ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ 2021 ᠣᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠣᠨ ᠤ ᠮᠡᠳᠡᠭᠦᠯᠦᠯᠲᠡ
ᠨᠡᠶᠢᠲᠡᠯᠡᠭᠰᠡᠨ ᠴᠠᠭ᠄
2022/12/1
ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ 2021 ᠣᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠣᠨ ᠤ ᠮᠡᠳᠡᠭᠦᠯᠦᠯᠲᠡ      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ︾ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠬᠢᠨ 2021 ᠣᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠣᠨ ᠤ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠪᠠ᠃ᠲᠣᠰ ᠮᠡᠳᠡᠭᠦᠯᠦᠯᠲᠡ ᠳᠤ ᠶᠡᠷᠦᠩᠬᠡᠢ ᠪᠠᠶᠢᠳᠠᠯ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ  ᠠᠴᠠ ᠪᠠᠨ ᠢᠯᠡ ᠪᠣᠯᠭᠠᠭᠰᠠᠨ ᠪᠠᠶᠢᠳᠠᠯ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠣᠯᠣᠭᠰᠠᠨ ᠪᠠ ᠰᠢᠢᠳᠪᠦᠷᠢᠯᠡᠭᠰᠡᠨ ᠪᠠᠶᠢᠳᠠᠯ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠭᠰᠠᠨ ᠵᠠᠰᠠᠭ ᠵᠠᠬᠢᠷᠭᠠᠨ ᠤ ᠳᠠᠬᠢᠨ ᠵᠥᠪᠯᠡᠭᠰᠡᠨ ᠪᠠᠶᠢᠳᠠᠯ ᠪᠠ ᠵᠠᠰᠠᠭ ᠵᠠᠬᠢᠷᠭᠠᠨ ᠤ ᠵᠠᠷᠭᠤ ᠶᠢᠨ ᠪᠠᠶᠢᠳᠠᠯ᠂ ᠣᠷᠣᠰᠢᠵᠤ ᠪᠠᠶᠢᠭ᠎ᠠ ᠭᠤᠣᠯ ᠠᠰᠠᠭᠤᠳᠠᠯ ᠵᠢᠴᠢ ᠬᠠᠯᠠᠨ ᠰᠠᠶᠢᠵᠢᠷᠠᠭᠤᠯᠤᠭᠰᠠᠨ ᠪᠠᠶᠢᠳᠠᠯ᠂ ᠪᠤᠰᠤᠳ ᠮᠡᠳᠡᠭᠦᠯᠬᠦ ᠴᠢᠬᠤᠯᠠᠲᠠᠢ ᠵᠦᠢᠯᠡᠰ ᠨᠡᠶᠢᠲᠡ ᠵᠢᠷᠭᠤᠭᠠᠨ ᠬᠡᠰᠡᠭ ᠪᠠᠭᠲᠠᠨ᠎ᠠ᠃ᠨᠢᠭᠡ᠂ ᠶᠡᠷᠦᠩᠬᠡᠢ ᠪᠠᠶᠢᠳᠠᠯ      2021 ᠣᠨ ᠳᠤ᠂ ᠳ᠋ᠦᠩ ᠾᠧ ᠲᠣᠭᠤᠷᠢᠭ ᠤᠨ ᠬᠢᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ᠂ ᠪᠤᠭᠤᠲᠤ ᠬᠤᠲᠠ ᠶᠢᠨ ᠬᠤᠯᠪᠣᠭᠳᠠᠯ ᠪᠦᠬᠦᠢ ᠵᠠᠰᠠᠭ ᠤᠨ ᠣᠷᠳᠣᠨ ᠤ ᠮᠡᠳᠡᠭᠡ ᠵᠠᠩᠭᠢ  ᠶᠢ ᠢᠯᠡ ᠪᠣᠯᠭᠠᠬᠤ ᠲᠣᠭᠲᠠᠭᠠᠯ ᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ︾ ᠪᠣᠯᠣᠨ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠣᠨ ᠤ ᠮᠡᠳᠡᠭᠦᠯᠦᠯᠲᠡ ᠶᠢᠨ ᠵᠠᠭᠪᠤᠷ﹀ ᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠬᠢᠭᠡᠳ ᠵᠠᠰᠠᠭ ᠤᠨ ᠶᠠᠪᠤᠳᠠᠯ ᠢ ᠢᠯᠡ ᠪᠣᠯᠭᠠᠬᠤ ᠠᠯᠪᠠᠨ ᠭᠡᠷ ᠤᠨ ᠮᠡᠳᠡᠭᠳᠡᠯ︾ ︵ᠲᠥᠷᠥ ᠠᠯᠪᠠᠨ ᠠᠵᠢᠯ ᠡᠷᠭᠢᠯᠡᠬᠦ ᠵᠠᠬᠢᠳᠠᠯ ﹇2021﹈ 30 ᠳ᠋ᠤᠭᠠᠷ ᠲᠣᠭᠠᠲᠤ︶ ᠤᠨ ᠲᠣᠭᠲᠠᠭᠠᠯ ᠶᠣᠰᠣᠭᠠᠷ᠂ ᠡᠳᠦᠭᠡ ᠳ᠋ᠦᠩ ᠾᠧ ᠲᠣᠭᠤᠷᠢᠭ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠪᠠᠶᠢᠳᠠᠯ ᠢ ᠳᠣᠣᠷᠠᠬᠢ ᠮᠡᠲᠦ ᠮᠡᠳᠡᠭᠦᠯᠦᠶ᠎ᠡ᠄︵ᠨᠢᠭᠡ︶ ᠰᠠᠨᠠᠭᠠᠴᠢᠯᠠᠭ᠎ᠠ ᠠᠴᠠ ᠪᠠᠨ ᠢᠯᠡ ᠪᠣᠯᠭᠠᠭᠰᠠᠨ ᠪᠠᠶᠢᠳᠠᠯ      ᠳ᠋ᠦᠩ ᠾᠧ ᠲᠣᠭᠤᠷᠢᠭ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ  ᠠᠴᠠ ᠪᠠᠨ ᠢᠯᠡ ᠪᠣᠯᠭᠠᠬᠤ ᠠᠷᠭ᠎ᠠ ᠵᠠᠮ ᠭᠡᠪᠡᠯ᠄ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ᠂ ᠵᠠᠰᠠᠭ ᠤᠨ ᠣᠷᠳᠣᠨ ᠤ ᠠᠯᠪᠠᠨ ᠮᠡᠳᠡᠭᠡ᠂ ᠲᠠᠩᠰᠠ ᠡᠪᠬᠡᠮᠡᠯ ᠤᠨ ᠣᠷᠳᠣᠨ᠂ ᠸᠢᠴᠠᠲ ᠤᠨ ᠨᠡᠶᠢᠲᠡ ᠶᠢᠨ ᠳ᠋ᠤᠭᠠᠷ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠵᠡᠷᠭᠡ ᠪᠣᠯᠣᠨ᠎ᠠ᠃ᠪᠦᠷᠢᠳᠬᠡᠯ ᠢ ᠦᠨᠳᠦᠰᠦᠯᠡᠪᠡᠯ᠂ 2021 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ᠂ ︽ᠳᠦᠷᠢᠮ︾ ᠤᠨ ᠬᠤᠷᠢᠳᠤᠭᠠᠷ ᠵᠦᠢᠯ ᠢ ᠦᠨᠳᠦᠰᠦᠯᠡᠨ᠂ ᠵᠠᠰᠠᠭ ᠤᠨ ᠣᠷᠳᠣᠨ ᠤ ᠳᠦᠷᠢᠮ ᠲᠣᠭᠲᠠᠭᠠᠯ ᠨᠡᠶᠢᠲᠡ 0 ᠬᠤᠪᠢ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠨᠡᠶᠢᠲᠡ 0 ᠬᠤᠪᠢ ᠢᠯᠡ ᠪᠣᠯᠭᠠᠪᠠ︔ᠵᠠᠰᠠᠭ ᠵᠠᠬᠢᠷᠭᠠᠨ ᠤ ᠵᠥᠪᠰᠢᠶᠡᠷᠡᠯ ᠢ ᠰᠢᠢᠳᠪᠦᠷᠢᠯᠡᠬᠦ ᠲᠣᠭᠲᠠᠭᠠᠯ ᠤᠨ ᠲᠤᠭ᠎ᠠ 3396 ᠪᠦᠯᠦᠭ;ᠵᠠᠰᠠᠭ ᠵᠠᠬᠢᠷᠭᠠᠨ ᠤ ᠰᠢᠳᠬᠡᠯ ᠢ ᠰᠢᠢᠳᠪᠦᠷᠢᠯᠡᠭᠰᠡᠨ ᠲᠤᠭ᠎ᠠ 1175᠂ ᠵᠠᠰᠠᠭ ᠵᠠᠬᠢᠷᠭᠠᠨ ᠤ ᠠᠯᠪᠠᠳᠠᠯᠭ᠎ᠠ ᠪᠠᠷ ᠰᠢᠢᠳᠪᠦᠷᠢᠯᠡᠭᠰᠡᠨ ᠲᠤᠭ᠎ᠠ 9 ᠪᠠᠶᠢᠨ᠎ᠠ︔ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠵᠣᠭᠤᠰ ᠤᠨ ᠲᠤᠭ᠎ᠠ 1283 ᠲᠦᠮᠡᠨ ᠲᠥᠭᠦᠷᠢᠭ ᠲᠤ ᠬᠦᠷᠴᠡᠢ᠃ ︵ᠬᠤᠶᠠᠷ︶ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠪᠠᠶᠢᠳᠠᠯ     ︽ᠳ᠋ᠦᠩ ᠾᠧ ᠲᠣᠭᠤᠷᠢᠭ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠶᠢᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︽ᠳ᠋ᠦᠩ ᠾᠧ ᠲᠣᠭᠤᠷᠢᠭ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠢᠯᠡ ᠪᠣᠯᠭᠠᠬᠤ ᠶᠢᠨ ᠨᠢᠭᠤᠴᠠ ᠶᠢ ᠬᠠᠮᠠᠭᠠᠯᠠᠬᠤ ᠳᠦᠷᠢᠮ︾ ︽ᠳ᠋ᠦᠩ ᠾᠧ ᠲᠣᠭᠤᠷᠢᠭ ᠤᠨ ᠰᠠᠨᠠᠭᠠᠴᠢᠯᠠᠭ᠎ᠠ  ᠠᠴᠠ ᠪᠠᠨ ᠢᠯᠡ ᠪᠣᠯᠭᠠᠬᠤ ᠪᠠ ᠭᠤᠶᠤᠴᠢᠯᠠᠯ ᠶᠣᠰᠣᠭᠠᠷ ᠢᠯᠡ ᠪᠣᠯᠭᠠᠬᠤ ᠳᠦᠷᠢᠮ ︾ ᠵᠡᠷᠭᠡ ᠬᠠᠮᠢᠶ᠎ᠠ ᠪᠦᠬᠦᠢ ᠠᠵᠢᠯ ᠤᠨ ᠳᠦᠷᠢᠮ ᠢ ᠲᠣᠭᠲᠠᠭᠠᠪᠠ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ  ᠠᠴᠠ ᠪᠠᠨ ᠢᠯᠡ ᠪᠣᠯᠭᠠᠬᠤ᠂ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠬᠤ ᠶᠢ ᠬᠢᠨᠠᠨ ᠪᠠᠶᠢᠴᠠᠭᠠᠵᠤ ᠨᠡᠶᠢᠲᠡᠯᠡᠬᠦ᠂ ᠬᠢᠨᠠᠯᠲᠠ ᠲᠠᠯᠪᠢᠵᠤ ᠰᠢᠯᠭᠠᠨ ᠬᠢᠨᠠᠬᠤ ᠵᠡᠷᠭᠡ ᠠᠷᠭ᠎ᠠ ᠬᠡᠮᠵᠢᠶ᠎ᠡ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠥᠬᠦ ᠣᠷᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠵᠢᠷᠤᠮᠵᠢᠭᠰᠠᠨ᠂ ᠰᠢᠨᠵᠢᠯᠡᠬᠦ ᠤᠬᠠᠭᠠᠨᠴᠢᠯᠠᠭᠰᠠᠨ᠂ ᠳᠦᠷᠢᠮᠵᠢᠭᠰᠡᠨ ᠠᠵᠢᠯᠯᠠᠭᠠᠨ ᠢ ᠲᠠᠰᠤᠷᠠᠯᠲᠠ ᠦᠭᠡᠢ ᠠᠬᠢᠭᠤᠯᠪᠠ᠃︵ᠭᠤᠷᠪᠠ︶ ᠲᠠᠪᠴᠠᠩ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ      ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠨᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ᠂ ᠳ᠋ᠦᠩ ᠾᠧ ᠰᠣᠨᠢᠨ ᠮᠡᠳᠡᠭᠡ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠰᠬᠠᠢ ᠪᠤᠯᠤᠩ ᠵᠡᠷᠭᠡ ᠪᠤᠯᠤᠩ ᠭᠠᠷᠭᠠᠵᠤ᠂ ᠨᠡᠶᠢᠭᠡᠮ ᠤᠨ ᠠᠩᠬᠠᠷᠴᠤ ᠪᠠᠶᠢᠭ᠎ᠠ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠪᠡ᠃2021 ᠣᠨ ᠳᠤ᠂ ᠳ᠋ᠦᠩ ᠾᠧ ᠲᠣᠭᠤᠷᠢᠭ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ 3837 ᠰᠦᠯᠵᠢᠶᠡᠨ ᠤ ᠮᠡᠳᠡᠭᠡ ᠵᠠᠩᠭᠢ ᠶᠢ ᠨᠡᠶᠢᠲᠡᠯᠡᠪᠡ ︵ᠡᠭᠦᠨ ᠳᠤ ︽ᠳ᠋ᠦᠩ ᠾᠧ ᠰᠣᠨᠢᠨ ᠮᠡᠳᠡᠭᠡ︾ ᠪᠤᠯᠤᠩ ᠢ 397 ᠨᠡᠶᠢᠲᠡᠯᠡᠵᠦ᠂ ︽ᠵᠠᠷᠯᠠᠨ ᠨᠡᠶᠢᠲᠡᠯᠡᠬᠦ︾ ᠪᠤᠯᠤᠩ ᠢ 127 ᠨᠡᠶᠢᠲᠡᠯᠡᠵᠦ᠂ ︽ᠲᠡᠷᠢᠭᠦᠨ ᠵᠤᠷᠪᠤᠰ ᠰᠣᠨᠢᠨ ᠮᠡᠳᠡᠭᠡ︾ ᠪᠤᠯᠤᠩ ᠢ 400 ᠨᠡᠶᠢᠲᠡᠯᠡᠵᠦ᠂ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ︾ ᠪᠤᠯᠤᠩ ᠢ 1740 ᠨᠡᠶᠢᠲᠡᠯᠡᠵᠦ᠂ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠰᠬᠠᠢ ᠪᠤᠯᠤᠩ ᠢ 293 ᠨᠡᠶᠢᠲᠡᠯᠡᠵᠦ᠂ ᠲᠤᠰᠬᠠᠢ ᠰᠡᠳᠦᠪᠲᠦ ᠪᠤᠯᠤᠩ ᠢ 880 ᠨᠡᠶᠢᠲᠡᠯᠡᠪᠡ︶ ︵ᠳᠥᠷᠪᠡ︶ ᠭᠤᠶᠤᠴᠢᠯᠠᠯ ᠢ ᠦᠨᠳᠦᠰᠦᠯᠡᠨ ᠢᠯᠡ ᠪᠣᠯᠭᠠᠭᠰᠠᠨ ᠪᠠᠶᠢᠳᠠᠯ      ᠳ᠋ᠦᠩ ᠾᠧ ᠲᠣᠭᠤᠷᠢᠭ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠨᠢ ᠵᠠᠰᠠᠭ ᠤᠨ ᠣᠷᠳᠣᠨ ᠤ ᠮᠡᠳᠡᠭᠡ ᠵᠠᠩᠭᠢ  ᠶᠢ ᠢᠯᠡ ᠪᠣᠯᠭᠠᠬᠤ ᠵᠦᠭᠯᠡᠭᠦᠷ᠂ ᠭᠤᠶᠤᠴᠢᠯᠠᠯ ᠤᠨ ᠬᠦᠰᠦᠨᠦᠭᠲᠦ ᠶᠢ ᠨᠡᠶᠢᠲᠡᠯᠡᠵᠦ᠂ ᠭᠤᠶᠤᠴᠢᠯᠠᠭᠴᠢ ᠨᠢ ᠨᠢᠭᠤᠷᠲᠠᠨ ᠲᠤᠰᠢᠶᠠᠬᠤ᠂ ᠰᠢᠤᠳᠠᠨ ᠤ ᠵᠦᠢᠯ ᠢ ᠢᠯᠡᠭᠡᠬᠦ᠂ ᠵᠠᠬᠢᠳᠠᠯ ᠰᠢᠤᠳᠠᠨ ᠢᠶᠠᠷ ᠢᠯᠡᠭᠡᠬᠦ ᠵᠡᠷᠭᠡ ᠠᠷᠭ᠎ᠠ ᠮᠠᠶ᠋ᠢᠭ ᠢᠶᠠᠷ ᠵᠠᠰᠠᠭ ᠤᠨ ᠣᠷᠳᠣᠨ ᠤ ᠮᠡᠳᠡᠭᠡ ᠵᠠᠩᠭᠢ  ᠶᠢ ᠢᠯᠡ ᠪᠣᠯᠭᠠᠬᠤ  ᠪᠠᠷ ᠭᠤᠶᠤᠴᠢᠯᠠᠵᠤ ᠪᠣᠯᠣᠨ᠎ᠠ᠃2021 ᠣᠨ ᠳᠤ᠂ ᠭᠤᠶᠤᠴᠢᠯᠠᠯ ᠢᠶᠠᠷ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠨᠡᠶᠢᠲᠡᠯᠡᠭᠰᠡᠨ 11 ᠬᠤᠪᠢ ᠮᠡᠳᠡᠭᠡ ᠵᠠᠩᠭᠢ ᠶᠢ ᠨᠢᠭᠡᠨᠲᠡ ᠭᠥᠯᠢᠶᠡᠨ ᠠᠪᠴᠤ ᠰᠢᠢᠳᠪᠦᠷᠢᠯᠡᠵᠦ᠂ ᠪᠦᠬᠦᠨ ᠢ ᠬᠠᠤᠯᠢ ᠪᠠᠷ ᠲᠣᠭᠲᠠᠭᠠᠭᠰᠠᠨ ᠴᠠᠭ ᠬᠤᠭᠤᠴᠠᠭᠠᠨ ᠤ ᠳᠣᠲᠣᠷ᠎ᠠ ᠬᠠᠷᠢᠭᠤ ᠥᠭᠪᠡ᠃︵ᠲᠠᠪᠤ︶ ᠬᠢᠨᠠᠯᠲᠠ ᠲᠠᠯᠪᠢᠵᠤ ᠪᠠᠲᠤᠯᠠᠭᠰᠠᠨ ᠪᠠᠶᠢᠳᠠᠯ      ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠢᠨᠠᠨ ᠰᠢᠯᠭᠠᠵᠤ ᠬᠢᠨᠠᠯᠲᠠ ᠲᠠᠯᠪᠢᠬᠤ ᠪᠠᠨ ᠴᠢᠩᠭᠠᠳᠬᠠᠵᠤ ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠬᠢᠨᠠᠨ ᠰᠢᠯᠭᠠᠬᠤ ᠭᠦᠢᠴᠡᠳᠬᠡᠬᠦ ᠲᠤᠭ᠎ᠠ  ᠲᠠᠢ ᠬᠠᠷᠢᠴᠠᠭᠤᠯᠤᠨ ᠥᠪᠡᠷ ᠢ ᠪᠠᠨ ᠦᠨᠡᠯᠡᠬᠦ ᠠᠵᠢᠯ ᠢ ᠥᠷᠨᠢᠭᠦᠯᠵᠦ᠂ ᠡᠭᠦᠨ ᠤ ᠬᠠᠮᠲᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠳ᠋ᠦᠩ ᠾᠧ ᠲᠣᠭᠤᠷᠢᠭ ᠤᠨ ᠣᠨ ᠤ ᠬᠠᠷᠠᠯᠲᠠᠲᠤ ᠬᠠᠷᠢᠭᠤᠴᠠᠯᠭ᠎ᠠ ᠶᠢᠨ ᠬᠢᠨᠠᠨ ᠰᠢᠯᠭᠠᠬᠤ ᠰᠢᠰᠲ᠋ᠧᠮ ᠳᠤ ᠣᠷᠣᠭᠤᠯᠵᠤ᠂ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢ ᠨᠠᠷᠢᠯᠢᠭᠵᠢᠭᠤᠯᠵᠤ᠂ ᠬᠤᠪᠢ ᠲᠣᠭᠲᠠᠭᠠᠬᠤ ᠪᠠᠷᠢᠮᠵᠢᠶ᠎ᠠ ᠶᠢ ᠬᠡᠮᠵᠢᠶᠡᠯᠡᠵᠦ᠂ ᠦᠷ᠎ᠡ ᠳ᠋ᠦᠩ ᠤᠨ ᠲᠥᠪ ᠭᠤᠥᠯᠴᠢ ᠪᠠᠶᠢᠬᠤ ᠶᠢ ᠪᠠᠲᠤᠯᠠᠵᠤ᠂ ᠡᠭᠦᠨ ᠢᠶᠠᠷ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠳᠠᠷᠤᠯᠲᠠ ᠶᠢ ᠳᠠᠮᠵᠢᠭᠤᠯᠵᠤ ᠂ ᠵᠢᠯ ᠤᠨ ᠡᠴᠦᠰ ᠲᠤ ᠬᠢᠨᠠᠨ ᠰᠢᠯᠭᠠᠵᠤ ᠬᠤᠪᠢ ᠥᠭᠴᠦ᠂ ᠪᠥᠬᠦ ᠣᠷᠣᠨ ᠤ ᠡᠯ᠎ᠡ ᠰᠠᠯᠠᠭ᠎ᠠ ᠮᠥᠴᠢᠷ᠂ ᠡᠯ᠎ᠡ ᠪᠠᠯᠭᠠᠰᠤ᠂ ᠵᠡᠭᠡᠯᠢ ᠭᠤᠳᠤᠮᠵᠢ ᠶᠢ ᠭᠡᠳᠡᠷᠭᠦ ᠰᠢᠬᠠᠮᠳᠠᠭᠤᠯᠵᠤ ᠪᠠᠶᠢᠭᠠᠳ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠦᠷᠭᠦᠯᠵᠢᠯᠡᠨ ᠰᠠᠶᠢᠲᠤᠷ ᠬᠢᠯᠭᠡᠨ᠎ᠡ᠃ᠳ᠋ᠦᠩ ᠾᠧ ᠲᠣᠭᠤᠷᠢᠭ ᠤᠨ ᠬᠢᠨ ᠨᠡᠶᠢᠭᠡᠮ ᠤᠨ ᠦᠨᠡᠯᠡᠨ ᠶᠠᠷᠢᠯᠴᠠᠬᠤ ᠳᠦᠷᠢᠮ ᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠭᠤᠯᠭ᠎ᠠ ᠶᠢᠨ ᠣᠨᠣᠪᠴᠢᠲᠤ ᠴᠢᠨᠠᠷ᠂ ᠴᠠᠭ ᠲᠤᠬᠠᠶᠢᠴᠢ ᠴᠢᠨᠠᠷ ᠵᠡᠷᠭᠡ ᠶᠢᠨ ᠲᠣᠭᠤᠷᠢᠨ ᠳᠤ ᠪᠥᠬᠦ ᠲᠠᠯ᠎ᠠ ᠪᠠᠷ ᠦᠨᠡᠯᠡᠨ ᠶᠠᠷᠢᠯᠴᠠᠨ᠎ᠠ᠃2021 ᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠳᠤ ᠵᠠᠰᠠᠭ ᠵᠠᠬᠢᠷᠭᠠᠨ ᠤ ᠳᠠᠬᠢᠨ ᠵᠥᠪᠯᠡᠭᠰᠡᠨ ᠬᠡᠷᠡᠭ 0 ᠬᠤᠪᠢ᠂ ᠵᠠᠰᠠᠭ ᠵᠠᠬᠢᠷᠭᠠᠨ ᠤ ᠵᠠᠷᠭᠤ ᠶᠢᠨ ᠬᠡᠷᠡᠭ 0 ᠬᠤᠪᠢ ᠭᠥᠯᠢᠶᠡᠨ ᠠᠪᠴᠤ᠂ ᠲᠣᠰ ᠵᠢᠯ ᠳᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠭᠰᠠᠨ ᠠᠴᠠ ᠪᠣᠯᠵᠤ ᠬᠠᠷᠢᠭᠤᠴᠠᠯᠭ᠎ᠠ ᠨᠡᠬᠡᠮᠵᠢᠯᠡᠬᠦ ᠪᠠᠶᠢᠳᠠᠯ ᠭᠠᠷᠤᠭᠰᠠᠨ ᠦᠭᠡᠢ᠃ᠬᠤᠶᠠᠷ᠂ ᠣᠷᠣᠰᠢᠵᠤ ᠪᠠᠶᠢᠭ᠎ᠠ ᠭᠤᠣᠯ ᠠᠰᠠᠭᠤᠳᠠᠯ ᠵᠢᠴᠢ ᠰᠠᠶᠢᠵᠢᠷᠠᠭᠤᠯᠤᠭᠰᠠᠨ ᠪᠠᠶᠢᠳᠠᠯ      2021 ᠣᠨ ᠳᠤ᠂ ᠳ᠋ᠦᠩ ᠾᠧ ᠲᠣᠭᠤᠷᠢᠭ ᠤᠨ ᠬᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠠᠬᠢᠭᠤᠯᠬᠤ ᠳᠤᠮᠳᠠ᠂ 2020 ᠣᠨ ᠤ ᠮᠡᠳᠡᠭᠦᠯᠦᠯᠲᠡ ᠳᠤ ᠳᠤᠷᠠᠳᠤᠭᠰᠠᠨ ᠠᠰᠠᠭᠤᠳᠠᠯ ᠢ ᠴᠢᠭᠯᠡᠭᠦᠯᠬᠦ ᠴᠢᠨᠠᠷᠲᠠᠢ ᠪᠠᠷ ᠴᠡᠭᠴᠡᠯᠡᠨ ᠰᠠᠶᠢᠵᠢᠷᠠᠭᠤᠯᠵᠤ᠂ ᠬᠤᠯᠪᠣᠭᠳᠠᠯ ᠪᠦᠬᠦᠢ ᠪᠠᠶᠢᠳᠠᠯ ᠢ ᠪᠦᠲᠦᠮᠵᠢᠲᠡᠢ ᠰᠠᠶᠢᠵᠢᠷᠠᠭᠤᠯᠪᠠ᠃ᠭᠡᠪᠡᠴᠦ ᠣᠨᠴᠠ ᠵᠠᠷᠢᠮ ᠲᠠᠯ᠎ᠠ ᠪᠠᠷ ᠪᠠᠰᠠ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠨ᠎ᠠ᠃︵ᠨᠢᠭᠡ︶ ᠣᠷᠣᠰᠢᠵᠤ ᠪᠠᠶᠢᠭ᠎ᠠ ᠭᠤᠣᠯ ᠠᠰᠠᠭᠤᠳᠠᠯ      1. ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠬᠤ ᠴᠢᠬᠤᠯᠠᠲᠠᠢ ᠪᠠᠶᠢᠨ᠎ᠠ᠃ᠣᠨᠴᠠ ᠵᠠᠷᠢᠮ ᠰᠠᠯᠠᠭ᠎ᠠ ᠮᠥᠴᠢᠷ ᠤᠨ ᠰᠠᠨᠠᠭᠠᠴᠢᠯᠠᠭ᠎ᠠ  ᠠᠴᠠ ᠪᠠᠨ ᠢᠯᠡ ᠪᠣᠯᠭᠠᠬᠤ ᠦᠵᠡᠯ ᠤᠬᠠᠮᠰᠠᠷ  ᠢ ᠪᠠᠲᠤ ᠪᠠᠬᠢ ᠪᠣᠶ ᠪᠣᠯᠭᠠᠭᠰᠠᠨ ᠦᠭᠡᠢ᠂ ᠬᠠᠤᠯᠢ ᠪᠠᠷ ᠲᠣᠭᠲᠠᠭᠠᠭᠰᠠᠨ ᠰᠠᠨᠠᠭᠠᠴᠢᠯᠠᠭ᠎ᠠ  ᠠᠴᠠ ᠪᠠᠨ ᠢᠯᠡ ᠪᠣᠯᠭᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠠᠭᠤᠯᠭ᠎ᠠ ᠨᠢ ᠭᠦᠨᠵᠡᠭᠡᠢ ᠨᠠᠷᠢᠯᠢᠭ ᠪᠢᠰᠢ᠂ ᠢᠯᠡ ᠪᠣᠯᠭᠠᠭᠰᠠᠨ ᠮᠡᠳᠡᠭᠡ ᠵᠠᠩᠭᠢ ᠳᠤ ᠠᠵᠢᠯ ᠤᠨ ᠬᠥᠳᠡᠯᠦᠩᠭᠦᠢ ᠮᠡᠳᠡᠭᠡ ᠵᠠᠩᠭᠢ ᠨᠡᠯᠢᠶᠡᠳ ᠣᠯᠠᠨ ᠪᠠᠶᠢᠵᠤ᠂ ᠮᠡᠳᠡᠭᠡ ᠵᠠᠩᠭᠢ ᠶᠢᠨ ︽ᠦᠨ᠎ᠡ ᠴᠠᠨ᠎ᠠ ᠶᠢᠨ ᠬᠡᠮᠵᠢᠶ᠎ᠡ︾ ᠥᠨᠳᠥᠷ ᠪᠢᠰᠢ ᠪᠠᠶᠢᠨ᠎ᠠ᠃      2. ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯᠲᠠᠨ ᠤ ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ᠃ᠣᠨᠴᠠ ᠵᠠᠷᠢᠮ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯᠲᠠᠨ ᠤ ᠡᠩᠨᠡᠭᠡ ᠲᠣᠭᠲᠠᠭᠤᠨ ᠪᠤᠰᠤ ᠪᠠᠶᠢᠵᠤ᠂ ᠢᠯᠠᠩᠭᠤᠶ᠎ᠠ ᠦᠨᠳᠦᠰᠦᠨ ᠱᠠᠲᠤᠨ ᠤ ᠰᠠᠯᠠᠭ᠎ᠠ ᠮᠥᠴᠢᠷ ᠤᠨ ᠠᠵᠢᠯᠲᠠᠨ ᠤ ᠣᠯᠠᠩᠬᠢ ᠨᠢ ᠲᠤᠰᠢᠶᠠᠯ ᠬᠠᠪᠰᠤᠷᠭᠠᠬᠤ ᠪᠠᠷ ᠭᠤᠣᠯ ᠪᠣᠯᠭᠠᠵᠤ᠂ ᠰᠢᠯᠵᠢᠮᠡᠯ ᠴᠢᠨᠠᠷ ᠢᠶᠠᠷ ᠶᠡᠭᠡ ᠪᠠᠶᠢᠵᠤ᠂ ᠪᠦᠬᠦᠯᠢ ᠴᠣᠭᠴᠠ ᠶᠢᠨ ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠪᠠᠰᠠ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠢ ᠪᠠᠶᠢᠨ᠎ᠠ᠃︵ᠬᠤᠶᠠᠷ︶ ᠬᠠᠯᠠᠨ ᠰᠠᠶᠢᠵᠢᠷᠠᠭᠤᠯᠤᠭᠰᠠᠨ ᠪᠠᠶᠢᠳᠠᠯ      1. ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠤᠳᠤᠷᠢᠳᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠ ᠪᠠᠶᠢᠴᠠᠭᠠᠵᠤ ᠰᠢᠮᠳᠠᠭᠤᠯᠤᠨ ᠪᠠᠶᠢᠴᠠᠭᠠᠬᠤ ᠶᠢ ᠴᠢᠩᠭᠠᠷᠠᠭᠤᠯᠤᠨ᠂ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠪᠥᠬᠦ ᠲᠠᠯ᠎ᠠ ᠪᠠᠷ ᠬᠠᠤᠯᠢ ᠶᠣᠰᠣᠭᠠᠷ ᠭᠦᠢᠴᠡᠳᠬᠡᠬᠦ ᠶᠢ ᠰᠢᠮᠳᠠᠭᠤᠯᠵᠤ᠂ ᠠᠵᠢᠯ ᠤᠨ ᠬᠦᠴᠦᠨ ᠢ ᠪᠦᠷᠢᠨ ᠭᠦᠢᠴᠡᠳ ᠲᠣᠬᠢᠷᠠᠭᠤᠯᠤᠨ ᠴᠢᠩᠭ᠎ᠠ ᠲᠣᠬᠢᠷᠠᠭᠤᠯᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠪᠠᠶᠢᠭᠤᠯᠤᠮᠵᠢ ᠲᠠᠢ ᠡᠭᠦᠷᠭᠡᠯᠡᠬᠦ᠂ ᠠᠵᠢᠯᠲᠠᠨ ᠲᠠᠢ ᠬᠠᠷᠢᠭᠤᠴᠠᠬᠤ᠂ ᠵᠠᠷᠤᠳᠠᠯ ᠤᠨ ᠪᠠᠲᠤᠯᠠᠭ᠎ᠠ ᠲᠠᠢ ᠪᠠᠶᠢᠯᠭᠠᠬᠤ ᠶᠢ ᠦᠨᠡᠨᠬᠦ ᠪᠠᠲᠤᠯᠠᠵᠤ᠂ ᠡᠯ᠎ᠡ ᠵᠦᠢᠯ ᠤᠨ ᠠᠵᠢᠯ ᠤᠨ ᠤᠷᠤᠭᠰᠢᠲᠠᠢ ᠥᠷᠨᠢᠬᠦ ᠶᠢ ᠠᠬᠢᠭᠤᠯᠤᠨ᠎ᠠ᠃      2. ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ ᠢ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠦᠨᠳᠦᠰᠦᠨ ᠵᠢᠷᠤᠮᠯᠠᠯ ᠪᠣᠯᠭᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ ᠤᠨ ᠰᠤᠷᠤᠯᠴᠠᠯᠭ᠎ᠠ ᠶᠢ ᠴᠢᠩᠭᠠᠳᠬᠠᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠳᠦᠷᠢᠮ ᠤᠨ ᠰᠢᠰᠲ᠋ᠧᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠢᠳᠡᠪᠬᠢᠲᠡᠢ ᠯᠠᠪᠳᠠᠭᠤᠨ ᠢᠶᠠᠷ ᠰᠠᠶᠢᠲᠤᠷ ᠬᠢᠨ᠎ᠡ᠃      3. ᠵᠠᠰᠠᠭ ᠤᠨ ᠶᠠᠪᠤᠳᠠᠯ ᠢ ᠢᠯᠡ ᠪᠣᠯᠭᠠᠬᠤ ᠡᠩᠨᠡᠭᠡ ᠶᠢᠨ ᠪᠣᠯᠪᠠᠰᠤᠷᠠᠭᠤᠯᠤᠯ ᠤᠨ ᠠᠵᠢᠯ ᠢ ᠦᠷᠭᠦᠯᠵᠢᠯᠡᠨ ᠥᠷᠨᠢᠭᠦᠯᠵᠦ᠂ ᠲᠤᠰᠬᠠᠢ ᠮᠡᠷᠭᠡᠵᠢᠯᠲᠡᠨ ᠢ ᠤᠷᠢᠵᠤ ᠬᠢᠴᠢᠶᠡᠯ ᠣᠷᠣᠭᠤᠯᠬᠤ᠂ ᠰᠠᠯᠠᠭ᠎ᠠ ᠮᠥᠴᠢᠷ ᠤᠨ ᠰᠣᠯᠢᠯᠴᠠᠭ᠎ᠠ ᠶᠢ ᠥᠷᠨᠢᠭᠦᠯᠬᠦ᠂ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢ ᠴᠢᠩᠭᠠᠳᠬᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠡᠩᠨᠡᠭᠡ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠲᠤᠰᠬᠠᠢ ᠮᠡᠷᠭᠡᠵᠢᠯ ᠤᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ᠭᠤᠷᠪᠠ᠂ ᠪᠤᠰᠤᠳ ᠮᠡᠳᠡᠭᠦᠯᠬᠦ ᠴᠢᠬᠤᠯᠠᠲᠠᠢ ᠵᠦᠢᠯ      ᠮᠡᠳᠡᠭᠡ ᠵᠠᠩᠭᠢ ᠶᠢᠨ ᠰᠢᠢᠳᠪᠦᠷᠢᠯᠡᠯᠲᠡ ᠶᠢᠨ ᠵᠠᠷᠤᠳᠠᠯ ᠬᠤᠷᠢᠶᠠᠭᠰᠠᠨ ᠪᠠᠶᠢᠳᠠᠯ᠃︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠮᠡᠳᠡᠭᠡ ᠵᠠᠩᠭᠢ ᠶᠢ ᠰᠢᠢᠳᠪᠦᠷᠢᠯᠡᠬᠦ ᠵᠠᠷᠤᠳᠠᠯ ᠤᠨ ᠬᠠᠮᠢᠶᠠᠷᠤᠯᠲᠠ ᠶᠢᠨ ᠠᠷᠭ᠎ᠠ︾ ᠶᠣᠰᠣᠭᠠᠷ᠂ 2021 ᠣᠨ ᠤ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠮᠡᠳᠡᠭᠡ ᠵᠠᠩᠭᠢ ᠶᠢ ᠰᠢᠢᠳᠪᠦᠷᠢᠯᠡᠬᠦ ᠵᠠᠷᠤᠳᠠᠯ ᠬᠤᠷᠢᠶᠠᠭᠰᠠᠨ ᠦᠭᠡᠢ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1