ᠳᠦᠭᠦᠷᠡᠩ ᠬᠠᠯᠠᠭᠤᠨ ᠰᠡᠳᠬᠢᠯᠭᠡ ᠪᠠᠷ ᠪᠤᠭᠤᠲᠤ ᠶᠢ ᠬᠠᠶᠢᠷᠠᠯᠠᠵᠤ ᠠᠵᠢᠯ ᠤᠨ ᠪᠠᠶᠢᠷᠢ ᠳᠠᠭᠠᠨ ᠰᠠᠭᠤᠷᠢᠯᠠᠨ ᠬᠤᠪᠢ ᠨᠡᠮᠡᠷᠢ ᠦᠵᠡᠭᠦᠯᠦᠨ᠎ᠡ ︱ ᠵᠡᠭᠦᠨ ᠦᠷᠲᠡᠭᠡ ᠵᠡᠭᠡᠯᠢ ᠭᠤᠳᠤᠮᠵᠢ ᠠᠵᠢᠯᠯᠠᠭ᠎ᠠ ᠥᠷᠨᠢᠭᠦᠯᠵᠦ ᠪᠤᠢ
ᠨᠡᠶᠢᠲᠡᠯᠡᠭᠰᠡᠨ ᠴᠠᠭ᠄
2022/12/14
     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ ᠰᠤᠷᠤᠯᠴᠠᠨ ᠲᠤᠤᠱᠯᠠᠭᠤᠯᠬᠤ ᠶᠢᠨ ᠲᠥᠯᠥᠭᠡ᠂ ︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ︾ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠵᠤ᠂ ᠬᠠᠷᠢᠶ᠎ᠠ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷᠴᠤᠳ ᠢ ᠵᠣᠷᠢᠭᠵᠢᠭᠤᠯᠤᠨ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ ᠳᠤᠮᠳᠠ ᠡᠷᠡᠯᠬᠡᠭᠯᠡᠨ ᠲᠡᠮᠡᠴᠡᠵᠦ᠂ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠭᠤᠯᠵᠤ᠂ ᠨᠡᠪᠳᠡᠷᠡᠳᠡᠯ᠎ᠠ ᠣᠶᠢᠯᠠᠭᠠᠬᠤ ᠳᠤᠮᠳᠠ ᠰᠢᠨ᠎ᠡ ᠡᠭᠦᠷᠭᠡᠯᠡᠯ᠂ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠵᠦ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ 120 ᠢᠵᠢ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ︾ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢᠨ ᠰᠤᠷᠤᠯᠴᠠᠬᠤ ᠮᠠᠲ᠋ᠧᠷᠢᠶᠠᠯ ᠢ ᠵᠣᠬᠢᠶᠠᠨ ᠲᠠᠷᠬᠠᠭᠠᠪᠠ᠂ ᠡᠭᠦᠨ ᠳᠤ ︽ᠰᠤᠷᠤᠯᠴᠠᠬᠤ ᠮᠠᠲ᠋ᠧᠷᠢᠶᠠᠯ ᠤᠨ ᠡᠮᠬᠢᠳᠬᠡᠯ︾᠂︽ᠮᠡᠳᠡᠯᠭᠡ ᠳᠤ ᠵᠣᠬᠢᠬᠤ ᠳᠠᠭᠠᠨ ᠮᠡᠳᠡᠯᠭᠡ︾᠂︽ᠬᠠᠮᠲᠤ ᠪᠠᠷ ᠠᠵᠢᠯᠯᠠᠵᠤ ᠬᠠᠮᠲᠤ ᠪᠠᠷ ᠴᠢᠷᠮᠠᠶᠢᠬᠤ︾᠂︽ᠰᠤᠷᠤᠯᠴᠠᠬᠤ ᠲᠡᠮᠳᠡᠭᠯᠡᠯ ᠤᠨ ᠳᠡᠪᠲᠡᠷ︾᠂︽ᠬᠠᠷᠢᠯᠴᠠᠬᠤ ᠭᠠᠷ ᠳᠡᠪᠲᠡᠷ︾ᠵᠡᠷᠭᠡ 5 ᠬᠡᠰᠡᠭ ᠠᠭᠤᠯᠭ᠎ᠠ ᠶᠢ ᠪᠠᠭᠲᠠᠭᠠᠵᠤ᠂ ᠨᠢᠭᠡ ᠳᠡᠪᠲᠡᠷ ᠢ ᠭᠠᠷ ᠲᠠᠭᠠᠨ ᠪᠦᠬᠦᠨ ᠢ ᠮᠡᠳᠡᠬᠦ ᠶᠢ ᠦᠨᠡᠨᠬᠦ ᠪᠡᠶᠡᠯᠡᠭᠦᠯᠵᠡᠢ︕
     ᠵᠡᠭᠦᠨ ᠥᠷᠲᠡᠭᠡ ᠵᠡᠭᠡᠯᠢ ᠭᠤᠳᠤᠮᠵᠢ ᠶᠢᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠷᠢᠨ ᠭᠦᠢᠴᠡᠳ ᠣᠨᠣᠪᠴᠢᠲᠠᠶ ᠪᠦᠬᠦ ᠲᠠᠯ᠎ᠠ  ᠪᠠᠷ ᠲᠤᠤᠱᠯᠠᠭᠤᠯᠵᠤ᠂ ᠬᠤᠳᠠ ᠶᠢᠨ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠳᠥᠷᠪᠡᠳᠦᠭᠡᠷ ᠪᠦᠬᠦᠳᠠ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠤᠷᠤᠯᠴᠠᠠ ᠣᠶᠢᠯᠠᠭᠠᠵᠤ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠬᠤ ᠳᠡᠭᠡᠷ᠎ᠡ ᠦᠷᠭᠦᠯᠵᠢᠯᠡᠨ ᠬᠦᠴᠦ ᠣᠷᠣᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠬᠥᠲᠥᠯᠥᠨ ᠵᠢᠯᠤᠭᠤᠳᠴᠤ ᠪᠠᠶᠢᠭᠠᠳ ᠦᠨᠡᠨᠬᠦ ︽ᠭᠠᠪᠰᠢᠭᠠᠶᠢᠯᠠᠬᠤ︾ᠵᠣᠷᠢᠭ ᠰᠠᠨᠠᠭ᠎ᠠ᠂ ︽ᠰᠢᠨ᠎ᠡ ᠶᠢ ᠡᠭᠦᠳᠬᠦ︾ᠡᠷᠴᠢ ᠵᠣᠷᠢᠭ᠂ ︽ᠠᠵᠢᠯᠯᠠᠬᠤ︾ᠰᠤᠷᠲᠠᠯ ᠢᠶᠠᠷ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠡᠯ᠎ᠡ ᠵᠦᠢᠯ ᠤᠨ ᠠᠵᠢᠯ ᠢ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠠᠷᠠᠳ ᠤᠨ ᠠᠮᠢᠳᠤᠷᠠᠯ ᠤᠨ ᠪᠣᠳᠠᠲᠠᠢ ᠶᠠᠪᠤᠳᠠᠯ ᠢ ᠴᠢᠷᠮᠠᠶᠢᠨ ᠰᠠᠶᠢᠲᠤᠷ ᠬᠢᠵᠦ᠂ ᠪᠤᠭᠤᠲᠤ ᠶᠢᠨ ᠬᠥᠭᠵᠢᠯᠲᠡ ᠳᠤ ᠥᠩᠭᠡ ᠭᠡᠷᠡᠯ ᠨᠡᠮᠡᠷᠢᠯᠡᠨ᠎ᠡ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠵᠡᠭᠦᠨ ᠥᠷᠲᠡᠭᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1