ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠬᠤᠷᠠᠯ ᠬᠤᠷᠠᠯᠳᠤᠭᠤᠯᠵᠤ 2023 ᠣᠨ ᠤ ᠠᠵᠤ ᠠᠬᠤᠢ ᠶᠢᠨ ᠠᠵᠢᠯ ᠢ ᠵᠠᠳᠠᠯᠤᠨ ᠰᠤᠳᠤᠯᠵᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠠᠵᠢᠯ ᠢ ᠰᠤᠳᠤᠯᠤᠨ ᠪᠠᠶᠢᠷᠢᠯᠠᠭᠤᠯᠪᠠ  ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2022/12/13
   ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ 12 ᠰᠠᠷ᠎ᠠ ᠶᠢᠨ 6  ᠤ ᠡᠳᠦᠷ ᠬᠤᠷᠠᠯ ᠬᠤᠷᠠᠯᠳᠤᠭᠤᠯᠵᠤ᠂ 2023 ᠣᠨ ᠤ ᠠᠵᠤ ᠠᠬᠤᠢ ᠶᠢᠨ ᠠᠵᠢᠯ ᠢ ᠵᠠᠳᠠᠯᠤᠨ ᠰᠤᠳᠤᠯᠪᠠ︔ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ 2023 ᠣᠨ ᠤ ᠨᠠᠮ ᠤᠨ ᠰᠤᠷᠲᠠᠯ ᠴᠢᠬᠡᠴᠢ ᠵᠠᠰᠠᠭ  ᠤᠨ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠠᠵᠢᠯ ᠢ ᠰᠤᠳᠤᠯᠤᠨ ᠪᠠᠶᠢᠷᠢᠯᠠᠭᠤᠯᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠪᠡ᠃            ᠬᠤᠷᠠᠯ ᠠᠴᠠ᠂ ᠡᠨᠡ ᠵᠢᠯ ᠪᠣᠯ ᠨᠠᠮ ᠪᠠ ᠤᠯᠤᠰ ᠤᠨ ᠲᠡᠦᠬᠡᠨ ᠳᠠᠬᠢ ᠲᠤᠶᠢᠯ ᠤᠨ ᠴᠢᠬᠤᠯᠠ ᠨᠢᠭᠡ ᠵᠢᠯ ᠮᠥᠨ᠃ ᠰᠠᠯᠬᠢ ᠳᠠᠪᠠᠯᠭᠠᠨ ᠰᠢᠷᠦᠭᠦᠰᠦᠭᠰᠡᠨ ᠳᠡᠯᠡᠬᠡᠢ ᠶᠢᠨ ᠣᠷᠴᠢᠨ ᠪᠠ ᠤᠯᠤᠰ ᠤᠨ ᠳᠣᠲᠣᠭᠠᠳᠤ ᠶᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠪᠡᠷᠬᠡ ᠬᠠᠲᠠᠭᠤᠵᠢᠯᠲᠠᠢ ᠬᠦᠨᠳᠦ ᠡᠭᠦᠷᠭᠡ ᠶᠢᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠴᠢᠷ ᠢ ᠰᠥᠷᠦᠨ ᠤᠷᠤᠭᠰᠢᠯᠠᠵᠤ᠂ ᠬᠤᠷᠸ᠎ᠠ ᠡᠵᠡᠮᠰᠢᠯ ᠲᠣᠬᠢᠷᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠬᠥᠭᠵᠢᠯᠲᠡ ᠶᠢᠨ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠦᠯᠡᠮᠵᠢ ᠶᠡᠭᠡ ᠦᠷ᠎ᠡ ᠪᠦᠲᠦᠭᠡᠯ ᠣᠯᠵᠤ᠂ ᠥᠭᠡᠷᠡᠴᠢᠯᠡᠯᠲᠡ ᠨᠡᠭᠡᠭᠡᠯᠲᠡ ᠪᠦᠭᠦ ᠲᠠᠯ᠎ᠠ ᠪᠠᠷ ᠭᠦᠨᠵᠡᠭᠡᠶᠢᠷᠡᠵᠦ᠂ ᠠᠵᠢᠯ ᠣᠯᠭᠤᠯᠲᠠ ᠪᠠᠷᠠᠭᠠᠨ ᠤ ᠦᠨ᠎ᠡ ᠦᠨᠳᠦᠰᠦᠨ ᠳᠡᠭᠡᠨ ᠲᠣᠭᠲᠠᠭᠤᠨ ᠪᠠᠶᠢᠵᠤ᠂ ᠠᠮᠤ ᠪᠤᠳᠠᠭᠠᠨ ᠤ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ ᠪᠠ ᠠᠷᠠᠳ ᠤᠨ ᠠᠮᠢᠳᠤᠷᠠᠯ ᠤᠨ ᠪᠠᠲᠤᠯᠠᠭ᠎ᠠ ᠪᠦᠳᠦᠮᠵᠢᠳᠡᠢ ᠪᠣᠯᠵᠤ᠂ ᠠᠵᠤ ᠠᠬᠤᠢ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠪᠠ᠃ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ  ᠢ ᠠᠮᠵᠢᠯᠲᠠ ᠲᠠᠢ ᠡᠷᠭᠢᠯᠡᠪᠡ᠃ ᠨᠠᠮ ᠤᠨ ᠬᠤᠷᠢᠳᠤᠭᠠᠷ ᠶᠡᠭᠡ ᠬᠤᠷᠠᠯ ᠢ ᠢᠯᠠᠯᠲᠠ ᠲᠠᠢ ᠪᠠᠷ ᠬᠤᠷᠠᠯᠳᠤᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠯᠠᠪᠳᠠᠭᠤᠨ ᠪᠠᠲᠤᠲᠠᠢ ᠠᠯᠬᠤᠮ ᠢ ᠠᠯᠬᠤᠵᠠᠢ ᠭᠡᠵᠦ ᠦᠵᠡᠪᠡ᠃            ᠬᠤᠷᠠᠯ ᠠᠴᠠ᠂ ᠳᠠᠷᠠᠭ᠎ᠠ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠭᠢᠯᠡᠯᠲᠡ ᠶᠢᠨ ᠵᠢᠯ ᠪᠣᠯᠣᠨ᠎ᠠ᠃ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ  ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ  ᠪᠠᠷ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠢᠲᠡᠭᠡᠯ ᠵᠣᠷᠢᠭ ᠢ ᠶᠡᠭᠡ ᠪᠠᠷ ᠬᠥᠭᠵᠢᠭᠡᠵᠦ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠯᠦᠭᠡ ᠣᠷᠭᠠᠨᠢᠭ ᠢᠶᠠᠷ ᠤᠶᠠᠯᠳᠤᠭᠤᠯᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠠᠵᠢᠯ ᠢ ᠲᠣᠪᠤᠶᠢᠯᠭᠠᠨ ᠰᠠᠶᠢᠲᠤᠷ ᠬᠢᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠵᠤ᠂ ᠠᠵᠤ ᠠᠬᠤᠢ ᠶᠢᠨ ᠡᠷᠭᠢᠯᠲᠡ ᠶᠢᠨ ᠪᠦᠬᠦᠯᠢ ᠴᠣᠭᠴᠠ ᠶᠢᠨ ᠰᠠᠶᠢᠵᠢᠷᠠᠯᠲᠠ ᠶᠢ ᠠᠬᠢᠭᠤᠯᠵᠤ᠂ ᠶᠠᠰᠤ ᠴᠢᠨᠠᠷ ᠢ ᠪᠦᠲᠦᠮᠵᠢᠲᠡᠶ ᠪᠠᠷ ᠳᠡᠭᠡᠭᠰᠢᠯᠡᠭᠦᠯᠭᠦ ᠪᠠ ᠬᠡᠮᠵᠢᠶ᠎ᠡ ᠶᠢ ᠵᠦᠢ ᠵᠣᠬᠢᠰᠲᠠᠢ ᠨᠡᠮᠡᠭᠳᠡᠭᠦᠯᠬᠦ ᠶᠢ ᠪᠡᠶᠡᠯᠡᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠰᠠᠶᠢᠲᠤᠷ ᠡᠭᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃            ᠬᠤᠷᠠᠯ ᠠᠴᠠ᠂ ᠢᠷᠡᠬᠦ ᠵᠢᠯ ᠳᠤ ᠲᠣᠭᠲᠠᠭᠤᠨ ᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠡᠳ᠋ ᠤᠨ ᠵᠠᠰᠠᠭ ᠤᠨ ᠢᠳᠡᠪᠬᠢᠲᠡᠢ ᠲᠦᠷᠦ ᠶᠢᠨ ᠪᠣᠳᠣᠯᠭ᠎ᠠ ᠪᠣᠯᠣᠨ ᠵᠣᠭᠤᠰᠤᠨ ᠤ ᠲᠣᠭᠲᠠᠭᠤᠨ ᠲᠦᠷᠦ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠡᠯ᠎ᠡ ᠲᠦᠷᠦᠯ ᠤᠨ ᠲᠦᠷᠦ ᠶᠢᠨ ᠪᠣᠳᠣᠯᠭ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠢᠯᠢᠳᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ ᠠᠬᠢᠭᠤᠯᠬᠤ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠡᠳ᠋ ᠤᠨ ᠵᠠᠰᠠᠭ ᠤᠨ ᠢᠳᠡᠪᠬᠢᠲᠡᠢ ᠲᠦᠷᠦ ᠶᠢᠨ ᠪᠣᠳᠣᠯᠭ᠎ᠠ ᠶᠢᠨ ᠦᠷ᠎ᠡ ᠪᠦᠳᠤᠮᠵᠢ ᠶᠢ ᠬᠦᠴᠦᠯᠡᠨ ᠳᠡᠭᠡᠭᠰᠢᠯᠡᠭᠦᠯᠵᠦ᠂ ᠯᠠᠪᠳᠠᠭᠤᠨ ᠲᠣᠭᠲᠠᠭᠤᠨ ᠵᠣᠭᠤᠰᠤᠨ ᠤ ᠲᠦᠷᠦ ᠶᠢᠨ ᠪᠣᠳᠣᠯᠭ᠎ᠠ ᠶᠢ ᠨᠠᠷᠢᠯᠢᠭ ᠣᠨᠣᠴᠠᠲᠠᠢ ᠪᠥᠭᠡᠳ ᠬᠦᠴᠦᠲᠡᠢ ᠪᠠᠶᠢᠯᠭᠠᠵᠤ᠂ ᠠᠵᠤ ᠦᠢᠯᠡᠰ ᠤᠨ ᠲᠦᠷᠦ ᠶᠢᠨ ᠪᠣᠳᠣᠯᠭ᠎ᠠ ᠶᠢ ᠬᠥᠭᠵᠢᠭᠦᠯᠬᠦ ᠪᠠ ᠠᠮᠤᠷ ᠲᠦᠪᠰᠢᠨ ᠢ ᠵᠡᠷᠭᠡ ᠪᠠᠷ ᠴᠢᠬᠤᠯᠠᠴᠢᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠷᠦ ᠶᠢᠨ ᠪᠣᠳᠣᠯᠭ᠎ᠠ ᠶᠢ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠳᠤ ᠲᠥᠪᠯᠡᠷᠡᠭᠦᠯᠵᠦ᠂ ᠨᠡᠶᠢᠭᠡᠮ ᠤᠨ ᠲᠦᠷᠦ ᠶᠢᠨ ᠪᠣᠳᠣᠯᠭ᠎ᠠ ᠨᠢ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠬᠦᠴᠦᠯᠡᠨ ᠥᠷᠭᠡᠳᠬᠡᠵᠦ᠂ ᠬᠡᠷᠡᠭᠯᠡᠭᠡᠨ ᠤ ᠰᠠᠭᠤᠷᠢᠯᠠᠬᠤ ᠦᠢᠯᠡᠳᠦᠯ ᠪᠠ ᠪᠡᠯᠡ ᠣᠷᠣᠭᠤᠯᠤᠯᠲᠠ ᠶᠢᠨ ᠵᠠᠩᠭᠢᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠣᠯᠣᠨ ᠠᠮᠤᠷ ᠲᠦᠪᠰᠢᠨ ᠤ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ︽ᠬᠤᠶᠠᠷ ᠡᠷᠡᠰ ᠭᠤᠶᠢᠪᠢᠰᠢ ᠦᠭᠡᠢ ᠪᠠᠶᠢᠬᠤ︾ ᠶᠢ ᠦᠨᠡᠨ ᠬᠦ ᠨᠠᠶᠢᠳᠠᠪᠤᠷᠢᠵᠢᠭᠤᠯᠵᠤ᠂ ᠮᠠᠨ ᠤ ᠤᠯᠤᠰ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠥᠳᠡᠯᠭᠡᠭᠦ ᠬᠦᠴᠦᠨ ᠪᠠ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠬᠡᠷᠡᠭᠲᠡᠢ᠃ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠵᠤ᠂ ᠭᠠᠳᠠᠭᠠᠳᠤ ᠪᠡᠯᠡ ᠶᠢ ᠲᠠᠲᠠᠬᠤ ᠪᠠ ᠠᠰᠢᠭᠯᠠᠬᠤ ᠡᠷᠴᠢᠮ ᠢ ᠨᠡᠩ ᠶᠡᠭᠡ ᠪᠠᠷ ᠴᠢᠩᠭᠠᠷᠠᠭᠤᠯᠬᠤ ᠬᠡᠷᠡᠭᠲᠡᠢ᠃ ᠴᠢᠬᠤᠯᠠ ᠶᠡᠭᠡ ᠠᠵᠤ ᠠᠬᠤᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠡᠭᠦᠰᠭᠦ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃             ᠬᠤᠷᠠᠯ ᠠᠴᠠ᠂ ᠨᠠᠮ ᠤᠨ ᠠᠵᠤ ᠠᠬᠤᠢ ᠶᠢᠨ ᠠᠵᠢᠯ ᠳᠠᠬᠢ ᠪᠦᠭᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠰᠤᠷᠤᠯᠴᠠᠵᠤ᠂ ᠡᠵᠡᠮᠳᠡᠵᠦ᠂ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠦᠨᠡᠨ ᠬᠦ ᠠᠳᠬᠤᠵᠤ ᠪᠣᠳᠠᠲᠠᠢ ᠠᠵᠢᠯᠯᠠᠬᠤ ᠶᠢ ᠪᠠᠷᠢᠮᠲᠠᠯᠠᠵᠤ᠂ ᠪᠦᠭᠦ ᠨᠡᠶᠢᠭᠡᠮ ᠤᠨ ᠠᠵᠢᠯ ᠬᠢᠵᠦ ᠦᠢᠯᠡᠰ ᠪᠣᠰᠬᠠᠬᠤ ᠠᠮᠢᠵᠢᠷᠠᠯ ᠤᠨ ᠬᠦᠴᠦᠨ ᠢ ᠬᠥᠭᠵᠢᠭᠡᠵᠦ᠂ ᠺᠠᠳ᠋ᠷᠴᠤᠳ ᠵᠣᠷᠢᠭᠲᠠᠢ ᠪᠠᠷ ᠠᠵᠢᠯ ᠬᠢᠬᠦ᠂ ᠣᠷᠣᠨ ᠨᠤᠲᠤᠭ ᠤᠨ ᠬᠢᠨ ᠵᠣᠷᠢᠭᠲᠠᠢ ᠪᠠᠷ ᠰᠢᠪᠲᠤᠯᠬᠤ᠂ ᠠᠵᠤ ᠠᠬᠤᠶᠢᠯᠠᠯ ᠤᠨ   ᠬᠢᠨ ᠵᠣᠷᠢᠭᠲᠠᠢ ᠪᠠᠷ ᠬᠢᠬᠦ᠂ ᠤᠯᠠᠨ ᠲᠦᠮᠡᠨ ᠵᠣᠷᠢᠭᠲᠠᠢ ᠪᠠᠷ ᠡᠭᠦᠳᠦᠨ ᠪᠦᠲᠦᠭᠡᠬᠦ ᠶᠢ ᠠᠬᠢᠭᠤᠯᠬᠤ ᠬᠡᠷᠡᠭᠲᠡᠢ᠃ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ ᠪᠠ ᠨᠡᠭᠦᠷᠡᠰᠦ ᠴᠠᠭᠢᠯᠭᠠᠨ ᠲᠣᠰᠣ ᠬᠡᠢ ᠶᠢᠨ ᠲᠡᠭᠡᠭᠡᠪᠦᠷᠢ ᠬᠠᠩᠭᠠᠯᠭ᠎ᠠ ᠪᠠᠲᠤᠯᠠᠭ᠎ᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠬᠦᠴᠢᠷᠳᠡᠯᠲᠡᠢ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠢ ᠬᠠᠯᠠᠮᠵᠢᠯᠠᠵᠤ᠂ ᠬᠥᠯᠥᠰᠦᠨ ᠠᠵᠢᠯᠴᠢᠨ ᠤ ᠴᠠᠯᠢᠩ ᠢ ᠥᠭᠭᠦ ᠶᠢ ᠪᠠᠲᠤᠯᠠᠵᠤ᠂ ᠠᠶᠤᠯᠭᠦᠢ ᠦᠢᠯᠡᠳᠪᠦᠷᠢᠯᠡᠯ ᠪᠣᠯᠣᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠴᠢᠩᠭ᠎ᠠ ᠠᠳᠬᠤᠨ ᠪᠣᠳᠠᠲᠠᠢ ᠠᠳᠬᠤᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃            ᠬᠤᠷᠠᠯ ᠠᠴᠠ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠯᠠᠨ ᠵᠢᠯ ᠤᠨ ᠬᠠᠲᠠᠭᠤᠵᠢᠯᠲᠠᠢ ᠴᠢᠷᠮᠠᠶᠢᠯᠭ᠎ᠠ  ᠪᠠᠷ ᠲᠡᠮᠵᠢᠨ ᠪᠦᠳᠦᠮᠵᠢᠳᠡᠢ ᠠᠮᠵᠢᠯᠲᠠ ᠣᠯᠵᠤ᠂ ᠢᠯᠵᠠᠷᠠᠯ ᠢ ᠡᠰᠡᠷᠭᠦᠴᠡᠬᠦ ᠲᠡᠮᠡᠴᠡᠯ ᠳᠡᠶᠢᠯᠦᠩᠭᠦᠢ ᠴᠢᠨᠠᠷᠲᠠᠢ ᠢᠯᠠᠯᠲᠠ ᠣᠯᠣᠭᠰᠠᠨ ᠪᠥᠭᠡᠳ ᠪᠦᠭᠦ ᠲᠠᠯ᠎ᠠ ᠪᠠᠷ ᠪᠠᠬᠢᠵᠢᠪᠡ᠂ ᠭᠡᠪᠡᠴᠦ ᠪᠦᠷᠢᠮᠦᠰᠦᠨ ᠠᠮᠵᠢᠯᠲᠠ ᠣᠯᠬᠤ ᠶᠢ ᠪᠡᠶᠡᠯᠡᠭᠦᠯᠬᠦ ᠴᠠᠭ ᠬᠠᠷᠠᠬᠠᠨ ᠪᠣᠯᠣᠭᠠᠳᠤᠢ ᠪᠠᠶᠢᠨ᠎ᠠ᠃ ᠲᠣᠮᠣ ᠨᠠᠮ ᠳᠤ ᠯᠠ ᠪᠠᠶᠢᠳᠠᠭ ᠬᠦᠴᠢᠷ ᠠᠰᠠᠭᠤᠳᠠᠯ ᠢ ᠰᠢᠢᠳᠪᠦᠷᠢᠯᠡᠬᠦ ᠰᠣᠨᠣᠷ ᠰᠡᠷᠡᠮᠵᠢ ᠪᠠ ᠡᠷᠡᠰ ᠪᠠᠲᠤ ᠪᠠᠶᠢᠬᠤ ᠶᠢ ᠴᠠᠭ ᠢᠮᠠᠭᠲᠠ ᠪᠠᠲᠤᠯᠠᠵᠤ᠂ ᠡᠭᠦᠷᠢᠳᠡ ᠵᠣᠭᠰᠣᠰᠢ ᠦᠭᠡᠢ ᠬᠠᠳᠠᠨ ᠵᠣᠷᠢᠭ ᠢᠶᠠᠨ ᠴᠠᠭ ᠢᠮᠠᠭᠲᠠ ᠪᠠᠷᠢᠮᠲᠠᠯᠠᠵᠤ᠂ ᠨᠠᠮ ᠢ ᠪᠦᠭᠦ ᠲᠠᠯ᠎ᠠ ᠪᠠᠷ ᠡᠷᠡᠰ ᠭᠤᠶᠢᠪᠢᠰᠢ ᠦᠭᠡᠢ ᠴᠢᠩᠭ᠎ᠠ ᠵᠠᠰᠠᠬᠤ ᠤᠯᠤᠰ ᠲᠦᠷᠦ ᠶᠢᠨ ᠪᠠᠲᠤ ᠬᠦᠴᠦᠨ ᠢ ᠴᠢᠨᠠᠭᠰᠢᠳᠠ ᠴᠢᠩᠭᠠᠳᠬᠠᠵᠤ᠂ ᠴᠢᠩᠭ᠎ᠠ ᠪᠠᠶᠢᠬᠤ ᠭᠦᠭ ᠠᠶᠠᠰ᠂ ᠴᠢᠩᠭ᠎ᠠ ᠪᠠᠶᠢᠬᠤ ᠠᠷᠭ᠎ᠠ ᠬᠡᠮᠵᠢᠶ᠎ᠡ᠂ ᠴᠢᠩᠭ᠎ᠠ ᠪᠠᠶᠢᠬᠤ ᠠᠭᠤᠷ ᠠᠮᠢᠰᠬᠤᠯ ᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠠᠭᠤᠤ ᠶᠡᠭᠡ ᠥᠪᠡᠷ ᠪᠡᠶ᠎ᠡ ᠶᠢᠨ ᠬᠤᠪᠢᠰᠬᠠᠯ ᠢ ᠡᠴᠦᠰ ᠲᠤᠨᠢ ᠲᠤᠯᠲᠠᠯ᠎ᠠ ᠬᠢᠬᠦ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨ ᠢᠮᠠᠭᠲᠠ ᠨᠠᠮ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠨᠠᠮ ᠤᠨ ᠳᠦᠷᠢᠮ ᠪᠣᠯᠣᠨ ᠦᠨᠳᠦᠰᠦᠨ ᠬᠠᠤᠯᠢ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠬᠡᠵᠦ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠡᠷᠡᠰ ᠲᠤᠭᠤᠰᠢᠯᠠᠭᠤᠯᠵᠤ᠂ ᠰᠤᠷᠲᠠᠯ ᠢ ᠲᠥᠪ ᠪᠤᠯᠭᠠᠵᠤ ᠰᠠᠬᠢᠯᠭ᠎ᠠ ᠪᠠᠲᠤ ᠶᠢ ᠴᠢᠩᠳᠠᠯᠠᠨ ᠢᠯᠵᠠᠷᠠᠯ ᠢ ᠡᠰᠡᠷᠭᠦᠴᠡᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠨᠠᠮ ᠪᠣᠯᠣᠨ ᠤᠯᠤᠰ ᠤᠨ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠣᠯᠣᠳ ᠴᠡᠷᠢᠭ ᠢ ᠳᠠᠪᠲᠠᠨ ᠪᠤᠯᠪᠠᠰᠤᠷᠠᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠢ ᠠᠬᠢᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠤᠨ ᠡᠭᠦᠷᠭᠡ ᠬᠠᠷᠢᠭᠤᠴᠠᠯᠭ᠎ᠠ ᠶᠢ ᠪᠡᠶᠡᠯᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃            ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠨᠡ ᠬᠦ ᠭᠤᠣᠯ ᠰᠢᠵᠢᠮ ᠢ ᠪᠠᠲᠤ ᠡᠵᠡᠮᠳᠡᠵᠦ᠂ ᠴᠢᠩᠭ᠎ᠠ ᠬᠦᠴᠦᠲᠡᠢ ᠤᠯᠤᠰ ᠲᠦᠷᠦ ᠶᠢᠨ ᠬᠢᠨᠠᠯᠲᠠ ᠲᠠᠯᠪᠢᠬᠤ ᠪᠠᠷ ᠨᠠᠮ ᠤᠨ ᠲᠥᠪ ᠬᠤᠷᠢᠶᠠᠨ ᠤ ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠬᠠᠮᠠᠭᠠᠯᠠᠵᠤ᠂︽ᠲᠤᠯᠤᠭᠠᠨ ᠪᠠᠶᠢᠬᠤ︾ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠬᠦᠴᠦᠯᠡᠨ ᠰᠢᠢᠳᠪᠦᠷᠢᠯᠡᠬᠦ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠬᠠᠰᠢᠯᠭ᠎ᠠ ᠶᠢ ᠤᠷᠲᠤ ᠬᠤᠭᠤᠴᠠᠭ᠎ᠠ ᠬᠤᠪᠢᠷᠠᠰᠢ ᠦᠭᠡᠢ ᠪᠠᠷ ᠪᠠᠬᠢᠵᠢᠭᠦᠯᠵᠦ᠂ ᠵᠢᠷᠭᠠᠨ ᠴᠡᠩᠭᠡᠭᠦ ᠱᠠᠯᠢᠨ ᠪᠦᠷᠢᠯᠭᠡᠬᠦ ᠰᠤᠷᠲᠠᠯ ᠢ ᠴᠤᠬᠤᠶᠢᠬᠰᠠᠨ ᠳᠠᠷᠤᠢ ᠳᠤᠨᠢ ᠴᠣᠬᠢᠯᠲᠠ ᠥᠭᠴᠦ᠂ ᠵᠣᠷᠢᠭᠤᠳᠠ ᠰᠠᠬᠢᠯᠭ᠎ᠠ ᠪᠠᠲᠤ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠲᠠᠭᠢᠨ ᠡᠭᠦᠰᠭᠦ ᠶᠢ ᠰᠡᠷᠭᠡᠶᠢᠯᠡᠵᠦ᠂ ᠲᠡᠯᠳᠡ ᠪᠠᠷ ᠣᠨᠳᠣᠣᠰᠢᠬᠤ ᠶᠢ ᠰᠡᠷᠭᠡᠶᠢᠯᠡᠵᠦ᠂ ᠶᠠᠳᠠᠷᠠᠵᠤ ᠬᠠᠯᠠᠰᠢᠷᠬᠤ ᠶᠢ ᠡᠷᠡᠰ ᠰᠡᠷᠭᠡᠶᠢᠯᠡᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠭᠤᠣᠯᠳᠠᠯᠭ᠎ᠠ ᠲᠠᠢ ᠵᠠᠯᠠᠷᠠᠭᠤᠯᠵᠤ᠂ ᠠᠵᠢᠯ ᠤᠨ ᠳᠤᠮᠳᠠ ᠱᠠᠲᠤ ᠱᠠᠲᠤ ᠪᠠᠷ ᠡᠭᠦᠷᠭᠡ ᠬᠠᠷᠢᠭᠤᠴᠠᠯᠭ᠎ᠠ ᠨᠡᠮᠡᠭᠦ᠂ ᠲᠠᠶᠢᠪᠤᠰᠢᠷᠠᠨ ᠰᠤᠯᠠᠷᠠᠬᠤ᠂ ᠡᠷᠬᠡ ᠪᠠᠨ ᠳᠤᠷ᠎ᠠ ᠪᠠᠷ ᠢᠶᠠᠨ ᠬᠡᠷᠡᠭᠯᠡᠬᠦ᠂ ᠬᠠᠷᠢᠭᠤᠴᠠᠯᠭ᠎ᠠ ᠡᠭᠦᠷᠭᠡᠯᠡᠬᠦ ᠦᠭᠡᠢ ᠠᠵᠢᠯ ᠬᠢᠬᠦ ᠦᠭᠡᠢ ᠵᠡᠷᠭᠡ ᠠᠰᠠᠭᠤᠳᠠᠯ ᠢ ᠨᠢᠭᠲᠠ ᠴᠢᠩᠭ᠎ᠠ ᠠᠩᠬᠠᠷᠴᠤ᠂ ᠰᠢᠨᠵᠢᠯᠡᠬᠦ ᠤᠬᠠᠭᠠᠨᠴᠢ ᠨᠠᠷᠢᠯᠢᠭ ᠣᠨᠣᠴᠠᠲᠠᠢ ᠴᠡᠭᠴᠡᠯᠡᠨ ᠵᠠᠰᠠᠬᠤ ᠬᠡᠷᠡᠭᠲᠡᠢ᠃ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠴᠢᠩᠭ᠎ᠠ ᠪᠠᠶᠢᠬᠤ ᠱᠠᠭᠠᠷᠳᠠᠯᠭ᠎ᠠ ᠶᠢ ᠨᠠᠮ ᠤᠨ ᠲᠣᠭᠲᠠᠭᠠᠯ ᠲᠣᠭᠲᠠᠭᠠᠬᠤ᠂ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠬᠢᠬᠦ᠂ ᠰᠠᠬᠢᠯᠭ᠎ᠠ ᠪᠠᠲᠤ ᠶᠢ ᠬᠡᠷᠡᠭᠵᠢᠭᠦᠯᠵᠦ ᠬᠢᠨᠠᠯᠲᠠ ᠲᠠᠯᠪᠢᠬᠤ ᠪᠦᠭᠦ ᠶᠠᠪᠤᠴᠠ ᠳᠤ ᠲᠤᠭᠤᠰᠢᠯᠠᠭᠤᠯᠵᠤ᠂ ᠲᠡᠮᠦᠷ ᠮᠡᠲᠦ ᠰᠠᠬᠢᠯᠭ᠎ᠠ ᠪᠠᠲᠤ ᠳᠤ ︽ᠰᠢᠳᠤ ᠤᠷᠭᠤᠭᠤᠯᠵᠦ︾᠂ ᠡᠷᠬᠡ ᠰᠦᠷ ᠢ ᠨᠢ ᠪᠠᠳᠠᠷᠠᠭᠤᠯᠬᠤ ᠪᠠᠷ ᠪᠠᠷᠠᠬᠤ ᠦᠭᠡᠢ ᠪᠠᠰᠠ ᠺᠠᠳ᠋ᠷᠴᠤᠳ ᠢ ᠰᠡᠬᠡᠭᠡᠷᠡᠭᠦᠯᠦᠨ ᠵᠤᠬᠰᠤᠬᠤ ᠪᠠᠨ ᠮᠡᠳᠡᠭᠦ ᠪᠤᠯᠭᠠᠬᠤ ᠬᠡᠷᠡᠭᠲᠡᠢ᠃ ᠲᠤᠶᠢᠯᠪᠤᠷᠢᠲᠠᠢ ᠥᠪᠡᠷ ᠪᠡᠶ᠎ᠡ ᠶᠢᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠡᠷᠬᠡ ᠰᠡᠳᠦᠪ ᠢ ᠰᠢᠢᠳᠪᠦᠷᠢᠯᠡᠬᠦ ᠳᠠᠶᠢᠯᠠᠯᠳᠤᠭᠠᠨ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠢ ᠰᠠᠶᠢᠲᠤᠷ ᠬᠢᠵᠦ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠰᠠᠨᠠᠭ᠎ᠠ ᠪᠠᠨ ᠬᠤᠷᠢᠶᠠᠬᠤ ᠦᠭᠡᠢ ᠭᠠᠷ ᠢᠶᠠᠨ ᠲᠠᠲᠠᠬᠤ ᠦᠭᠡᠢ᠂ ᠳᠤᠷ᠎ᠠ ᠵᠣᠷᠢᠭ ᠢᠶᠠᠷ ᠢᠶᠠᠨ ᠠᠭᠠᠰᠢᠯᠡᠭ᠌ᠰᠠᠳ ᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠤᠯᠭᠠᠵᠤ᠂ ᠭᠦᠨᠵᠡᠭᠡᠢ ᠠᠭᠤᠳᠠᠯᠤᠨ ᠨᠠᠷᠢᠯᠢᠭ ᠪᠠᠶᠢᠴᠠᠭᠠᠵᠤ᠂ ᠴᠢᠩᠭ᠎ᠠ ᠵᠠᠯᠬᠠᠭᠠᠨ ᠰᠢᠢᠳᠬᠡᠵᠦ᠂ ᠤᠯᠤᠰ ᠲᠦᠷᠦ ᠶᠢᠨ ᠠᠰᠠᠭᠤᠳᠠᠯ ᠪᠠ ᠠᠵᠤ ᠠᠬᠤᠢ ᠶᠢᠨ ᠠᠰᠠᠭᠤᠳᠠᠯ ᠰᠣᠯᠪᠢᠴᠠᠭᠰᠠᠨ ᠢᠯᠵᠠᠷᠠᠯ ᠤᠨ ᠬᠡᠷᠡᠭ ᠢ ᠭᠤᠣᠯᠳᠠᠯᠭ᠎ᠠ ᠲᠠᠢ ᠪᠠᠶᠢᠴᠠᠭᠠᠨ ᠰᠢᠢᠳᠪᠦᠷᠢᠯᠡᠵᠦ᠂ ᠡᠷᠬᠡ ᠲᠥᠪᠯᠡᠷᠡᠭᠰᠡᠨ᠂ ᠪᠡᠯᠡ ᠮᠥᠩᠭᠦ ᠨᠢᠭᠲᠠᠷᠠᠭᠰᠠᠨ᠂ ᠡᠬᠢ ᠪᠠᠶᠠᠯᠢᠭ ᠲᠥᠪᠯᠡᠷᠡᠭᠰᠡᠨ ᠬᠦᠷᠢᠶᠡᠨ ᠳᠠᠬᠢ ᠢᠯᠵᠠᠷᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠤᠯᠠᠨ ᠲᠦᠮᠡᠨ ᠤ ᠳᠡᠷᠭᠡᠳᠡᠬᠢ ︽ᠢᠯᠠᠭ᠎ᠠ ᠶᠢᠨ ᠢᠯᠵᠠᠷᠠᠯ︾ ᠢ ᠡᠷᠡᠰ ᠵᠠᠯᠬᠠᠭᠠᠨ ᠰᠢᠢᠳᠬᠡᠵᠦ᠂ ᠢᠯᠵᠠᠷᠠᠯ ᠡᠭᠦᠰᠭᠦ ᠬᠥᠷᠥᠰᠥ ᠰᠢᠷᠣᠢ ᠶᠢ ᠴᠢᠨᠠᠭᠰᠢᠳᠠ ᠴᠡᠪᠡᠷᠯᠡᠨ ᠠᠷᠢᠯᠭᠠᠬᠤ ᠬᠡᠷᠡᠭᠲᠡᠢ᠃ ᠨᠠᠮ ᠪᠠ ᠤᠯᠤᠰ ᠤᠨ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠵᠦ᠂ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢᠨ ᠬᠤᠷᠴᠠ ᠰᠡᠯᠡᠮ᠎ᠡ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ︽ᠨᠢᠭᠡᠳᠦᠭᠡᠷ ᠭᠠᠷ︾ ᠪᠠ ᠤᠳᠤᠷᠢᠳᠬᠤ ᠪᠠᠭ ᠲᠤ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠡᠭᠦᠨ ᠠᠴᠠ ᠡᠮᠦᠨ᠎ᠡ᠂ ᠶᠡᠷᠦᠩᠬᠡᠢ ᠱᠦᠵᠢ ᠰᠢ ᠶᠢᠨ ᠫᠢᠩ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠠᠵᠢᠯ ᠤᠨ ᠪᠠᠶᠢᠳᠠᠯ ᠪᠠ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃  ᠬᠤᠷᠠᠯ ᠠᠴᠠ ᠢᠷᠡᠬᠦ ᠵᠢᠯ ᠤᠨ 1 ᠰᠠᠷ᠎ᠠ ᠶᠢᠨ 9  ᠤ ᠡᠳᠦᠷ ᠠᠴᠠ 11  ᠤ ᠡᠳᠦᠷ ᠪᠤᠯᠲᠠᠯ᠎ᠠ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠢ ᠬᠤᠷᠠᠯᠳᠤᠭᠤᠯᠬᠤ ᠶᠢ ᠵᠥᠪᠰᠢᠶᠡᠷᠡᠪᠡ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1