ᠳ᠋ᠦᠩ ᠾᠧ ᠲᠣᠭᠤᠷᠢᠭ ᠤᠨ 2023 ᠣᠨ ᠳᠤ ᠬᠡᠷᠡᠭᠵᠢᠭᠦᠯᠦᠭᠰᠡᠨ ᠵᠣᠯᠭᠠᠭᠤᠯᠬᠤ ᠪᠡᠯᠡ ᠮᠥᠩᠭᠦ ᠶᠢᠨ ᠲᠥᠷᠥᠯ ᠵᠦᠢᠯ ᠢ  ᠬᠥᠮᠥᠷᠭᠡ ᠳᠤ ᠣᠷᠣᠭᠤᠯᠵᠤ ᠵᠠᠷᠯᠠᠨ ᠨᠡᠶᠢᠲᠡᠯᠡᠪᠡ
ᠨᠡᠶᠢᠲᠡᠯᠡᠭᠰᠡᠨ ᠴᠠᠭ᠄
2022/12/16
     ︽ᠲᠥᠪ ᠤᠨ ᠡᠳ᠋ ᠤᠨ ᠵᠠᠰᠠᠭ ᠢ ᠵᠣᠯᠭᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠦᠷᠢ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠶᠣᠰᠣᠭᠠᠷ᠂ ᠵᠠᠰᠠᠭ ᠤᠨ ᠶᠠᠪᠤᠳᠠᠯ ᠢ ᠵᠣᠯᠭᠠᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠦᠷᠢ ᠶᠢᠨ ᠪᠡᠯᠡ ᠮᠥᠩᠭᠦ ᠶᠢ ᠵᠢᠷᠤᠮᠵᠢᠭᠤᠯᠤᠨ ᠬᠡᠷᠡᠭᠯᠡᠬᠦ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠨᠠᠮ ᠤᠨ ᠬᠤᠷᠢᠶ᠎ᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠠᠴᠠ ᠰᠤᠳᠤᠯᠵᠤ ᠲᠣᠭᠲᠠᠭᠠᠭᠠᠳ᠂ ᠡᠳᠦᠭᠡ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ 2023 ᠣᠨ ᠤ ᠵᠣᠯᠭᠠᠭᠤᠯᠬᠤ ᠪᠡᠯᠡ ᠮᠥᠩᠭᠦ ᠶᠢ ᠭᠤᠶᠤᠴᠢᠯᠠᠨ ᠮᠡᠳᠡᠭᠦᠯᠵᠦ ᠶᠠᠳᠠᠭᠤ  ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠤᠨ ᠬᠥᠮᠥᠷᠭᠡ ᠳᠤ ᠣᠷᠣᠭᠤᠯᠬᠤ ᠲᠤᠬᠠᠢ ᠠᠯᠪᠠᠨ ᠵᠠᠷ ᠢ ᠵᠠᠷᠯᠠᠨ ᠨᠡᠶᠢᠲᠡᠯᠡᠬᠦ ᠪᠠᠷ ᠲᠣᠭᠲᠠᠪᠠ᠃ᠵᠠᠷᠯᠠᠨ ᠨᠡᠶᠢᠲᠡᠯᠡᠬᠦ ᠬᠤᠭᠤᠴᠠᠭ᠎ᠠ ᠨᠢ 10 ᠡᠳᠦᠷ ᠪᠣᠯᠣᠨ᠎ᠠ᠂ ᠬᠡᠷᠪᠡ ᠳᠣᠣᠷᠠᠬᠢ ᠨᠢᠭᠡᠴᠡ ᠪᠠ ᠲᠥᠷᠥᠯ ᠵᠦᠢᠯ ᠳᠤ ᠣᠨᠳᠣᠣ ᠰᠠᠨᠠᠯ ᠲᠠᠢ ᠪᠠᠶᠢᠪᠠᠯ᠂ ᠵᠠᠷᠯᠠᠨ ᠨᠡᠶᠢᠲᠡᠯᠡᠬᠦ ᠬᠤᠭᠤᠴᠠᠭᠠᠨ ᠳᠤ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠨᠠᠮ ᠤᠨ ᠬᠤᠷᠢᠶ᠎ᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠪᠢᠴᠢᠭ ᠢᠶᠠᠷ ᠢᠯᠡᠴᠢᠯᠡᠨ ᠮᠡᠳᠡᠭᠦᠯᠬᠦ ᠮᠠᠲ᠋ᠧᠷᠢᠶᠠᠯ ᠪᠤᠶᠤ ᠤᠲᠠᠰᠤ ᠪᠠᠷ ᠢᠯᠡᠴᠢᠯᠡᠨ ᠮᠡᠳᠡᠭᠦᠯᠬᠦ ᠶᠢ ᠳᠤᠷᠠᠳᠬᠤ ᠬᠡᠷᠡᠭᠲᠡᠢ᠃      ᠲᠥᠷᠥᠯ ᠵᠦᠢᠯ ᠤᠨ ᠨᠡᠷᠡᠶᠢᠳᠦᠯ᠄      1. ᠳ᠋ᠦᠩ ᠾᠧ ᠲᠣᠭᠤᠷᠢᠭ ᠤᠨ 2023 ᠣᠨ ᠤ ︽ᠵᠣᠷᠯᠣᠩ ᠤᠨ ᠬᠤᠪᠢᠰᠬᠠᠯ︾ ᠤᠨ ᠢᠨᠵᠧᠨᠧᠷᠢᠩ      2. ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠰᠢᠷᠴᠢᠨ ᠪᠠᠯᠭᠠᠰᠤ ᠶᠢᠨ ᠱᠢ ᠳ᠋ᠡ ᠬᠥ᠋ ᠲᠣᠰᠬᠤᠨ ᠤ ᠠᠷᠠᠳ ᠤᠨ ᠵᠠᠩ ᠦᠶᠯᠡ ᠠᠷᠠᠳ ᠤᠨ ᠣᠷᠣᠨ ᠰᠠᠭᠤᠴᠠ ᠶᠢᠨ ᠢᠨᠵᠧᠨᠧᠷᠢᠩ ᠤᠨ ᠲᠥᠷᠥᠯ ᠵᠦᠢᠯ      3. ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠰᠢᠷᠴᠢᠨ ᠪᠠᠯᠭᠠᠰᠤ ᠶᠢᠨ ᠰᠢᠷᠴᠢᠨ ᠭᠤᠷᠪᠠᠳᠤᠭᠠᠷ ᠲᠣᠰᠬᠤᠨ᠂ ᠶᠦᠩ ᠹᠦ᠋ ᠲᠣᠰᠬᠤᠨ ᠤ 2023 ᠣᠨ ᠤ ᠬᠥᠳᠡᠭᠡ ᠲᠣᠰᠬᠤᠨ ᠤ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ      ᠨᠢᠭᠡᠴᠡ ᠶᠢᠨ ᠨᠡᠷᠡᠶᠢᠳᠦᠯ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠨᠠᠮ ᠤᠨ ᠬᠤᠷᠢᠶ᠎ᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ      ᠵᠠᠷᠯᠠᠨ ᠨᠡᠶᠢᠲᠡᠯᠡᠭᠰᠡᠨ ᠴᠠᠭ᠄ 2022 ᠣᠨ ᠤ 11 ᠰᠠᠷ᠎ᠠ ᠶᠢᠨ 23 ᠤ ᠡᠳᠦᠷ ︱ 12 ᠰᠠᠷ᠎ᠠ ᠶᠢᠨ 3 ᠤ ᠡᠳᠦᠷ      ᠬᠠᠷᠢᠯᠴᠠᠬᠤ ᠬᠥᠮᠥᠨ᠄ ᠪᠦᠦ ᠱᠤᠸᠠᠩ ᠰᠢ      ᠬᠠᠷᠢᠯᠴᠠᠬᠤ ᠤᠲᠠᠰᠤ᠄ 0472 ︱ 4388696      ᠢᠯᠡᠴᠢᠯᠡᠨ ᠮᠡᠳᠡᠭᠦᠯᠬᠦ ᠳᠤ ᠬᠢᠨᠠᠯᠲᠠ ᠲᠠᠯᠪᠢᠬᠤ ᠤᠲᠠᠰᠤ᠄ 12317      ᠢᠮᠧᠯ᠄ dhqfpb@126.com      ᠳᠠᠭᠠᠯᠳᠤᠭᠤᠯᠤᠯ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ 2023 ᠣᠨ ᠳᠤ ᠨᠢᠭᠡᠨᠲᠡ ᠬᠥᠮᠥᠷᠭᠡ ᠳᠤ ᠣᠷᠣᠭᠤᠯᠤᠭᠰᠠᠨ ᠲᠥᠷᠥᠯ ᠵᠦᠢᠯ ᠤᠨ ᠨᠠᠷᠢᠨ ᠲᠠᠩᠰᠠ᠃ zip
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1