ᠬᠠᠶᠢᠷ᠎ᠠ ᠬᠠᠯᠠᠮᠵᠢ ᠬᠦᠷᠭᠡᠬᠦ ︽ᠬᠢᠵᠢᠭ︾ ᠤᠨ ᠵᠠᠮ  ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2022/11/29
︽ᠬᠢᠵᠢᠭ︾ ᠤᠨ ᠵᠠᠮ ᠢᠶᠠᠷ ᠬᠤᠪᠢ ᠨᠡᠮᠡᠷᠢ ᠦᠵᠡᠭᠦᠯᠬᠦᠠᠷᠠᠳ ᠤᠨ ᠲᠥᠯᠥᠭᠡᠯᠡᠭᠴᠢ ᠬᠠᠷᠢᠭᠤᠴᠠᠯᠭ᠎ᠠ ᠲᠠᠢ1
     ᠣᠶᠢᠷ᠎ᠠ  ᠶᠢᠨ ᠡᠳᠦᠷ ᠤᠳ ᠲᠤ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ︽ᠬᠢᠵᠢᠭ︾ ᠢ ᠨᠢᠭᠡ ᠰᠡᠳᠬᠢᠯ  ᠢᠶᠠᠷ ᠡᠰᠡᠷᠭᠦᠴᠡᠬᠦ ᠤᠷᠢᠶᠠᠯᠠᠭ᠎ᠠ  ᠶᠢ ᠢᠳᠡᠪᠬᠢᠲᠡᠢ ᠪᠠᠷ ᠴᠤᠤᠷᠢᠶᠠᠲᠤᠨ ᠳᠠᠭᠠᠵᠤ᠂ ᠨᠢᠭᠡ ᠰᠡᠳᠬᠢᠯ ᠨᠡᠶᠢᠲᠡ  ᠶᠢᠨ ᠵᠣᠷᠢᠭ ᠢᠶᠠᠷ ᠬᠤᠪᠢ ᠬᠤᠪᠢᠨ ᠤ ᠬᠦᠴᠦᠨ  ᠢᠶᠠᠨ ᠭᠠᠷᠭᠠᠵᠤ᠂ ᠬᠢᠵᠢᠭ ᠤᠨ ᠪᠠᠶᠢᠳᠠᠯ  ᠢ ᠰᠡᠷᠭᠡᠶᠢᠯᠡᠨ ᠬᠢᠵᠠᠭᠠᠷᠯᠠᠬᠤ ᠬᠤᠷᠢᠭᠯᠠᠨ ᠴᠣᠬᠢᠬᠤ ᠳᠠᠶᠢᠨ ᠤ ᠢᠯᠠᠯᠲᠠ  ᠶᠢ ᠣᠯᠬᠤ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠴᠢᠳᠠᠯ ᠢᠶᠠᠨ ᠡᠷᠭᠦᠵᠡᠢ᠃      ᠳ᠋ᠦᠩ ᠾᠧ ᠲᠤᠸᠠᠨ ᠤ ᠬᠤᠲᠠ  ᠶᠢᠨ ᠠᠷᠠᠳ ᠤᠨ ᠲᠥᠯᠥᠭᠡᠯᠡᠭᠴᠢ ᠯᠢᠦ ᠹᠠᠩ 7000 ᠭᠠᠷᠤᠢ ᠲᠥᠭᠦᠷᠢᠭ ᠤᠨ ᠥᠷᠲᠡᠭ ᠪᠦᠬᠦᠢ ᠬᠢᠵᠢᠭ ᠤᠨ ᠪᠠᠶᠢᠳᠠᠯ  ᠢ ᠰᠡᠷᠭᠡᠶᠢᠯᠡᠨ ᠡᠵᠡᠮᠳᠡᠬᠦ ᠺᠠᠷᠲ ᠲᠤ N95 ᠠᠮᠠᠪᠴᠢ᠂ ᠬᠠᠮᠠᠭᠠᠯᠠᠯᠲᠠ  ᠶᠢᠨ ᠬᠤᠪᠴᠠᠰᠤ᠂ ᠬᠠᠮᠠᠭᠠᠯᠠᠯᠲᠠ  ᠶᠢᠨ ᠪᠡᠭᠡᠯᠡᠢ ᠬᠠᠨᠳᠢᠪᠯᠡᠵᠠᠢ᠃ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠯᠢᠦ ᠶᠤᠸᠠᠢ ᠪᠢᠨ᠂ ᠯᠢᠦ ᠹᠦ᠋ ᠮᠢᠩ᠂ ᠴᠧᠩ ᠵᠥᠩ᠂ ᠯᠢᠦᠢ ᠯᠢ ᠫᠢᠩ ᠬᠠᠮᠲᠤ ᠪᠠᠷ ᠪᠡᠯᠡᠳᠬᠡᠯ ᠬᠢᠵᠦ᠂ ᠲᠢᠶ᠋ᠧ ᠰᠢ ᠵᠡᠭᠡᠯᠢ ᠭᠤᠳᠤᠮᠵᠢ ᠳᠤ 5000 ᠭᠠᠷᠤᠢ ᠲᠥᠭᠦᠷᠢᠭ ᠤᠨ ᠥᠷᠲᠡᠭ ᠪᠦᠬᠦᠢ ᠠᠷᠢᠭᠤᠳᠬᠠᠬᠤ ᠰᠢᠩᠭᠡᠨ᠂ ᠰᠫᠢᠷᠲ᠂ ᠡᠯ᠎ᠡ ᠲᠥᠷᠥᠯ ᠤᠨ ᠵᠢᠮᠢᠰ᠂ ᠷᠠᠰᠢᠶᠠᠨ ᠤᠰᠤ ᠵᠡᠷᠭᠡ ᠬᠢᠵᠢᠭ ᠢ ᠰᠡᠷᠭᠡᠶᠢᠯᠡᠬᠦ ᠡᠳ᠋ ᠪᠣᠳᠠᠰ ᠪᠠ ᠠᠮᠢᠳᠤᠷᠠᠯ ᠤᠨ ᠲᠣᠬᠤᠨᠢᠭᠤᠯᠬᠤ ᠡᠳ᠋ ᠪᠣᠳᠠᠰ ᠬᠠᠨᠳᠢᠪᠯᠡᠪᠠ᠂ ᠡᠭᠦᠨ ᠳᠤ 5000 ᠭᠠᠷᠤᠢ ᠲᠥᠭᠦᠷᠢᠭ ᠤᠨ ᠥᠷᠲᠡᠭ ᠪᠦᠬᠦᠢ ᠠᠷᠢᠭᠤᠳᠬᠠᠬᠤ ᠰᠢᠩᠭᠡᠨ᠂ ᠰᠫᠢᠷᠲ᠂ ᠡᠯ᠎ᠡ ᠲᠥᠷᠥᠯ ᠤᠨ ᠵᠢᠮᠢᠰ᠂ ᠷᠠᠰᠢᠶᠠᠨ ᠤᠰᠤ ᠵᠡᠷᠭᠡ ᠬᠢᠵᠢᠭ ᠢ ᠰᠡᠷᠭᠡᠶᠢᠯᠡᠬᠦ ᠡᠳ᠋ ᠪᠣᠳᠠᠰ ᠪᠠ ᠠᠮᠢᠳᠤᠷᠠᠯ ᠤᠨ ᠲᠣᠬᠤᠨᠢᠭᠤᠯᠬᠤ ᠡᠳ᠋ ᠪᠣᠳᠠᠰ ᠬᠠᠨᠳᠢᠪᠯᠡᠪᠠ︔ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠯᠢᠦᠢ ᠯᠢ ᠫᠢᠩ ᠪᠠᠰᠠ ᠨᠠᠨ ᠮᠧᠨ ᠸᠠᠢ᠂ ᠰᠢ ᠨᠣᠣ ᠪᠦᠦ᠂ ᠶᠠᠩ ᠭᠧ ᠯᠢᠶᠠᠩ᠂ ᠳ᠋ᠦᠩ ᠵᠠᠨ᠂ ᠾᠧ ᠳ᠋ᠦᠩ᠂ ᠼᠠᠢ ᠱᠧᠨ ᠮᠢᠶᠣᠣ ᠵᠡᠭᠡᠯᠢ ᠭᠤᠳᠤᠮᠵᠢ ᠪᠠ ᠪᠢᠨ ᠾᠧ ᠨᠡᠶᠢᠭᠡᠮ ᠲᠣᠭᠤᠷᠢᠭ᠂ ᠬᠥᠩ ᠢ ᠨᠡᠶᠢᠭᠡᠮ ᠲᠣᠭᠤᠷᠢᠭ ᠵᠡᠷᠭᠡ ᠳᠤ ᠡᠮᠴᠢᠯᠡᠭᠡᠨ ᠳᠤ ᠬᠡᠷᠡᠭᠯᠡᠬᠦ ᠬᠠᠮᠠᠭᠠᠯᠠᠯᠲᠠ ᠶᠢᠨ ᠪᠡᠭᠡᠯᠡᠢ᠂ ᠨᠢᠭᠡ ᠯᠡ ᠤᠳᠠᠭ᠎ᠠ ᠶᠢᠨ ᠴᠢᠨᠠᠷᠲᠠᠢ ᠭᠠᠳᠠᠷ ᠰᠠᠯᠠᠭᠠᠨ ᠤ ᠠᠮᠠᠪᠴᠢ᠂ ᠰᠫᠢᠷᠲ᠂ N95 ᠠᠮᠠᠪᠴᠢ᠂ 84 ᠠᠷᠢᠭᠤᠳᠬᠠᠬᠤ ᠰᠢᠩᠭᠡᠨ᠂ ᠯᠢᠶᠠᠨ ᠬᠤᠸᠠ ᠴᠢᠩ ᠬᠢᠵᠢᠭ ᠤᠨ ᠬᠤᠮᠵᠢᠶ᠎ᠠ ᠵᠡᠷᠭᠡ ᠬᠢᠵᠢᠭ ᠢ ᠰᠡᠷᠭᠡᠶᠢᠯᠡᠬᠦ ᠡᠳ᠋ ᠪᠣᠳᠠᠰ ᠵᠢᠴᠢ ᠡᠮ ᠤᠨ ᠵᠦᠢᠯ ᠤᠨ ᠡᠮ ᠢ ᠬᠠᠨᠳᠢᠪᠯᠡᠵᠤ᠂ ᠶᠡᠷᠦᠩᠬᠡᠢ ᠥᠷᠲᠡᠭ ᠨᠢ ᠪᠠᠷᠤᠭ 9000 ᠲᠥᠭᠦᠷᠢᠭ ᠬᠦᠷᠴᠡᠢ᠃      ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠳᠠᠲᠤ ᠠᠵᠢᠯᠯᠠᠭ᠎ᠠ ᠪᠠᠷ ᠢᠶᠠᠨ ᠨᠢᠭᠡᠳᠦᠭᠡᠷ ᠹᠷᠣᠨᠲ ᠤᠨ ᠬᠢᠵᠢᠭ ᠢ ᠰᠡᠷᠭᠡᠶᠢᠯᠡᠬᠦ ᠬᠥᠮᠥᠰ ᠲᠤ ᠬᠠᠶᠢᠷ᠎ᠠ ᠬᠠᠯᠠᠮᠵᠢ ᠬᠦᠷᠭᠡᠵᠦ᠂ ᠲᠡᠳᠡᠨ ᠤ ᠲᠤᠰ ᠲᠤᠰ ᠤᠨ ᠠᠵᠢᠯ ᠤᠨ ᠪᠠᠶᠢᠷᠢ ᠳᠡᠭᠡᠷ᠎ᠡ ᠪᠠᠨ ᠰᠢᠷᠭᠠᠭᠤ ᠬᠠᠲᠠᠭᠤᠵᠢᠯᠲᠠᠢ ᠵᠢᠳᠬᠦᠭᠰᠡᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕ᠠᠭᠤᠯᠠ ᠤᠰᠤᠨ ᠤ ᠱᠧᠩ ᠶᠠᠩ ᠬᠢᠵᠢᠭ ᠤᠨ ᠪᠠᠶᠢᠳᠠᠯ ᠢ ᠡᠰᠡᠷᠭᠦᠴᠡᠬᠦᠬᠠᠶᠢᠷ᠎ᠠ ᠬᠠᠯᠠᠮᠵᠢ ᠬᠦᠷᠭᠡᠵᠦ ᠬᠠᠶᠢᠷ᠎ᠠ ᠬᠠᠯᠠᠮᠵᠢ ᠬᠦᠷᠭᠡᠬᠦ
     ᠬᠢᠵᠢᠭ ᠤᠨ ᠪᠠᠶᠢᠳᠠᠯ ᠤᠨ ᠡᠮᠦᠨ᠎ᠡ᠂ ᠪᠤᠭᠤᠲᠤ ᠬᠤᠳᠠ ᠶᠢᠨ ᠱᠠᠨ ᠴᠤᠸᠠᠨ ᠤ ᠱᠧᠩ ᠶᠠᠩ ᠢᠯᠴᠢ ᠶᠢᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠡᠷᠡ ᠳᠠᠷᠤᠢ ᠳᠤᠨᠢ ᠨᠠᠮ ᠤᠨ ᠭᠡᠰᠢᠭᠦᠨ ᠪᠣᠯᠣᠨ ᠺᠠᠳ᠋ᠷ ᠵᠠᠯᠠᠭᠤ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠣᠷᠣᠯᠴᠠᠭᠤᠯᠤᠭᠰᠠᠨ ᠪᠥᠭᠡᠳ 10 ᠰᠠᠷ᠎ᠠ ᠶᠢᠨ 16 ᠋ ᠤ ᠡᠳᠦᠷ᠂ ᠳ᠋ᠦᠩ ᠾᠧ ᠲᠣᠭᠤᠷᠢᠭ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠲᠤ 138240 ᠲᠥᠭᠦᠷᠢᠭ ᠤᠨ ᠦᠷᠳᠡᠭ ᠲᠠᠢ ᠱᠠᠨ ᠴᠤᠸᠠᠨ ᠤ ᠱᠧᠩ ᠶᠠᠩ ᠤᠨ ᠤᠯᠠᠭᠠᠨ ᠭᠠᠳᠠᠨᠠᠬᠢ ᠴᠠᠬᠢᠯᠭᠠᠨ ᠢᠯᠴᠢ ᠶᠢᠨ ᠬᠡᠷᠡᠮ ᠤᠨ ᠬᠦᠷᠢᠶᠡᠨ ᠤ ᠬᠠᠪᠲᠠᠰᠤ ᠶᠢ 120 ᠳᠤᠭᠤᠶᠢᠯᠠᠩ ᠬᠠᠨᠳᠢᠪᠯᠡᠵᠤ᠂ ᠲᠤᠬᠠᠢ ᠶᠢᠨ ᠦᠶ᠎ᠡ ᠳᠤ ᠭᠥᠯᠢᠶᠡᠨ ᠠᠪᠬᠤ ᠨᠢᠭᠡᠴᠡ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠲᠠᠷᠬᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠦᠴᠦ ᠨᠡᠮᠡᠷᠢᠯᠡᠨ᠎ᠡ᠃      ︽ᠡᠨᠡ ᠬᠡᠳᠦᠨ ᠡᠳᠦᠷ ᠪᠢ ᠬᠢᠵᠢᠭ ᠤᠨ ᠪᠠᠶᠢᠳᠠᠯ  ᠢ ᠰᠡᠷᠭᠡᠶᠢᠯᠡᠨ ᠬᠢᠵᠠᠭᠠᠷᠯᠠᠬᠤ ᠬᠥᠮᠥᠰ ᠤᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ  ᠶᠢ ᠪᠡᠶ᠎ᠡ ᠪᠠᠷ  ᠢᠶᠠᠨ ᠮᠡᠳᠡᠷᠡᠵᠦ ᠪᠠᠶᠢᠨ᠎ᠠ᠂ ᠠᠭᠤᠷ ᠠᠮᠢᠰᠬᠤᠯ ᠤᠯᠠᠮ  ᠠᠴᠠ ᠤᠯᠠᠮ ᠬᠦᠢᠲᠡᠷᠡᠵᠦ ᠪᠠᠶᠢᠨ᠎ᠠ᠂ ᠪᠢᠳᠡᠨ ᠤ ᠪᠡᠯᠡᠭᠯᠡᠨ ᠬᠦᠷᠭᠡᠭᠰᠡᠨ ᠴᠠᠬᠢᠯᠭᠠᠨ ᠬᠠᠯᠠᠭᠠᠯᠲᠠ  ᠶᠢᠨ ᠬᠡᠷᠡᠮ ᠤᠨ ᠬᠦᠷᠢᠶᠡᠨ ᠤ ᠬᠠᠪᠲᠠᠰᠤ ᠨᠢ ᠬᠢᠵᠢᠭ  ᠢ ᠡᠰᠡᠷᠭᠦᠴᠡᠬᠦ ᠬᠥᠮᠥᠰ ᠤᠨ ᠬᠠᠬᠢᠷ ᠬᠦᠢᠲᠡᠨ  ᠢ ᠬᠥᠭᠡᠭᠡᠵᠦ᠂ ᠬᠠᠯᠠᠭᠤᠨ ᠳᠤᠯᠠᠭᠠᠨ  ᠢ ᠠᠪᠴᠢᠷᠠᠬᠤ  ᠶᠢ ᠬᠦᠰᠡᠵᠦ ᠪᠠᠶᠢᠨ᠎ᠠ︾᠃ ᠭᠡᠵᠦ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠱᠠᠨ ᠴᠤᠸᠠᠨ ᠤ ᠱᠧᠩ ᠶᠠᠩ ᠤᠨ ᠬᠡᠷᠡᠭ ᠮᠡᠳᠡᠭᠴᠢᠳ ᠤᠨ ᠳᠠᠷᠤᠭ᠎ᠠ ᠯᠢᠶᠠᠩ ᠶᠦᠩ ᠯᠢᠶᠠᠩ ᠢᠯᠡᠳᠬᠡᠪᠡ᠃ᠬᠥᠩᠭᠡᠨ ᠴᠠᠭᠠᠨ ᠤ ᠦᠢᠯᠡᠰ ᠤᠨ ᠬᠦᠷᠢᠶᠡᠯᠡᠩ ᠲᠣᠭᠤᠷᠢᠭ ᠢ ᠠᠵᠤ ᠠᠬᠤᠶᠢᠯᠠᠯ ᠤᠨ ᠠᠵᠢᠯᠲᠠᠨ︽ᠭᠡᠷ ᠣᠷᠣᠨ ᠢᠶᠠᠨ ᠳᠤᠯᠠᠭᠠᠴᠠᠭᠤᠯᠤᠨ᠎ᠠ︾      ᠣᠶᠢᠷ᠎ᠠ ᠶᠢᠨ ᠡᠳᠦᠷ ᠤᠳ ᠲᠤ᠂ ᠬᠥᠩᠭᠡᠨ ᠴᠠᠭᠠᠨ ᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠦᠷᠢᠶᠡᠯᠡᠩ ᠲᠣᠭᠤᠷᠢᠭ ᠤᠨ ᠠᠵᠢᠯᠴᠢᠨ ᠤ ᠡᠪᠯᠡᠯ ᠤᠨ ᠬᠤᠯᠪᠣᠭᠠᠲᠤ ᠬᠤᠷᠠᠯ ᠠᠴᠠ ᠠᠵᠤ ᠠᠬᠤᠶᠢᠯᠠᠯ ᠢ ᠬᠠᠪᠰᠤᠷᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ ᠲᠤᠯᠭᠠᠷᠠᠭᠰᠠᠨ ᠡᠯ᠎ᠡ ᠵᠦᠢᠯ ᠤᠨ ᠪᠣᠳᠠᠲᠠᠢ ᠬᠦᠴᠢᠷᠳᠡᠯ ᠢ ᠰᠢᠢᠳᠪᠦᠷᠢᠯᠡᠵᠦ᠂ ᠠᠵᠢᠯᠲᠠᠨ ᠠᠵᠢᠯᠴᠢᠨ ᠳᠤ ᠬᠤᠨᠣᠬᠤ᠂ ᠬᠤᠭᠤᠯᠠ ᠢᠳᠡᠬᠦ ᠵᠡᠷᠭᠡ ᠨᠥᠬᠦᠴᠡᠯ ᠬᠠᠩᠭᠠᠵᠤ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠢ ᠬᠠᠪᠰᠤᠷᠤᠨ ᠬᠦᠴᠢᠷ ᠵᠣᠪᠠᠭᠤᠷᠢ ᠶᠢ ᠨᠢ ᠰᠢᠢᠳᠪᠦᠷᠢᠯᠡᠵᠦ᠂ ᠰᠡᠳᠬᠢᠯ ᠠᠮᠤᠷ ᠦᠢᠯᠡᠳᠪᠦᠷᠢᠯᠡᠯ ᠬᠢᠵᠦ᠂ ᠠᠮᠢᠳᠤᠷᠠᠯ ᠢ ᠨᠢ ᠠᠭᠤᠵᠢᠷᠠᠭᠤᠯᠵᠤ᠂ 10 ᠰᠠᠷ᠎ᠠ ᠶᠢᠨ 17 ᠤ ᠡᠳᠦᠷ ᠦᠢᠯᠡᠳᠪᠦᠷᠢ ᠳᠤ ᠰᠠᠭᠤᠭ᠎ᠠ ᠠᠵᠢᠯᠲᠠᠨ ᠠᠵᠢᠯᠴᠢᠨ ᠢ ᠲᠣᠬᠤᠨᠢᠭᠤᠯᠤᠨ ᠬᠠᠯᠠᠮᠵᠢᠯᠠᠬᠤ ᠠᠵᠢᠯᠯᠠᠭ᠎ᠠ ᠥᠷᠨᠢᠭᠦᠯᠵᠦ᠂ ᠨᠡᠶᠢᠲᠡ 13 ᠬᠦᠷᠢᠶᠡᠯᠡᠩ ᠲᠣᠭᠤᠷᠢᠭ ᠤᠨ ᠦᠢᠯᠡᠳᠪᠦᠷᠢᠯᠡᠯ ᠤᠨ ᠠᠵᠤ ᠠᠬᠤᠶᠢᠯᠠᠯ ᠢᠶᠠᠷ ᠲᠣᠭᠤᠷᠢᠨ ᠦᠵᠡᠵᠦ᠂ ᠡᠯ᠎ᠡ ᠲᠥᠷᠥᠯ ᠤᠨ ᠠᠮᠢᠳᠤᠷᠠᠯ ᠤᠨ ᠬᠡᠷᠡᠭᠰᠡᠯ ᠢ 350 ᠭᠠᠷᠤᠢ ᠢᠵᠢ ᠲᠦᠭᠡᠭᠡᠪᠡ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1