠡᠷᠡᠪᠡᠯ᠂ ᠳᠠᠷᠤᠢ ᠤᠯᠠᠨ ᠲᠦᠮᠡᠨ ᠤ ᠦᠷᠭᠦᠯᠵᠢ ᠬᠡᠯᠡᠯᠴᠡᠳᠡᠭ ︽ᠠᠷᠪᠠᠨ ᠶᠡᠭᠡ ᠡᠪᠡᠳᠴᠢᠨ ᠤ ᠢᠯᠡᠷᠡᠯ︾ ᠭᠠᠷᠤᠭᠰᠠᠨ ᠤ ᠳᠠᠷᠠᠭ᠎ᠠ᠂ ᠴᠠᠭ ᠲᠤᠬᠠᠢ ᠳᠤ ᠨᠢ ᠰᠠᠨᠠᠭᠠᠴᠢᠯᠠᠭ᠎ᠠ ᠠᠴᠠ ᠪᠠᠨ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠡᠮᠨᠡᠭᠦᠯᠦᠨ᠂ ᠸᠢᠷᠦ᠋ᠰ ᠤᠨ ᠬᠠᠯᠳᠠᠪᠤᠷᠢᠯᠠᠯ ᠢ ᠴᠠᠭ ᠲᠤᠬᠠᠢ ᠳᠤ ᠨᠢ ᠪᠠᠶᠢᠴᠠᠭᠠᠬᠤ ᠬᠡᠷᠡᠭᠲᠡᠢ᠃ ᠡᠭᠦᠨ ᠤ ᠵᠡᠷᠭᠡ ᠳᠤ᠂ ᠳᠣᠣᠷ᠎ᠠ ᠳᠡᠰ ᠤᠨ ᠲᠦᠭᠰᠢᠭᠦᠷᠢᠲᠦ ᠣᠷᠣᠨ ᠤ ᠣᠯᠠᠨ ᠲᠦᠮᠡᠨ ᠢ ᠡᠷᠬᠡᠪᠰᠢ ᠲᠣᠰ ᠣᠷᠣᠨ ᠪᠦᠰᠡ ᠠᠴᠠ ᠪᠠᠨ ᠰᠠᠯᠬᠤ ᠦᠭᠡᠢ ᠪᠠᠶᠢᠬᠤ ᠶᠢ ᠰᠠᠨᠠᠭᠠᠴᠢᠯᠠᠨ᠎ᠠ᠂ ᠬᠡᠷᠪᠡ ᠦᠨᠡᠨ ᠬᠦ ᠪᠠᠶᠢᠭ᠎ᠠ ᠬᠤᠲᠠ ᠠᠴᠠ ᠪᠠᠨ ᠰᠠᠯᠬᠤ ᠴᠢᠬᠤᠯᠠᠲᠠᠢ ᠪᠣᠯ ᠡᠷᠬᠡᠪᠰᠢ 48 ᠴᠠᠭ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠶᠢᠬᠤ ᠬᠡᠷᠡᠭᠲᠡᠢ᠃      ᠭᠡᠷ ᠲᠤ ᠪᠠᠨ ᠲᠤᠰᠠᠭᠠᠷᠯᠠᠬᠤ ᠪᠠ ᠭᠡᠷ ᠲᠤ ᠪᠠᠨ ᠡᠷᠡᠭᠦᠯ ᠮᠡᠨᠳᠦ ᠶᠢᠨ ᠬᠢᠨᠠᠨ ᠪᠠᠶᠢᠴᠠᠭᠠᠯᠲᠠ ᠬᠢᠬᠦ ᠨᠢ ᠶᠠᠮᠠᠷ ᠢᠯᠭᠠᠭ᠎ᠠ ᠲᠠᠢ ᠪᠣᠶ︖      ᠭᠡᠷ ᠲᠤ ᠪᠠᠨ ᠲᠤᠰᠠᠭᠠᠷᠯᠠᠬᠤ ᠪᠠ ᠭᠡᠷ ᠲᠤ ᠪᠠᠨ ᠡᠷᠡᠭᠦᠯ ᠮᠡᠨᠳᠦ ᠶᠢᠨ ᠬᠢᠨᠠᠨ ᠪᠠᠶᠢᠴᠠᠭᠠᠯᠲᠠ ᠬᠢᠬᠦ ᠬᠥᠮᠥᠰ ᠲᠤ ᠶᠠᠮᠠᠷ ᠭᠤᠣᠯ ᠢᠯᠭᠠᠭ᠎ᠠ ᠲᠠᠢ ᠪᠣᠶ︖ ᠡᠨᠡ ᠬᠤᠶᠠᠷ ᠲᠥᠷᠥᠯ ᠤᠨ ᠬᠥᠮᠥᠰ ᠤᠨ ᠬᠠᠯᠳᠠᠪᠤᠷᠢᠯᠠᠬᠤ ᠲᠦᠭᠰᠢᠭᠦᠷᠢ ᠶᠢᠨ ᠶᠡᠭᠡ ᠪᠠᠭ᠎ᠠ  ᠨᠢ ᠠᠳᠠᠯᠢ ᠦᠭᠡᠢ ᠪᠠᠶᠢᠳᠠᠭ᠂ ᠡᠶᠢᠮᠦ ᠠᠴᠠ ᠪᠦᠬᠦᠶᠢᠯᠡ ᠬᠠᠮᠢᠶᠠᠷᠤᠯᠲᠠ ᠶᠢᠨ ᠱᠠᠭᠠᠷᠳᠠᠯᠭ᠎ᠠ ᠶᠢᠨ ᠲᠠᠯ᠎ᠠ ᠪᠠᠷ ᠴᠤ ᠠᠳᠠᠯᠢ ᠦᠭᠡᠢ ᠪᠠᠶᠢᠳᠠᠭ᠃      ᠡᠩ ᠲᠡᠷᠢᠭᠦᠨ ᠳᠤ ᠭᠡᠷ ᠲᠤ ᠪᠠᠨ ᠲᠤᠰᠠᠭᠠᠷᠯᠠᠬᠤ ᠬᠥᠮᠥᠰ ᠨᠢ ᠲᠤᠰᠠᠭᠠᠷᠯᠠᠵᠤ ᠪᠠᠶᠢᠭ᠎ᠠ ᠬᠤᠭᠤᠴᠠᠭᠠᠨ ᠳᠤ ᠲᠡᠳᠡᠨᠦᠰ ᠲᠤ ᠺᠣᠳ᠋ ᠣᠯᠭᠤᠵᠤ᠂ ᠲᠣᠰ ᠬᠥᠮᠥᠨ ᠪᠠ ᠬᠠᠮᠲᠤ ᠰᠠᠭᠤᠵᠤ ᠪᠠᠶᠢᠭ᠎ᠠ ᠬᠥᠮᠥᠰ ᠤᠨ ᠭᠠᠳᠠᠭᠰᠢ ᠭᠠᠷᠬᠤ ᠶᠢ ᠴᠢᠩᠭ᠎ᠠ ᠬᠢᠵᠠᠭᠠᠷᠯᠠᠵᠤ᠂ ᠠᠯᠢᠪᠠ ᠡᠷᠭᠢᠨ ᠦᠵᠡᠬᠦ ᠦᠢᠯᠡ ᠠᠵᠢᠯᠯᠠᠭ᠎ᠠ ᠶᠢ ᠵᠥᠪᠰᠢᠶᠡᠷᠡᠬᠦ ᠦᠭᠡᠢ ᠪᠠᠶᠢᠵᠤ᠂ ᠡᠨᠡ ᠬᠤᠭᠤᠴᠠᠭᠠᠨ ᠳᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠳᠤ ᠨᠡᠶᠢᠭᠡᠮ ᠲᠣᠭᠤᠷᠢᠭ ᠤᠨ ᠵᠣᠬᠢᠶᠠᠨ ᠪᠠᠶᠢᠭᠤᠯᠵᠤ ᠥᠯᠢᠭᠡᠷ ᠠᠪᠬᠤ ᠬᠥᠮᠥᠰ ᠭᠡᠷ ᠲᠤ ᠨᠢ ᠬᠦᠷᠴᠦ ᠥᠯᠢᠭᠡᠷ ᠠᠪᠤᠨ᠎ᠠ᠃ ᠬᠡᠯᠡᠯᠭᠡᠨ ᠦᠭᠡᠢ᠂ ᠲᠤᠰᠠᠭᠠᠷᠯᠠᠬᠤ ᠬᠤᠭᠤᠴᠠᠭᠠᠨ ᠳᠤ ᠡᠪᠡᠳᠴᠢᠨ ᠦᠵᠡᠭᠦᠯᠬᠦ ᠵᠡᠷᠭᠡ ᠰᠢᠯᠲᠠᠭᠠᠨ ᠠᠴᠠ ᠪᠣᠯᠵᠤ ᠭᠠᠳᠠᠭᠰᠢ ᠭᠠᠷᠬᠤ ᠴᠢᠬᠤᠯᠠᠲᠠᠢ ᠦᠶ᠎ᠡ ᠳᠤ᠂ ᠨᠡᠶᠢᠭᠡᠮ ᠲᠣᠭᠤᠷᠢᠭ ᠠᠴᠠ ᠲᠤᠰᠬᠠᠢ ᠬᠥᠮᠥᠨ ᠪᠠ ᠲᠤᠰᠬᠠᠢ ᠲᠡᠷᠭᠡ ᠲᠣᠬᠢᠷᠠᠭᠤᠯᠵᠤ᠂ ᠪᠥᠬᠦ ᠶᠠᠪᠤᠴᠠ ᠳᠤ ᠬᠤᠪᠢ ᠬᠥᠮᠥᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠨᠠᠶᠢᠳᠠᠪᠤᠷᠢᠵᠢᠭᠤᠯᠬᠤ ᠬᠡᠷᠡᠭᠲᠡᠢ᠃      ᠭᠡᠷ ᠲᠤ ᠪᠠᠨ ᠡᠷᠡᠭᠦᠯ ᠮᠡᠨᠳᠦ ᠶᠢᠨ ᠬᠢᠨᠠᠨ ᠪᠠᠶᠢᠴᠠᠭᠠᠯᠲᠠ ᠬᠢᠬᠦ ᠬᠥᠮᠥᠰ ᠨᠢ ᠬᠠᠮᠢᠶᠠᠷᠤᠯᠲᠠ ᠶᠢᠨ ᠬᠤᠭᠤᠴᠠᠭᠠᠨ ᠳᠤ ᠴᠢᠳᠠᠬᠤ ᠶᠢᠨ ᠳᠣᠲᠣᠷ᠎ᠠ ᠭᠠᠳᠠᠭᠰᠢ ᠭᠠᠷᠬᠤ ᠦᠭᠡᠢ ᠪᠠᠶᠢᠬᠤ ᠬᠡᠷᠡᠭᠲᠡᠢ᠃ ᠬᠡᠷᠪᠡ ᠦᠨᠡᠨ ᠬᠦ ᠡᠪᠡᠳᠴᠢᠨ ᠦᠵᠡᠭᠦᠯᠬᠦ ᠬᠡᠷᠡᠭᠴᠡᠭᠡ ᠠᠴᠠ ᠪᠣᠯᠵᠤ ᠭᠠᠳᠠᠭᠰᠢ ᠭᠠᠷᠬᠤ ᠴᠢᠬᠤᠯᠠᠲᠠᠢ ᠪᠣᠯ᠂ ᠡᠨᠡ ᠦᠶ᠎ᠡ ᠳᠤ ᠬᠤᠪᠢ ᠬᠥᠮᠥᠨ ᠤ ᠬᠠᠮᠠᠭᠠᠯᠠᠯᠲᠠ ᠪᠠᠨ ᠰᠠᠶᠢᠲᠤᠷ ᠬᠢᠵᠦ᠂ ᠱᠠᠭᠠᠷᠳᠠᠯᠭ᠎ᠠ ᠶᠣᠰᠣᠭᠠᠷ N95/KN95 ᠮᠥᠬᠦᠯᠢᠭᠲᠦ ᠪᠣᠳᠠᠰ ᠤᠨ ᠬᠠᠮᠠᠭᠠᠯᠠᠯᠲᠠ ᠶᠢᠨ ᠠᠮᠠᠪᠴᠢ ᠵᠡᠭᠦᠵᠦ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ ᠵᠠᠶᠢᠯᠠᠰᠬᠢᠬᠦ ᠶᠢᠨ ᠬᠠᠮᠲᠤ ᠬᠥᠮᠥᠨ ᠣᠯᠠᠨ ᠴᠤᠭᠯᠠᠷᠠᠬᠤ ᠨᠡᠶᠢᠲᠡ ᠶᠢᠨ ᠲᠠᠯᠠᠪᠤᠷ ᠲᠤ ᠣᠴᠢᠵᠤ ᠪᠣᠯᠬᠤ ᠦᠭᠡᠢ᠃ ᠭᠡᠪᠡᠴᠦ ᠨᠢᠭᠡᠨ ᠮᠠᠰᠢ ᠣᠨᠳᠣᠣ ᠲᠠᠯ᠎ᠠ ᠭᠡᠪᠡᠯ ᠳᠠᠷᠤᠢ ᠲᠡᠳᠡᠨ ᠤ ᠬᠠᠮᠲᠤ ᠰᠠᠭᠤᠵᠤ ᠪᠠᠶᠢᠭ᠎ᠠ ᠬᠥᠮᠥᠰ ᠤᠨ ᠠᠵᠢᠯᠯᠠᠭ᠎ᠠ  ᠶᠢ ᠬᠢᠵᠠᠭᠠᠷᠯᠠᠬᠤ ᠦᠭᠡᠢ ᠪᠠᠶᠢᠬᠤ ᠶᠠᠪᠤᠳᠠᠯ ᠪᠣᠯᠣᠨ᠎ᠠ᠃      10 ᠲᠦᠮᠡᠨ ᠬᠥᠮᠥᠨ ᠪᠦᠷᠢ ᠳᠤ ᠨᠣᠭᠳᠠᠬᠤ ᠬᠦᠨᠳᠦ ᠡᠪᠡᠳᠴᠢᠲᠡᠨ ᠤ ᠡᠮᠴᠢᠯᠡᠭᠡᠨ ᠤ ᠣᠷᠣ 4 ᠬᠦᠷᠬᠦ ᠦᠭᠡᠢ ᠪᠠᠶᠢᠵᠤ᠂ ᠬᠦᠨᠳᠦ ᠡᠪᠡᠳᠴᠢᠲᠡᠨ ᠢ ᠡᠮᠨᠡᠨ ᠵᠠᠰᠠᠬᠤ ᠬᠦᠴᠦᠨ ᠤ ᠨᠥᠭᠡᠴᠡᠯᠡᠯᠲᠡ ᠶᠢ ᠴᠢᠩᠭᠠᠳᠬᠠᠬᠤ ᠨᠢ ᠲᠤᠶᠢᠯ ᠤᠨ ᠴᠢᠬᠤᠯᠠ ᠪᠠᠶᠢᠳᠠᠭ      ᠮᠠᠨ ᠤ ᠤᠯᠤᠰ ᠤᠨ ᠡᠮᠴᠢᠯᠡᠭᠡᠨ ᠤ ᠡᠬᠢ ᠪᠠᠶᠠᠯᠢᠭ ᠤᠨ ᠬᠥᠭᠵᠢᠯᠲᠡ ᠲᠡᠩᠴᠡᠭᠦᠷᠢ ᠦᠭᠡᠢ ᠪᠥᠭᠡᠳ ᠭᠦᠢᠴᠡᠳ ᠦᠭᠡᠢ ᠪᠠᠶᠢᠵᠤ᠂ ᠢᠯᠠᠩᠭᠤᠶ᠎ᠠ ᠭᠠᠵᠠᠷ ᠣᠷᠣᠨ ᠤ ᠬᠤᠭᠤᠷᠣᠨᠳᠣᠬᠢ᠂ ᠬᠤᠲᠠ ᠬᠥᠳᠡᠭᠡ ᠶᠢᠨ ᠬᠤᠭᠤᠷᠣᠨᠳᠣᠬᠢ ᠵᠥᠷᠢᠶ᠎ᠡ ᠨᠡᠯᠢᠶᠡᠳ ᠶᠡᠭᠡ ᠪᠠᠶᠢᠳᠠᠭ︔ ᠮᠠᠨ ᠤ ᠡᠮᠴᠢᠯᠡᠭᠡᠨ ᠤ ᠡᠬᠢ ᠪᠠᠶᠠᠯᠢᠭ ᠶᠡᠷᠦᠩᠬᠡᠢ ᠳᠤ ᠪᠠᠨ ᠬᠠᠷᠢᠴᠠᠩᠭᠤᠢ ᠳᠤᠲᠠᠮᠠᠭ ᠪᠠᠶᠢᠵᠤ᠂ ᠮᠢᠩᠭᠠᠨ ᠬᠥᠮᠥᠨ ᠪᠦᠷᠢ ᠳᠤ ᠨᠣᠭᠳᠠᠬᠤ ᠡᠮᠴᠢᠯᠡᠭᠡᠨ ᠤ ᠣᠷᠣ ᠣᠲᠣ 6.7 ᠪᠠᠶᠢᠵᠤ᠂ 10 ᠲᠦᠮᠡᠨ ᠬᠥᠮᠥᠨ ᠪᠦᠷᠢ ᠳᠤ ᠨᠣᠭᠳᠠᠬᠤ ᠬᠦᠨᠳᠦ ᠡᠪᠡᠳᠴᠢᠲᠡᠨ ᠤ ᠡᠮᠴᠢᠯᠡᠭᠡᠨ ᠤ ᠣᠷᠣ 4 ᠬᠦᠷᠬᠦ ᠦᠭᠡᠢ ᠪᠠᠶᠢᠨ᠎ᠠ᠃ ᠣᠳᠣᠬᠠᠨ ᠤ ᠣᠮᠢᠺᠷᠦᠨ ᠣᠨᠳᠣᠣᠰᠢᠭᠰᠠᠨ ᠸᠢᠷᠦ᠋ᠰ ᠤᠨ ᠬᠠᠯᠳᠠᠪᠤᠷᠢᠯᠠᠬᠤ ᠴᠢᠨᠠᠷ ᠴᠢᠩᠭ᠎ᠠ᠂ ᠲᠠᠷᠬᠠᠬᠤ ᠬᠤᠷᠳᠤᠴᠠ ᠨᠢ ᠲᠦᠷᠭᠡᠨ᠂ ᠣᠨᠴᠠᠭᠠᠶᠢᠯᠠᠨ ᠮᠠᠰᠢ ᠣᠬᠤᠷᠬᠠᠨ ᠬᠤᠭᠤᠴᠠᠭᠠᠨ ᠳᠤ ᠴᠤᠭᠯᠠᠷᠠᠯ ᠤᠨ ᠴᠢᠨᠠᠷᠲᠠᠢ ᠬᠢᠵᠢᠭ ᠤᠨ ᠪᠠᠶᠢᠳᠠᠯ ᠴᠢᠨᠠᠭᠰᠢᠯᠠᠪᠠᠯ ᠨᠡᠯᠢᠶᠡᠳ ᠶᠡᠭᠡ ᠬᠡᠪᠴᠢᠶᠡᠨ ᠤ ᠬᠢᠵᠢᠭ ᠤᠨ ᠪᠠᠶᠢᠳᠠᠯ ᠢ ᠡᠭᠦᠰᠬᠡᠵᠦ ᠮᠡᠳᠡᠨ᠎ᠡ᠃ ᠤᠳᠤ ᠪᠢᠳᠡ ᠡᠯ᠎ᠡ ᠮᠤᠵᠢ ᠳᠤ ᠴᠤᠭᠯᠠᠷᠠᠯ ᠤᠨ ᠴᠢᠨᠠᠷᠲᠠᠢ ᠬᠢᠵᠢᠭ ᠤᠨ ᠪᠠᠶᠢᠳᠠᠯ ᠤᠨ ᠡᠭᠦᠰᠴᠦ ᠪᠠᠶᠢᠬᠤ ᠪᠠ ᠬᠡᠪᠴᠢᠶ᠎ᠡ ᠨᠢ ᠲᠠᠰᠤᠷᠠᠯᠳᠠ ᠦᠭᠡᠢ ᠥᠷᠭᠡᠳᠴᠦ ᠪᠠᠶᠢᠬᠤ ᠶᠢ ᠣᠯᠵᠤ ᠦᠵᠡᠯ᠎ᠡ᠃ ᠮᠠᠨ ᠤ ᠤᠯᠤᠰ ᠪᠣᠯ 14 ᠳ᠋ᠦᠩᠰᠢᠭᠤᠷ ᠬᠥᠮᠥᠨ ᠠᠮᠠ ᠲᠠᠢ ᠲᠣᠮᠣ ᠤᠯᠤᠰ ᠮᠥᠨ᠂ ᠨᠠᠰᠤᠵᠢᠭᠰᠠᠨ ᠬᠥᠮᠥᠨ ᠠᠮᠠ ᠤᠯᠠᠨ᠂ ᠰᠠᠭᠤᠷᠢ ᠴᠢᠨᠠᠷᠲᠠᠢ ᠡᠪᠡᠳᠴᠢᠨ ᠲᠠᠢ ᠬᠥᠮᠥᠨ ᠴᠦ ᠤᠯᠠᠨ ᠪᠠᠶᠢᠵᠤ᠂ ᠨᠠᠰᠤᠲᠠᠶᠢᠴᠤᠳ ᠵᠢᠴᠢ ᠰᠠᠭᠤᠷᠢ ᠴᠢᠨᠠᠷᠲᠠᠢ ᠡᠪᠡᠳᠴᠢᠨ ᠲᠠᠢ ᠬᠥᠮᠥᠨ ᠪᠣᠯ ᠴᠥᠮ ᠬᠦᠨᠳᠦ ᠡᠪᠡᠳᠴᠢᠨ ᠳᠤ ᠠᠮᠠᠷᠬᠠᠨ ᠨᠡᠷᠪᠡᠭᠳᠡᠳᠡᠭ ᠪᠠᠭᠤᠷᠠᠢ ᠬᠥᠮᠥᠰ ᠮᠥᠨ᠃ ᠬᠦᠨᠳᠦ ᠡᠪᠡᠳᠴᠢᠲᠡᠨ ᠤ ᠳᠣᠲᠣᠷ᠎ᠠ᠂ ᠨᠢᠭᠡ ᠲᠠᠯ᠎ᠠ ᠪᠠᠷ ᠰᠢᠨ᠎ᠡ ᠲᠢᠲᠢᠮᠯᠢᠭ ᠸᠢᠷᠦ᠋ᠰ ᠠᠴᠠ ᠪᠣᠯᠤᠭᠰᠠᠨ ᠬᠦᠨᠳᠦ ᠡᠪᠡᠳᠴᠢᠲᠡᠨ ᠪᠠᠶᠢᠵᠤ᠂ ᠨᠥᠭᠦᠭᠡ ᠲᠠᠯ᠎ᠠ ᠪᠠᠷ  ᠶᠡᠬᠡᠩᠬᠢ ᠬᠡᠰᠡᠭ ᠨᠢ ᠰᠠᠭᠤᠷᠢ ᠴᠢᠨᠠᠷᠲᠠᠢ ᠡᠪᠡᠳᠴᠢᠨ ᠤ ᠳᠡᠭᠡᠷ᠎ᠡ ᠰᠢᠨ᠎ᠡ ᠲᠢᠲᠢᠮᠯᠢᠭ ᠡᠪᠡᠳᠴᠢᠨ ᠤ ᠬᠠᠯᠳᠠᠪᠤᠷᠢᠯᠠᠯ ᠳᠠᠪᠬᠤᠴᠠᠭᠰᠠᠨ ᠠᠴᠠ ᠪᠣᠯᠵᠤ᠂ ᠡᠨᠡ ᠬᠡᠰᠡᠭ ᠡᠪᠡᠳᠴᠢᠲᠡᠨ ᠳᠤ ᠮᠥᠨ ᠴᠦ ᠣᠯᠠᠨ ᠰᠢᠨᠵᠢᠯᠡᠭᠡᠨ ᠤ ᠰᠠᠯᠠᠭ᠎ᠠ ᠶᠢᠨ ᠡᠮᠨᠡᠨ ᠵᠠᠰᠠᠯᠲᠠ ᠬᠢᠬᠦ ᠶᠢ ᠱᠠᠭᠠᠷᠳᠠᠨ᠎ᠠ᠃ ᠡᠶᠢᠮᠦ ᠠᠴᠠ ᠬᠦᠨᠳᠦ ᠡᠪᠡᠳᠴᠢᠲᠡᠨ ᠢ ᠡᠮᠨᠡᠨ ᠵᠠᠰᠠᠬᠤ ᠬᠦᠴᠦᠨ ᠤ ᠨᠥᠭᠡᠴᠡ ᠶᠢ ᠴᠢᠩᠭᠠᠳᠬᠠᠬᠤ᠂ ᠢᠯᠠᠩᠭᠤᠶ᠎ᠠ ᠣᠯᠠᠨ ᠰᠢᠨᠵᠢᠯᠡᠭᠡᠨ ᠤ ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠬᠦ ᠪᠣᠯ ᠮᠠᠰᠢ ᠴᠢᠬᠤᠯᠠ ᠶᠤᠮ᠃      ᠣᠳᠣᠬᠠᠨ ᠳᠤ ᠪᠥᠬᠦ ᠤᠯᠤᠰ ᠲᠤ ᠨᠢᠭᠡᠨᠲᠡ 100 ᠭᠠᠷᠤᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠦᠨᠳᠦ ᠡᠪᠡᠳᠴᠢᠲᠡᠨ ᠪᠠᠶᠢᠵᠤ᠂ ᠡᠨᠡ ᠨᠢ ᠶᠠᠭ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠨᠠᠰᠤᠲᠠᠶᠢᠴᠤᠳ ᠪᠠ ᠰᠠᠭᠤᠷᠢ ᠴᠢᠨᠠᠷᠲᠠᠢ ᠡᠪᠡᠳᠴᠢᠨ ᠲᠠᠢ ᠬᠥᠮᠥᠰ ᠲᠤ ᠦᠵᠡᠭᠦᠯᠬᠦ ᠡᠷᠡᠭᠦᠯ ᠮᠡᠨᠳᠦ ᠶᠢᠨ ᠰᠦᠷᠳᠡᠭᠦᠯᠦᠯ ᠨᠡᠯᠢᠶᠡᠳ ᠶᠡᠭᠡ ᠪᠠᠶᠢᠬᠤ ᠶᠢ ᠬᠠᠷᠠᠭᠤᠯᠵᠤ ᠪᠠᠶᠢᠨ᠎ᠠ᠃ ᠪᠢᠳᠡᠨ ᠤ ᠣᠲᠣ ᠶᠢᠨ ᠠᠪᠴᠤ ᠪᠠᠶᠢᠭ᠎ᠠ ᠢᠳᠡᠪᠬᠢᠲᠡᠢ ᠰᠡᠷᠭᠡᠶᠢᠯᠡᠬᠦ ᠠᠷᠭ᠎ᠠ ᠪᠣᠳᠣᠯᠭ᠎ᠠ ᠪᠣᠯ ᠬᠠᠯᠳᠠᠪᠤᠷᠢᠯᠠᠭᠰᠠᠳ ᠢ ᠴᠢᠷᠮᠠᠶᠢᠨ ᠪᠠᠭᠠᠰᠬᠠᠪᠠᠯ ᠰᠠᠶ᠋ᠢ ᠬᠦᠨᠳᠦ ᠡᠪᠡᠳᠴᠢᠨ ᠤ ᠨᠣᠷᠮ᠎ᠠ ᠪᠠ ᠡᠪᠡᠳᠴᠢᠨ ᠢᠶᠠᠷ ᠦᠬᠦᠬᠦ ᠨᠣᠷᠮ᠎ᠠ ᠶᠢ ᠤᠯᠠᠮ ᠨᠢᠭᠡ ᠠᠯᠬᠤᠮ ᠪᠠᠭᠤᠷᠠᠭᠤᠯᠵᠤ ᠴᠢᠳᠠᠨ᠎ᠠ᠃ ᠡᠶᠢᠮᠦ ᠠᠴᠠ ︽ᠰᠡᠷᠭᠡᠶᠢᠯᠡᠬᠦ︾ ᠪᠣᠯ ᠬᠠᠮᠤᠭ ᠤᠨ ᠪᠦᠲᠦᠮᠵᠢᠲᠡᠶ ᠠᠷᠭ᠎ᠠ ᠬᠡᠮᠵᠢᠶ᠎ᠡ ᠮᠥᠨ᠃ ᠭᠡᠪᠡᠴᠦ ᠡᠭᠦᠨ ᠢ ᠦᠨᠳᠦᠰᠦᠯᠡᠨ ᠬᠦᠨᠳᠦ ᠡᠪᠡᠳᠴᠢᠲᠡᠨ ᠤ ᠡᠮᠴᠢᠯᠡᠭᠡᠨ ᠤ ᠣᠷᠣ ᠶᠢ ᠨᠡᠮᠡᠭᠳᠡᠭᠦᠯᠬᠦ ᠴᠢᠬᠤᠯᠠ ᠦᠭᠡᠢ ᠭᠡᠵᠦ ᠦᠵᠡᠵᠦ ᠪᠣᠯᠬᠤ ᠦᠭᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1