︽ᠪᠤᠭᠤᠲᠤ ᠪᠠᠨ ᠬᠠᠶᠢᠷᠠᠯᠠᠵᠤ ᠬᠤᠪᠢ ᠨᠡᠮᠡᠷᠢ ᠦᠵᠡᠭᠦᠯᠦᠨ᠎ᠡ︾ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠬᠠᠮᠲᠤᠷᠠᠨ ᠳ᠋ᠦᠩ ᠾᠧ ᠲᠣᠭᠤᠷᠢᠭ ᠤᠨ ︽ᠨᠢᠭᠡ ᠮᠥᠴᠡ︾ ᠶᠢᠨ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ ᠭᠤᠷᠪᠠᠨ ᠲᠤᠷᠰᠢᠯᠲᠠ ᠳᠤ ᠲᠤᠬᠠᠢ ᠶᠢᠨ ᠭᠠᠵᠠᠷ ᠲᠤᠨᠢ ᠰᠢᠯᠭᠠᠨ ᠠᠪᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2022/12/15
      12 ᠰᠠᠷ᠎ᠠ ᠶᠢᠨ 9 ᠤ ᠡᠳᠦᠷ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠵᠤ ᠳ᠋ᠦᠩ ᠾᠧ ᠲᠣᠭᠤᠷᠢᠭ ᠤᠨ ︽ᠨᠢᠭᠡ ᠮᠥᠴᠡ︾ ᠶᠢᠨ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠬᠦᠷᠢᠶᠡᠨ ᠤ ᠳ᠋ᠦᠩ ᠭᠤᠸᠠᠨ ᠹᠠᠩ ᠨᠡᠶᠢᠭᠡᠮ ᠲᠣᠭᠤᠷᠢᠭ᠂ ᠲᠢᠶᠠᠨ ᠵᠢᠶᠣᠣ ᠨᠡᠶᠢᠭᠡᠮ ᠲᠣᠭᠤᠷᠢᠭ᠂ ᠹᠦ᠋ ᠱᠧᠩ ᠶᠤᠸᠠᠨ ᠨᠡᠶᠢᠭᠡᠮ ᠲᠣᠭᠤᠷᠢᠭ ᠵᠡᠷᠭᠡ ᠭᠤᠷᠪᠠᠨ ᠲᠤᠷᠰᠢᠯᠲᠠ ᠳᠤ ᠲᠤᠬᠠᠢ ᠶᠢᠨ ᠭᠠᠵᠠᠷ ᠲᠤᠨᠢ ᠰᠢᠯᠭᠠᠨ ᠠᠪᠴᠤ ᠦᠨᠡᠯᠡᠨ ᠵᠢᠱᠢᠬᠦ ᠠᠵᠢᠯ ᠥᠷᠨᠢᠭᠦᠯᠪᠡ᠃ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠲᠠᠰᠤᠭ ᠤᠨ ᠬᠠᠷᠢᠭᠤᠴᠠᠯᠭᠠᠲᠠᠨ ᠮᠠ ᠶᠢᠨ ᠪᠠᠷ᠎ᠠ ᠪᠣᠯᠵᠤ ᠰᠢᠯᠭᠠᠨ ᠠᠪᠬᠤ᠃
     ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠢᠨ ᠳ᠋ᠦᠩ ᠭᠤᠸᠠᠨ ᠹᠠᠩ ᠨᠡᠶᠢᠭᠡᠮ ᠲᠣᠭᠤᠷᠢᠭ᠂ ᠲᠢᠶᠠᠨ ᠵᠢᠶᠣᠣ ᠨᠡᠶᠢᠭᠡᠮ ᠲᠣᠭᠤᠷᠢᠭ᠂ ᠹᠦ᠋ ᠱᠧᠩ ᠶᠤᠸᠠᠨ ᠨᠡᠶᠢᠭᠡᠮ ᠲᠣᠭᠤᠷᠢᠭ ᠤᠨ ᠬᠤᠳᠠᠯᠳᠤᠭᠠᠨ ᠤ ᠬᠥᠭᠵᠢᠯᠲᠡ᠂ ᠰᠠᠭᠤᠷᠢ ᠲᠥᠬᠦᠭᠡᠷᠦᠮᠵᠢ ᠶᠢᠨ ᠶᠡᠷᠦᠩᠬᠡᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠲᠣᠰ ᠲᠣᠰ ᠰᠣᠨᠣᠰᠴᠤ᠂ ᠨᠡᠶᠢᠭᠡᠮ ᠲᠣᠭᠤᠷᠢᠭ ᠤᠨ ᠡᠵᠡᠩᠨᠡᠯᠲᠡ ᠬᠠᠮᠢᠶᠠᠷᠤᠯᠲᠠ ᠶᠢᠨ ᠵᠠᠭᠪᠤᠷ᠂ ᠨᠡᠶᠢᠭᠡᠮ ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠰᠢᠯᠭᠠᠨ ᠠᠪᠬᠤ ᠪᠠ ᠦᠨᠡᠯᠡᠨ ᠵᠢᠱᠢᠬᠦ ᠡᠬᠡ ᠲᠠᠩᠰᠠ ᠶᠢᠨ ᠬᠠᠮᠢᠶ᠎ᠠ ᠪᠦᠬᠦᠢ ᠮᠠᠲ᠋ᠧᠷᠢᠶᠠᠯ ᠢ ᠨᠠᠷᠢᠨ ᠨᠢᠮᠪᠠᠢ ᠪᠠᠶᠢᠴᠠᠭᠠᠨ ᠦᠵᠡᠭᠰᠡᠨ ᠪᠥᠭᠡᠳ ᠵᠢᠯᠤᠭᠤᠳᠬᠤ ᠰᠠᠨᠠᠯ ᠳᠤᠷᠠᠳᠴᠤ᠂ ᠨᠡᠶᠢᠭᠡᠮ ᠲᠣᠭᠤᠷᠢᠭ ᠤᠨ ᠡᠷᠬᠢᠨ ᠲᠣᠭᠤᠷᠢᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠣᠣᠷ ᠴᠡᠭ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ᠲᠤᠰᠬᠠᠢ ᠮᠡᠷᠭᠡᠵᠢᠯᠲᠡᠨ ᠤ ᠳᠤᠭᠤᠶᠢᠯᠠᠩ ᠠᠴᠠ ᠳ᠋ᠦᠩ ᠾᠧ ᠲᠣᠭᠤᠷᠢᠭ ᠤᠨ ᠠᠷᠠᠳ ᠲᠤ ᠲᠦᠬᠦᠮ ᠦᠵᠡᠭᠦᠯᠬᠦ ᠠᠮᠢᠳᠤᠷᠠᠯ ᠤᠨ ᠬᠦᠷᠢᠶ᠎ᠡ ᠶᠢ ᠥᠨᠳᠥᠷ ᠪᠠᠷᠢᠮᠵᠢᠶ᠎ᠠ ᠪᠠᠷ ᠠᠬᠢᠭᠤᠯᠬᠤ ᠠᠵᠢᠯ ᠢ ᠨᠤᠲᠠᠯᠠᠪᠠ᠃
     ᠲᠠᠷᠠᠭᠠᠴᠢ ᠶᠢᠨ ᠠᠯᠬᠤᠮ ᠳᠤ᠂ ᠳ᠋ᠦᠩ ᠾᠧ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠲᠡᠷᠢᠭᠦᠨ ᠤ ᠬᠤᠳᠠ᠂ ᠲᠣᠭᠤᠷᠢᠭ ᠤᠨ ᠲᠤᠷᠰᠢᠯᠭ᠎ᠠ ᠪᠠ ᠠᠷᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠣᠯᠢᠳᠠᠵᠤ᠂ ᠳ᠋ᠦᠩ ᠾᠧ ᠲᠣᠭᠤᠷᠢᠭ ᠤᠨ ᠣᠨᠴᠠᠯᠢᠭ ᠲᠠᠢ ︽ᠨᠢᠭᠡ ᠮᠥᠴᠡ︾ ᠶᠢᠨ ᠠᠷᠠᠳ ᠲᠤ ᠲᠦᠬᠦᠮ ᠦᠵᠡᠭᠦᠯᠬᠦ ᠠᠮᠢᠳᠤᠷᠠᠯ ᠤᠨ ᠬᠦᠷᠢᠶ᠎ᠡ ᠶᠢ ᠴᠢᠷᠮᠠᠶᠢᠨ ᠪᠠᠶᠢᠭᠤᠯᠵᠤ᠂ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠰᠢᠰᠲ᠋ᠥᠮ ᠢ ᠴᠢᠨᠠᠭᠰᠢᠳᠠ ᠲᠦᠷᠭᠡᠳᠬᠡᠨ ᠲᠡᠭᠦᠯᠳᠡᠷᠵᠢᠭᠦᠯᠵᠦ᠂ ᠰᠣᠶᠣᠯ ᠤᠨ ᠬᠤᠳᠠᠯᠳᠤᠭ᠎ᠠ᠂ ᠰᠡᠯᠡᠭᠦᠴᠡᠯ ᠤᠨ ᠬᠤᠳᠠᠯᠳᠤᠭ᠎ᠠ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠶᠢ ᠢᠳᠡᠪᠬᠢᠲᠡᠢ ᠣᠷᠣᠭᠤᠯᠤᠨ ᠠᠪᠴᠢᠷᠠᠵᠤ᠂ ᠠᠷᠠᠳ ᠤᠯᠠᠨ ᠤ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠴᠢᠷᠮᠠᠶᠢᠨ ᠳᠡᠭᠡᠭᠰᠢᠯᠡᠭᠦᠯᠦᠨ᠎ᠡ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1