ᠰᠢ ᠨᠣᠣ ᠪᠦᠦ ᠵᠡᠭᠡᠯᠢ ᠭᠤᠳᠤᠮᠵᠢ ᠳᠤ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠵᠡᠪᠰᠡᠭ ᠮᠥᠷᠥᠶᠢᠴᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/12/15
     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢᠨ ᠲᠥᠯᠥᠭᠡ᠂ ︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ︾ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠠᠵᠢᠯ ᠬᠢᠵᠦ ᠦᠢᠯᠡᠰ ᠴᠣᠭᠴᠠᠯᠠᠬᠤ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠢ ᠪᠠᠲᠤᠳᠬᠠᠬᠤ ᠶᠢᠨ ᠲᠥᠯᠥᠭᠡ᠃2022 ᠣᠨ ᠤ 12 ᠰᠠᠷ᠎ᠠ ᠶᠢᠨ 11  ᠤ ᠦᠳᠡ ᠶᠢᠨ ᠡᠮᠦᠨ᠎ᠡ᠂ ᠰᠢ ᠨᠣᠣ ᠪᠦᠦ ᠵᠡᠭᠡᠯᠢ ᠭᠤᠳᠤᠮᠵᠢ ᠶᠢᠨ ᠬᠢᠨ ᠬᠡᠷᠡᠭ ᠡᠷᠬᠢᠯᠡᠬᠦ ᠭᠠᠵᠠᠷ ᠤᠨ ᠬᠤᠶᠠᠳᠤᠭᠠᠷ ᠳᠠᠪᠬᠤᠷᠯᠢᠭ ᠤᠨ ᠬᠤᠷᠠᠯ ᠤᠨ ᠭᠡᠷ ᠲᠤ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠵᠡᠪᠰᠡᠭ ᠮᠥᠷᠥᠶᠢᠴᠡᠬᠦ ᠠᠵᠢᠯᠯᠠᠭ᠎ᠠ ᠥᠷᠨᠢᠭᠦᠯᠵᠡᠢ᠃ᠲᠤᠰ ᠤᠳᠠᠭ᠎ᠠ ᠶᠢᠨ ᠠᠵᠢᠯᠯᠠᠭ᠎ᠠ ᠶᠢ ᠰᠢ ᠨᠣᠣ ᠪᠦᠦ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ ᠯᠢᠦ ᠮᠧᠢ ᠹᠥ᠋ᠩ ᠡᠷᠬᠢᠯᠡᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ ᠤᠨ ᠺᠠᠳ᠋ᠷ᠂ ᠡᠯ᠎ᠡ ᠨᠡᠶᠢᠭᠡᠮ ᠲᠣᠭᠤᠷᠢᠭ ᠤᠨ ᠱᠦᠵᠢ᠂ ᠳᠡᠳ᠋ ᠱᠦᠵᠢ ᠲᠤᠰ ᠤᠳᠠᠭ᠎ᠠ ᠶᠢᠨ ᠠᠵᠢᠯᠯᠠᠭ᠎ᠠ ᠳᠤ ᠣᠷᠣᠯᠴᠠᠪᠠ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠶ᠂ ᠡᠯ᠎ᠡ ᠨᠡᠶᠢᠭᠡᠮ ᠲᠣᠭᠤᠷᠢᠭ ᠤᠨ ᠱᠦᠵᠢ ᠲᠤᠰ ᠨᠡᠶᠢᠭᠡᠮ ᠲᠣᠭᠤᠷᠢᠭ ᠤᠨ ᠪᠣᠳᠠᠲᠤ ᠪᠠᠶᠢᠳᠠᠯ  ᠲᠠᠢ ᠪᠠᠨ ᠤᠶᠠᠯᠳᠤᠭᠤᠯᠤᠨ᠂ ︽ᠬᠦᠴᠦᠨ ᠢᠶᠠᠨ ᠬᠠᠮᠲᠤᠳᠬᠠᠬᠤ᠂ ᠡᠶ᠎ᠡ ᠵᠣᠬᠢᠴᠠᠩᠭᠤᠢ᠂ ᠪᠣᠬᠢᠷᠳᠤᠯ ᠦᠭᠡᠢ᠂ ᠤᠶᠤᠨ ᠤᠬᠠᠭᠠᠨ︾ ᠢᠶᠠᠷ ᠭᠤᠣᠯ ᠰᠡᠳᠦᠪ ᠪᠣᠯᠭᠠᠵᠤ᠂ ᠵᠢᠯ ᠰᠢᠬᠠᠮ ᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠪᠣᠳᠠᠲᠤ ᠠᠮᠵᠢᠯᠲᠠ ᠶᠢ ︽ᠲᠠᠶᠢᠰᠠᠨ ᠳᠤ ᠭᠠᠷᠴᠤ ᠶᠠᠷᠢᠶ᠎ᠠ ᠢᠯᠡᠳᠬᠡᠯ ᠬᠢᠬᠦ + ᠦᠵᠡᠭᠦᠯᠦᠯᠭᠡ PPT+ ᠲᠤᠬᠠᠢ ᠶᠢᠨ ᠲᠠᠯᠠᠪᠠᠢ ᠳᠤ ᠦᠨᠡᠯᠡᠯᠲᠡ ᠬᠢᠵᠦ ᠬᠤᠪᠢ ᠥᠭᠬᠦ︾ᠬᠡᠯᠪᠡᠷᠢ ᠪᠠᠷ ᠲᠠᠶᠢᠰᠠᠨ ᠳᠤ ᠳᠠᠷᠠᠭᠠᠯᠠᠨ ᠳᠡᠯᠭᠡᠨ ᠦᠵᠡᠭᠦᠯᠵᠦ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠠᠵᠢᠯ ᠬᠢᠵᠦ ᠦᠢᠯᠡᠰ ᠪᠣᠰᠬᠠᠬᠤ ᠡᠷᠡᠰ ᠵᠣᠷᠢᠭ᠂ ᠢᠲᠡᠭᠡᠯ ᠵᠣᠷᠢᠭ ᠪᠣᠯᠣᠨ ᠬᠠᠲᠠᠭᠤ ᠵᠣᠷᠢᠭ ᠢ ᠭᠦᠢᠴᠡᠳ ᠢᠯᠡᠷᠡᠭᠦᠯᠵᠦ᠂ ᠬᠦᠷ ᠬᠥᠭᠵᠢᠶᠡᠨ ᠲᠠᠢ ᠥᠷᠢᠰᠦᠯᠳᠦᠨ ᠭᠦᠢᠴᠡᠵᠦ ᠳᠠᠪᠠᠵᠤ ᠭᠠᠷᠬᠤ ᠬᠦᠷ ᠬᠥᠭᠵᠢᠶᠡᠨ ᠲᠠᠢ ᠪᠠᠶᠢᠳᠠᠯ ᠢ ᠢᠯᠡᠷᠡᠭᠦᠯᠪᠡ᠃ᠠᠵᠢᠯᠯᠠᠭ᠎ᠠ ᠶᠢᠨ ᠡᠴᠦᠰ ᠲᠤ᠂ ᠰᠢ ᠨᠣᠣ ᠪᠦᠦ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ ᠯᠢᠦ ᠮᠧᠢ ᠹᠥ᠋ᠩ ᠨᠢᠭᠡᠳ ᠨᠢᠭᠡ ᠪᠠᠷ ᠦᠨᠡᠯᠡᠨ ᠳ᠋ᠦᠩᠨᠡᠪᠡ᠃      ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ︽ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠬᠤ ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ︾ ᠵᠣᠷᠢᠯᠭ᠎ᠠ ᠳᠤ ᠬᠦᠷᠴᠦ᠂ ︽ᠠᠳᠠᠯᠢᠳᠬᠠᠬᠤ ᠰᠤᠷᠤᠯᠴᠠᠬᠤ ᠬᠥᠭᠡᠭᠡᠵᠦ ᠭᠦᠶᠴᠡᠬᠦ ᠳᠠᠪᠠᠵᠤ ᠭᠠᠷᠬᠤ︾ ᠭᠦᠨ ᠵᠤᠵᠠᠭᠠᠨ ᠰᠤᠷᠤᠯᠴᠠᠬᠤ ᠠᠭᠤᠷ ᠠᠮᠢᠰᠬᠤᠯ ᠢ ᠪᠣᠶ ᠪᠣᠯᠭᠠᠵᠤ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠳᠠᠶᠢᠴᠢᠯᠠᠨ ᠳᠡᠭᠡᠭᠰᠢᠯᠡᠭᠦᠯᠵᠦ᠂ ᠵᠡᠭᠡᠯᠢ ᠭᠤᠳᠤᠮᠵᠢ ᠶᠢᠨ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠬᠦᠴᠦᠨ᠂ ᠨᠢᠭᠲᠠᠷᠠᠯ ᠤᠨ ᠬᠦᠴᠦᠨ᠂ ᠲᠥᠪᠯᠡᠩᠭᠦᠶ ᠬᠦᠴᠦᠨ ᠢ ᠬᠥᠭᠵᠢᠭᠡᠪᠡ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠰᠢ ᠨᠣᠣ ᠪᠦᠦ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1