ᠳ᠋ᠦᠩ ᠾᠧ ᠲᠣᠭᠤᠷᠢᠭ ᠤᠨ 2022 ᠣᠨ ᠤ ᠡᠳ᠋ ᠤᠨ ᠵᠠᠰᠠᠭ ᠢ ᠵᠣᠯᠭᠠᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠦᠷᠢ ᠪᠡᠯᠡ ᠮᠥᠩᠭᠦ ᠶᠢᠨ ᠲᠥᠷᠥᠯ ᠵᠦᠢᠯ ᠤᠨ ᠲᠥᠯᠥᠪᠯᠡᠭᠡ ᠶᠢ ᠪᠡᠶᠡᠯᠡᠭᠦᠯᠦᠭᠰᠡᠨ ᠪᠠᠶᠢᠳᠠᠯ ᠢ ᠵᠠᠷᠯᠠᠨ ᠨᠡᠶᠢᠲᠡᠯᠡᠬᠦ ᠠᠯᠪᠠᠨ ᠵᠠᠷ
ᠨᠡᠶᠢᠲᠡᠯᠡᠭᠰᠡᠨ ᠴᠠᠭ᠄
2022/12/16
     ᠵᠢᠯ ᠤᠨ ᠡᠬᠢᠨ ᠤ ᠡᠳ᠋ ᠤᠨ ᠵᠠᠰᠠᠭ ᠢ ᠵᠣᠯᠭᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠦᠷᠢ ᠪᠡᠯᠡ ᠮᠥᠩᠭᠦ ᠶᠢᠨ ᠲᠥᠷᠥᠯ ᠵᠦᠢᠯ ᠤᠨ ᠲᠣᠬᠢᠷᠠᠭᠤᠯᠤᠯᠲᠠ ᠪᠠ ᠳᠡᠭᠡᠳᠦ ᠱᠠᠲᠤᠨ ᠤ ᠪᠡᠯᠡ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠶᠢᠨ ᠲᠥᠰᠥᠪ ᠤᠨ ᠪᠠᠶᠢᠳᠠᠯ ᠢ ᠦᠨᠳᠦᠰᠦᠯᠡᠨ᠂ ᠮᠠᠨ ᠤ ᠣᠷᠣᠨ ᠤ 2022 ᠣᠨ ᠤ ᠡᠳ᠋ ᠤᠨ ᠵᠠᠰᠠᠭ ᠢ ᠵᠣᠯᠭᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠦᠷᠢ ᠪᠡᠯᠡ ᠮᠥᠩᠭᠦ ᠶᠢᠨ ᠲᠥᠷᠥᠯ ᠵᠦᠢᠯ ᠤᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠳᠣᠣᠷᠠᠬᠢ ᠮᠡᠲᠦ      ᠨᠢᠭᠡ᠂ ᠲᠥᠷᠥᠯ ᠵᠦᠢᠯ ᠤᠨ ᠪᠠᠶᠢᠳᠠᠯ      ᠠᠵᠤ ᠦᠢᠯᠡᠰ ᠪᠠ ᠰᠠᠭᠤᠷᠢ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠭᠠᠷᠳᠠᠬᠤ ᠶᠢᠨ ᠲᠣᠭᠤᠷᠢᠨ ᠳᠤ᠂ 2022 ᠣᠨ ᠳᠤ ᠡᠳ᠋ ᠤᠨ ᠵᠠᠰᠠᠭ ᠢ ᠵᠣᠯᠭᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠯᠬᠢᠨ ᠠᠬᠢᠭᠤᠯᠬᠤ ᠨᠥᠬᠦᠪᠦᠷᠢ ᠪᠡᠯᠡ ᠮᠥᠩᠭᠦ ᠶᠢᠨ 8 ᠲᠥᠷᠥᠯ ᠵᠦᠢᠯ ᠢ ᠬᠡᠷᠡᠭᠵᠢᠭᠦᠯᠵᠦ᠂ ᠡᠭᠦᠨ ᠳᠤ ᠠᠵᠤ ᠦᠢᠯᠡᠰ ᠢᠶᠠᠷ ᠲᠡᠳᠬᠦᠬᠦ ᠲᠥᠷᠥᠯ ᠵᠦᠢᠯ 3᠂ ᠰᠠᠭᠤᠷᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ 4᠂ ᠲᠥᠷᠥᠯ ᠵᠦᠢᠯ ᠤᠨ ᠬᠠᠮᠢᠶᠠᠷᠤᠯᠲᠠ ᠶᠢᠨ ᠵᠠᠷᠤᠳᠠᠯ ᠤᠨ ᠲᠥᠷᠥᠯ ᠵᠦᠢᠯ 1 ᠪᠣᠶ᠃      ᠬᠤᠶᠠᠷ᠂ ᠪᠣᠳᠠᠲᠠᠶᠢᠵᠢᠭᠤᠯᠤᠭᠰᠠᠨ ᠪᠡᠯᠡ ᠮᠥᠩᠭᠦ      ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 2103.15 ᠲᠦᠮᠡᠨ ᠲᠥᠭᠦᠷᠢᠭ ᠪᠣᠯᠣᠨ᠎ᠠ᠃ᠡᠭᠦᠨ ᠳᠤ᠂ ᠲᠥᠪ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠡᠳ᠋ ᠤᠨ ᠵᠠᠰᠠᠭ ᠤᠨ ᠪᠡᠯᠡ ᠮᠥᠩᠭᠦ 677 ᠲᠦᠮᠡᠨ ᠲᠥᠭᠦᠷᠢᠭ᠂ ᠥᠪᠡᠰᠦᠪᠡᠨ ᠴᠤᠭᠯᠠᠭᠤᠯᠤᠭᠰᠠᠨ ᠪᠡᠯᠡ ᠮᠥᠩᠭᠦ 1426.15 ᠲᠦᠮᠡᠨ ᠲᠥᠭᠦᠷᠢᠭ ᠪᠣᠯᠣᠨ᠎ᠠ᠃ᠠᠵᠤ ᠦᠢᠯᠡᠰ ᠤᠨ ᠲᠥᠷᠥᠯ ᠵᠦᠢᠯ 3᠂ ᠡᠳ᠋ ᠤᠨ ᠵᠠᠰᠠᠭ ᠤᠨ ᠪᠡᠯᠡ ᠮᠥᠩᠭᠦ 239 ᠲᠦᠮᠡ ᠪᠠᠶᠢᠨ᠎ᠠ᠃ᠰᠠᠭᠤᠷᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ 4 ᠪᠠᠶᠢᠵᠤ᠂ ᠡᠳ᠋ ᠤᠨ ᠵᠠᠰᠠᠭ ᠤᠨ ᠪᠡᠯᠡ ᠮᠥᠩᠭᠦ 418 ᠲᠦᠮᠡᠨ ᠲᠥᠭᠦᠷᠢᠭ ᠲᠤ ᠬᠥᠷᠪᠡ᠃ᠲᠥᠷᠥᠯ ᠵᠦᠢᠯ ᠤᠨ ᠬᠠᠮᠢᠶᠠᠷᠤᠯᠲᠠ ᠶᠢᠨ ᠵᠠᠷᠤᠳᠠᠯ 1᠂ ᠡᠳ᠋ ᠤᠨ ᠵᠠᠰᠠᠭ ᠤᠨ ᠪᠡᠯᠡ ᠮᠥᠩᠭᠦ 10 ᠲᠦᠮᠡ ᠪᠠᠶᠢᠨ᠎ᠠ᠃1.      ᠨᠢᠭᠡ᠂ ᠲᠥᠷᠥᠯ ᠵᠦᠢᠯ ᠤᠨ ᠨᠡᠷᠡᠶᠢᠳᠦᠯ᠄ ᠶᠠᠳᠠᠭᠤ  ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠠᠵᠢᠯ ᠤᠨ ᠵᠠᠷᠤᠳᠠᠯ ᠤᠨ ᠲᠥᠷᠥᠯ ᠵᠦᠢᠯ ᠬᠤᠶᠠᠷ᠂ ᠪᠦᠲᠦᠭᠡᠨ ᠪᠠᠶᠢᠭᠤᠯᠬᠤ ᠠᠭᠤᠯᠭ᠎ᠠ᠄ ᠮᠠᠨ ᠤ ᠣᠷᠣᠨ ᠤ 2022 ᠣᠨ ᠳᠤ ᠲᠣᠭᠲᠠᠮᠠᠯ ᠬᠤᠭᠤᠴᠠᠭ᠎ᠠ ᠲᠠᠢ ᠪᠠᠷ ᠳᠠᠬᠢᠨ ᠶᠠᠳᠠᠭᠤᠷᠠᠬᠤ  ᠠᠴᠠ ᠰᠡᠷᠭᠡᠶᠢᠯᠡᠬᠦ ᠶᠢ ᠬᠢᠨᠠᠨ ᠬᠡᠮᠵᠢᠬᠦ ᠪᠠ ᠶᠠᠳᠠᠭᠤ  ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠲᠦᠭᠡᠨ ᠪᠠᠶᠢᠭᠤᠯᠤᠯᠲᠠ ᠶᠢᠨ ᠪᠤᠰᠤᠳ ᠠᠵᠢᠯ ᠢ ᠥᠷᠨᠢᠭᠦᠯᠬᠦ ᠶᠢ ᠪᠠᠲᠤᠯᠠᠨ᠎ᠠ᠃      ᠭᠤᠷᠪᠠ᠂ ᠪᠡᠯᠡ ᠮᠥᠩᠭᠦ ᠵᠢᠴᠢ ᠢᠷᠡᠯᠲᠡ᠄ ᠬᠤᠲᠠ ᠶᠢᠨ ᠲᠣᠰ ᠱᠠᠲᠤᠨ ᠤ ᠡᠳ᠋ ᠤᠨ ᠵᠠᠰᠠᠭ  ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠳᠤ 10 ᠲᠦᠮᠡᠨ ᠲᠥᠭᠦᠷᠢᠭ ᠤᠨ ᠨᠥᠬᠦᠪᠦᠷᠢ ᠮᠥᠩᠭᠦ ᠥᠭᠭᠦᠨ᠎ᠡ᠃      ᠳᠥᠷᠪᠡ᠂ ᠪᠦᠲᠦᠭᠡᠨ ᠪᠠᠶᠢᠭᠤᠯᠬᠤ ᠭᠠᠵᠠᠷ᠄ ᠳ᠋ᠦᠩ ᠾᠧ ᠲᠣᠭᠤᠷᠢᠭ      ᠲᠠᠪᠤ᠂ ᠬᠡᠷᠡᠭᠵᠢᠭᠦᠯᠬᠦ ᠨᠢᠭᠡᠴᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ      ᠵᠢᠷᠭᠤᠭ᠎ᠠ᠂ ᠠᠮᠵᠢᠯᠲᠠ ᠪᠦᠲᠦᠮᠵᠢ ᠶᠢᠨ ᠬᠠᠷᠠᠯᠲᠠ᠄ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠶᠠᠳᠠᠭᠤ  ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠲᠦᠭᠡᠨ ᠪᠠᠶᠢᠭᠤᠯᠤᠯᠲᠠ ᠶᠢᠨ ᠠᠵᠢᠯ ᠢ ᠪᠡᠶᠡᠯᠡᠭᠦᠯᠵᠦ᠂ ᠶᠠᠳᠠᠭᠤ  ᠠᠴᠠ ᠠᠩᠭᠢᠵᠢᠷᠠᠭᠤᠯᠤᠭᠰᠠᠨ ᠬᠥᠮᠥᠨ ᠠᠮᠠ ᠪᠠ ᠬᠢᠨᠠᠨ ᠬᠡᠮᠵᠢᠭᠳᠡᠬᠦ ᠡᠲᠡᠭᠡᠳ ᠤᠨ ᠣᠷᠣᠯᠭ᠎ᠠ ᠶᠢ ᠨᠡᠮᠡᠭᠳᠡᠭᠦᠯᠵᠦ᠂ ᠠᠵᠢᠯ ᠣᠯᠭᠤᠯᠲᠠ ᠶᠢ ᠳᠠᠶᠢᠴᠢᠯᠠᠬᠤ ᠵᠡᠷᠭᠡ ᠠᠵᠢᠯ ᠢ ᠪᠡᠶᠡᠯᠡᠭᠦᠯᠦᠨ᠎ᠡ᠃      ᠳᠣᠯᠤᠭ᠎ᠠ᠂ ᠠᠰᠢᠭ ᠭᠥᠷᠳᠡᠭᠰᠡᠨ ᠬᠥᠮᠥᠨ ᠤ ᠲᠤᠭ᠎ᠠ᠄ 40 ᠬᠥᠮᠥᠨ᠃      ᠨᠠᠢᠮᠠ᠂ ᠪᠡᠶᠡᠯᠡᠭᠦᠯᠦᠭᠰᠡᠨ ᠪᠠᠶᠢᠳᠠᠯ᠄ ᠨᠢᠭᠡᠨᠲᠡ ᠪᠡᠶᠡᠯᠡᠭᠦᠯᠦᠭᠰᠡᠨ2.      ᠨᠢᠭᠡ᠂ ᠲᠥᠷᠥᠯ ᠵᠦᠢᠯ ᠤᠨ ᠨᠡᠷᠡᠶᠢᠳᠦᠯ᠄ 2022 ᠣᠨ ᠤ ᠳ᠋ᠦᠩ ᠾᠧ ᠲᠣᠭᠤᠷᠢᠭ ᠤᠨ ᠬᠥᠳᠡᠭᠡ ᠲᠣᠰᠬᠤᠨ ᠤ ︽ᠵᠣᠷᠯᠣᠩ ᠤᠨ ᠬᠤᠪᠢᠰᠬᠠᠯ︾ ᠤᠨ ᠢᠨᠵᠧᠨᠧᠷᠢᠩ ᠤᠨ ᠲᠥᠷᠥᠯ ᠵᠦᠢᠯ      ᠬᠤᠶᠠᠷ᠂ ᠪᠦᠲᠦᠭᠡᠨ ᠪᠠᠶᠢᠭᠤᠯᠬᠤ ᠠᠭᠤᠯᠭ᠎ᠠ᠄ 2022 ᠣᠨ ᠳᠤ ᠨᠢᠭᠡᠨᠲᠡ ᠵᠢᠵᠢᠭ ᠬᠡᠯᠪᠡᠷᠢ ᠶᠢᠨ ᠪᠣᠬᠢᠷ ᠤᠰᠤ ᠰᠢᠢᠳᠪᠦᠷᠢᠯᠡᠬᠦ ᠥᠷᠲᠡᠭᠡ ᠪᠠᠶᠢᠭᠤᠯᠤᠭᠰᠠᠨ ᠱᠢ ᠳ᠋ᠡ ᠰᠲ᠋ᠣᠺ ᠲᠤ 4.1 ᠺᠢᠯᠣᠮᠧᠲᠷ ᠤᠨ ᠬᠤᠷᠢᠶᠠᠨ ᠴᠤᠭᠯᠠᠭᠤᠯᠬᠤ ᠬᠤᠭᠤᠯᠠᠢ ᠶᠢᠨ ᠲᠣᠣᠷ ᠢ ᠤᠷᠲᠤᠳᠬᠠᠬᠤ ᠪᠠᠷ ᠳᠠᠮᠵᠢᠭᠤᠯᠤᠨ᠂ ᠲᠠᠷᠢᠶᠠᠴᠢᠨ ᠡᠷᠦᠬᠡ ᠶᠢᠨ ᠭᠡᠷ ᠳᠣᠲᠣᠷᠠᠬᠢ ᠤᠰᠤ ᠪᠠᠷ ᠤᠬᠢᠶᠠᠬᠤ ᠵᠣᠷᠯᠣᠩ ᠳᠤ ᠥᠪᠡᠰᠦᠪᠡᠨ ᠣᠷᠣᠬᠤ ᠶᠢ ᠵᠣᠷᠢᠭᠵᠢᠭᠤᠯᠤᠨ ᠬᠥᠲᠥᠯᠥᠨ ᠵᠢᠯᠤᠭᠤᠳᠴᠤ᠂ ᠪᠥᠬᠦ ᠲᠣᠰᠬᠤᠨ ᠤ ᠠᠷᠢᠭᠤᠨ ᠴᠡᠪᠡᠷ ᠡᠷᠦᠬᠡ ᠶᠢᠨ ᠵᠣᠷᠯᠣᠩ ᠢ ᠥᠭᠡᠷᠡᠴᠢᠯᠡᠬᠦ ᠡᠭᠦᠷᠭᠡ ᠶᠢ ᠪᠡᠶᠡᠯᠡᠭᠦᠯᠵᠦ᠂ 300 ᠰᠢᠬᠠᠮ ᠲᠠᠷᠢᠶᠠᠴᠢᠨ ᠡᠷᠦᠬᠡ ᠳᠤ ᠠᠰᠢᠭ ᠬᠦᠷᠲᠡᠭᠡᠨ᠎ᠡ᠃      ᠭᠤᠷᠪᠠ᠂ ᠪᠡᠯᠡ ᠮᠥᠩᠭᠦ ᠵᠢᠴᠢ ᠢᠷᠡᠯᠲᠡ᠄ ᠬᠤᠲᠠ ᠶᠢᠨ ᠲᠣᠰ ᠱᠠᠲᠤᠨ ᠤ ᠡᠳ᠋ ᠤᠨ ᠵᠠᠰᠠᠭ  ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠳᠤ 30 ᠲᠦᠮᠡᠨ ᠲᠥᠭᠦᠷᠢᠭ ᠤᠨ ᠨᠥᠬᠦᠪᠦᠷᠢ ᠮᠥᠩᠭᠦ ᠥᠭᠭᠦᠨ᠎ᠡ᠃      ᠳᠥᠷᠪᠡ᠂ ᠪᠦᠲᠦᠭᠡᠨ ᠪᠠᠶᠢᠭᠤᠯᠬᠤ ᠭᠠᠵᠠᠷ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠰᠢᠷᠴᠢᠨ ᠪᠠᠯᠭᠠᠰᠤ ᠶᠢᠨ ᠬᠠᠷᠢᠶ᠎ᠠ ᠲᠣᠭᠤᠷᠢᠭ ᠤᠨ ᠵᠠᠰᠠᠭ ᠵᠠᠬᠢᠷᠭᠠᠨ ᠤ ᠲᠣᠰᠬᠤᠨ      ᠲᠠᠪᠤ᠂ ᠬᠡᠷᠡᠭᠵᠢᠭᠦᠯᠬᠦ ᠨᠢᠭᠡᠴᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠰᠢᠷᠴᠢᠨ ᠪᠠᠯᠭᠠᠰᠤ      ᠵᠢᠷᠭᠤᠭ᠎ᠠ᠂ ᠠᠵᠢᠯ ᠤᠨ ᠠᠮᠵᠢᠯᠲᠠ ᠪᠦᠲᠦᠮᠵᠢ ᠶᠢᠨ ᠬᠠᠷᠠᠯᠲᠠ᠄ ᠲᠠᠷᠢᠶᠠᠴᠢᠨ ᠡᠷᠦᠬᠡ ᠶᠢ ᠵᠣᠷᠢᠭᠵᠢᠭᠤᠯᠤᠨ ᠬᠥᠲᠥᠯᠥᠨ ᠵᠢᠯᠤᠭᠤᠳᠴᠤ ᠪᠠᠶᠢᠭᠠᠳ ᠭᠡᠷ ᠳᠣᠲᠣᠷᠠᠬᠢ ᠤᠰᠤ ᠪᠠᠷ ᠤᠬᠢᠶᠠᠬᠤ ᠵᠣᠷᠯᠣᠩ ᠤᠨ ᠠᠷᠭ᠎ᠠ ᠮᠠᠶ᠋ᠢᠭ ᠢ ᠥᠪᠡᠰᠦᠪᠡᠨ ᠵᠠᠯᠭᠠᠨ ᠣᠷᠣᠭᠤᠯᠵᠤ᠂ ᠪᠥᠬᠦ ᠲᠣᠰᠬᠤᠨ ᠤ ᠠᠷᠢᠭᠤᠨ ᠴᠡᠪᠡᠷ ᠡᠷᠦᠬᠡ ᠶᠢᠨ ᠵᠣᠷᠯᠣᠩ ᠢ ᠥᠭᠡᠷᠡᠴᠢᠯᠡᠬᠦ ᠡᠭᠦᠷᠭᠡ ᠶᠢ ᠪᠡᠶᠡᠯᠡᠭᠦᠯᠵᠦ᠂ ᠪᠠᠷᠤᠭ 300 ᠲᠠᠷᠢᠶᠠᠴᠢᠨ ᠡᠷᠦᠬᠡ ᠳᠤ ᠠᠰᠢᠭ ᠬᠦᠷᠲᠡᠭᠡᠨ᠎ᠡ᠃      ᠳᠣᠯᠤᠭ᠎ᠠ᠂ ᠠᠰᠢᠭ ᠭᠥᠷᠳᠡᠭᠰᠡᠨ ᠬᠥᠮᠥᠨ ᠤ ᠲᠤᠭ᠎ᠠ᠄ 807 ᠬᠥᠮᠥᠨ᠃      ᠨᠠᠢᠮᠠ᠂ ᠪᠡᠶᠡᠯᠡᠭᠦᠯᠦᠭᠰᠡᠨ ᠪᠠᠶᠢᠳᠠᠯ᠄ ᠨᠢᠭᠡᠨᠲᠡ ᠪᠡᠶᠡᠯᠡᠭᠦᠯᠦᠭᠰᠡᠨ᠃3.      ᠨᠢᠭᠡ᠂ ᠲᠦᠷᠦᠯ ᠵᠦᠢᠯ ᠤᠨ ᠨᠡᠷᠡᠶᠢᠳᠦᠯ᠄ ᠭᠤᠣᠯ ᠲᠣᠭᠤᠷᠢᠭ ᠤᠨ 2022 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ      ᠬᠤᠶᠠᠷ᠂ ᠪᠦᠲᠦᠭᠡᠨ ᠪᠠᠶᠢᠭᠤᠯᠬᠤ ᠠᠭᠤᠯᠭ᠎ᠠ᠄ ᠬᠤᠲᠠ ᠬᠥᠳᠡᠭᠡ ᠶᠢ ᠠᠭᠤᠰᠤᠯᠴᠠᠭᠤᠯᠬᠤ᠂ ᠣᠨᠴᠠᠯᠢᠭ ᠢ ᠦᠯᠡᠳᠡᠭᠡᠬᠦ ᠵᠡᠷᠭᠡ ᠲᠠᠯ᠎ᠠ ᠪᠠᠷ ᠬᠦᠴᠦᠯᠡᠬᠦ ᠪᠠᠷ ᠳᠡᠮᠵᠢᠨ᠂ ᠰᠠᠭᠤᠷᠢ ᠪᠡᠯᠡᠳᠬᠡᠮᠵᠢ ᠶᠢ ᠳᠡᠭᠡᠭᠰᠢᠯᠡᠭᠦᠯᠬᠦ᠂ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ᠂ ᠠᠵᠤ ᠦᠢᠯᠡᠰ ᠤᠨ ᠬᠥᠭᠵᠢᠯᠲᠡ ᠶᠢ ᠳᠡᠭᠡᠭᠰᠢᠯᠡᠭᠦᠯᠬᠦ᠂ ᠠᠭᠤᠰᠤᠯᠴᠠᠭᠤᠯᠤᠨ ᠬᠦᠴᠦ ᠪᠠᠨ ᠬᠠᠮᠲᠤᠳᠬᠠᠬᠤ ᠶᠢ ᠬᠡᠷᠡᠭᠯᠡᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠵᠢᠱᠢᠶ᠎ᠡ ᠦᠵᠡᠭᠦᠯᠦᠨ ᠳᠠᠶᠢᠴᠢᠯᠠᠬᠤ ᠶᠢ ᠪᠡᠶᠡᠯᠡᠭᠦᠯᠦᠨ᠎ᠡ᠃      ᠭᠤᠷᠪᠠ᠂ ᠪᠡᠯᠡ ᠮᠥᠩᠭᠦ ᠵᠢᠴᠢ ᠢᠷᠡᠯᠲᠡ᠄ ᠬᠤᠲᠠ ᠶᠢᠨ ᠲᠣᠰ ᠱᠠᠲᠤᠨ ᠤ ᠡᠳ᠋ ᠤᠨ ᠵᠠᠰᠠᠭ  ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠳᠤ 250 ᠲᠦᠮᠡᠨ ᠲᠥᠭᠦᠷᠢᠭ ᠤᠨ ᠨᠥᠬᠦᠪᠦᠷᠢ ᠮᠥᠩᠭᠦ ᠥᠭᠭᠦᠨ᠎ᠡ᠃      ᠳᠥᠷᠪᠡ᠂ ᠪᠦᠲᠦᠭᠡᠨ ᠪᠠᠶᠢᠭᠤᠯᠬᠤ ᠭᠠᠵᠠᠷ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠾᠧ ᠳ᠋ᠦᠩ ᠪᠠᠯᠭᠠᠰᠤ ᠶᠢᠨ ᠸᠠᠩ ᠳ᠋ᠠ ᠬᠠᠨ ᠲᠣᠰᠬᠤᠨ ᠪᠠ ᠰᠢᠷᠴᠢᠨ ᠪᠠᠯᠭᠠᠰᠤ ᠶᠢᠨ ᠠᠳᠦᠯᠠᠶ ᠲᠣᠰᠬᠤᠨ      ᠲᠠᠪᠤ᠂ ᠬᠡᠷᠡᠭᠵᠢᠭᠦᠯᠬᠦ ᠨᠢᠭᠡᠴᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠾᠧ ᠳ᠋ᠦᠩ ᠪᠠᠯᠭᠠᠰᠤ᠂ ᠰᠢᠷᠴᠢᠨ ᠪᠠᠯᠭᠠᠰᠤ      ᠵᠢᠷᠭᠤᠭ᠎ᠠ᠂ ᠠᠮᠵᠢᠯᠲᠠ ᠪᠦᠲᠦᠮᠵᠢ ᠶᠢᠨ ᠬᠠᠷᠠᠯᠲᠠ᠄ ᠬᠤᠲᠠ ᠬᠥᠳᠡᠭᠡ ᠶᠢ ᠠᠭᠤᠰᠤᠯᠴᠠᠭᠤᠯᠬᠤ᠂ ᠣᠨᠴᠠᠯᠢᠭ ᠢ ᠦᠯᠡᠳᠡᠭᠡᠬᠦ ᠵᠡᠷᠭᠡ ᠲᠠᠯ᠎ᠠ ᠪᠠᠷ ᠬᠦᠴᠦᠯᠡᠬᠦ ᠪᠠᠷ ᠳᠡᠮᠵᠢᠨ᠂ ᠰᠠᠭᠤᠷᠢ ᠪᠡᠯᠡᠳᠬᠡᠮᠵᠢ ᠶᠢ ᠳᠡᠭᠡᠭᠰᠢᠯᠡᠭᠦᠯᠬᠦ᠂ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ᠂ ᠠᠵᠤ ᠦᠢᠯᠡᠰ ᠤᠨ ᠬᠥᠭᠵᠢᠯᠲᠡ ᠶᠢ ᠳᠡᠭᠡᠭᠰᠢᠯᠡᠭᠦᠯᠬᠦ᠂ ᠠᠭᠤᠰᠤᠯᠴᠠᠭᠤᠯᠤᠨ ᠬᠦᠴᠦᠨ ᠢ ᠨᠢᠭᠲᠠᠷᠠᠭᠤᠯᠬᠤ ᠶᠢ ᠬᠡᠷᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠵᠢᠱᠢᠶ᠎ᠡ ᠦᠵᠡᠭᠦᠯᠦᠨ ᠳᠠᠶᠢᠴᠢᠯᠠᠬᠤ ᠶᠢ ᠪᠡᠶᠡᠯᠡᠭᠦᠯᠦᠨ᠎ᠡ᠃      ᠳᠣᠯᠤᠭ᠎ᠠ᠂ ᠠᠰᠢᠭ ᠭᠥᠷᠳᠡᠭᠰᠡᠨ ᠬᠥᠮᠥᠨ ᠤ ᠲᠤᠭ᠎ᠠ᠄ 6399 ᠬᠥᠮᠥᠨ᠃      ᠨᠠᠢᠮᠠ᠂ ᠪᠡᠶᠡᠯᠡᠭᠦᠯᠦᠭᠰᠡᠨ ᠪᠠᠶᠢᠳᠠᠯ᠄ ᠨᠢᠭᠡᠨᠲᠡ ᠪᠡᠶᠡᠯᠡᠭᠦᠯᠦᠭᠰᠡᠨ᠃4.      ᠨᠢᠭᠡ᠂ ᠲᠥᠷᠥᠯ ᠵᠦᠢᠯ ᠤᠨ ᠨᠡᠷᠡᠶᠢᠳᠦᠯ᠄ ᠰᠢᠷᠴᠢᠨ ᠪᠠᠯᠭᠠᠰᠤ ᠶᠢᠨ ᠶᠠᠩ ᠭᠧ ᠯᠢᠶᠠᠩ ᠲᠣᠰᠬᠤᠨ ᠤ ᠥᠨᠳᠥᠷ ᠪᠠᠷᠢᠮᠵᠢᠶ᠎ᠠ ᠪᠠᠷ ᠭᠠᠭ᠋ᠠᠢ ᠲᠡᠵᠢᠭᠡᠬᠦ ᠰᠠᠷᠠᠪᠴᠢ ᠶᠢᠨ ᠳᠠᠭᠠᠯᠲᠠ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ      ᠬᠤᠶᠠᠷ᠂ ᠪᠦᠲᠦᠭᠡᠨ ᠪᠠᠶᠢᠭᠤᠯᠬᠤ ᠠᠭᠤᠯᠭ᠎ᠠ᠄ ᠰᠢᠷᠴᠢᠨ ᠪᠠᠯᠭᠠᠰᠤ ᠶᠢᠨ ᠶᠠᠩ ᠭᠧ ᠯᠢᠶᠠᠩ ᠲᠣᠰᠬᠤᠨ ᠤ ᠥᠨᠳᠥᠷ ᠪᠠᠷᠢᠮᠵᠢᠶ᠎ᠠ ᠪᠠᠷ ᠭᠠᠭ᠋ᠠᠢ ᠲᠡᠵᠢᠭᠡᠬᠦ ᠰᠠᠷᠠᠪᠴᠢ ᠶᠢᠨ ᠳᠠᠭᠠᠯᠲᠠ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ      ᠭᠤᠷᠪᠠ᠂ ᠪᠡᠯᠡ ᠮᠥᠩᠭᠦ ᠵᠢᠴᠢ ᠢᠷᠡᠯᠲᠡ᠄ ᠬᠤᠲᠠ ᠶᠢᠨ ᠲᠣᠰ ᠱᠠᠲᠤᠨ ᠤ ᠡᠳ᠋ ᠤᠨ ᠵᠠᠰᠠᠭ  ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠳᠤ 150 ᠲᠦᠮᠡᠨ ᠲᠥᠭᠦᠷᠢᠭ ᠤᠨ ᠨᠥᠬᠦᠪᠦᠷᠢ ᠮᠥᠩᠭᠦ ᠥᠭᠭᠦᠨ᠎ᠡ᠃      ᠳᠥᠷᠪᠡ᠂ ᠪᠦᠲᠦᠭᠡᠨ ᠪᠠᠶᠢᠭᠤᠯᠬᠤ ᠭᠠᠵᠠᠷ᠄ ᠳ᠋ᠦᠩ ᠾᠧ ᠲᠣᠭᠤᠷᠢᠭ ᠤᠨ ᠰᠢᠷᠴᠢᠨ ᠪᠠᠯᠭᠠᠰᠤᠨ ᠤ ᠶᠠᠩ ᠭᠧ ᠯᠢᠶᠠᠩ ᠲᠣᠰᠬᠤᠨ      ᠲᠠᠪᠤ᠂ ᠬᠡᠷᠡᠭᠵᠢᠭᠦᠯᠬᠦ ᠨᠢᠭᠡᠴᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠰᠢᠷᠴᠢᠨ ᠪᠠᠯᠭᠠᠰᠤ      ᠵᠢᠷᠭᠤᠭ᠎ᠠ᠂ ᠠᠮᠵᠢᠯᠲᠠ ᠪᠦᠲᠦᠮᠵᠢ ᠶᠢᠨ ᠬᠠᠷᠠᠯᠲᠠ᠄ ᠢᠨᠵᠧᠨᠧᠷᠢᠩ ᠤᠨ ᠠᠭᠤᠯᠭ᠎ᠠ ᠶᠢ ᠪᠦᠬᠦ ᠲᠠᠯ᠎ᠠ ᠪᠠᠷ ᠪᠡᠶᠡᠯᠡᠭᠦᠯᠵᠦ᠂ ᠲᠣᠰᠬᠤᠨ ᠤ ᠱᠠᠲᠤᠨ ᠤ ᠬᠠᠮᠲᠤ ᠶᠢᠨ ᠣᠷᠣᠯᠭ᠎ᠠ ᠶᠢ ᠨᠡᠮᠡᠭᠳᠡᠭᠦᠯᠵᠦ᠂ ᠡᠷᠬᠢᠨ ᠲᠣᠭᠤᠷᠢᠨ ᠤ ᠲᠣᠰᠬᠤᠨ ᠤ ᠠᠷᠠᠳ ᠢ ᠳᠠᠶᠢᠴᠢᠯᠠᠨ ᠠᠵᠢᠯ ᠣᠯᠭᠤᠨ᠎ᠠ᠃      ᠳᠣᠯᠤᠭ᠎ᠠ᠂ ᠠᠰᠢᠭ ᠭᠥᠷᠳᠡᠭᠰᠡᠨ ᠬᠥᠮᠥᠨ ᠤ ᠲᠤᠭ᠎ᠠ᠄ 200 ᠬᠥᠮᠥᠨ᠃      ᠨᠠᠢᠮᠠ᠂ ᠪᠡᠶᠡᠯᠡᠭᠦᠯᠦᠭᠰᠡᠨ ᠪᠠᠶᠢᠳᠠᠯ᠄ ᠨᠢᠭᠡᠨᠲᠡ ᠪᠡᠶᠡᠯᠡᠭᠦᠯᠦᠭᠰᠡᠨ᠃5.      ᠨᠢᠭᠡ᠂ ᠲᠥᠷᠥᠯ ᠵᠦᠢᠯ ᠤᠨ ᠨᠡᠷᠡᠶᠢᠳᠦᠯ᠄ ᠳ᠋ᠦᠩ ᠾᠧ ᠲᠣᠭᠤᠷᠢᠭ ᠤᠨ ᠰᠢᠷᠴᠢᠨ ᠪᠠᠯᠭᠠᠰᠤ ᠶᠢᠨ ᠤᠷᠲᠤᠰᠤᠨ ᠲᠣᠰᠬᠤᠨ ᠪᠠ ᠪᠠᠭ᠎ᠠ ᠪᠠᠯᠭᠠᠶ ᠲᠣᠰᠬᠤᠨ ᠤ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ      ᠬᠤᠶᠠᠷ᠂ ᠪᠦᠲᠦᠭᠡᠨ ᠪᠠᠶᠢᠭᠤᠯᠬᠤ ᠠᠭᠤᠯᠭ᠎ᠠ᠄ ᠰᠢᠷᠴᠢᠨ ᠪᠠᠯᠭᠠᠰᠤ ᠶᠢᠨ ᠤᠷᠲᠤᠰᠤᠨ ᠲᠣᠰᠬᠤᠨ ᠪᠠ ᠪᠠᠭ᠎ᠠ ᠪᠠᠯᠭᠠᠢ ᠲᠣᠰᠬᠤᠨ ᠳᠤ 3 ᠲᠥᠬᠦᠭᠡᠷᠦᠮᠵᠢ ᠶᠢᠨ ᠲᠠᠰᠤᠭ ︵4m×3m︶ ᠢ ᠰᠢᠨ᠎ᠡ ᠪᠠᠷ ᠪᠠᠶᠢᠭᠤᠯᠵᠤ᠂ 1 ᠲᠥᠬᠦᠭᠡᠷᠦᠮᠵᠢ ᠶᠢᠨ ᠲᠠᠰᠤᠭ ᠢ ᠥᠭᠡᠷᠡᠴᠢᠯᠡᠨ ᠪᠠᠶᠢᠭᠤᠯᠵᠤ᠂ 4 ᠢᠵᠢ ᠤᠰᠤ ᠰᠢᠢᠳᠪᠦᠷᠢᠯᠡᠬᠦ ᠲᠥᠬᠦᠭᠡᠷᠦᠮᠵᠢ ︵ᠡᠭᠦᠨ ᠳᠤ 0.5t ᠬᠡᠪᠴᠢᠶᠡᠨ ᠤ 3 ᠢᠵᠢ᠂ 1t ᠬᠡᠪᠴᠢᠶᠡᠨ ᠤ 1 ᠢᠵᠢ︶ ᠢᠵᠢ ᠲᠥᠬᠦᠷᠵᠢᠭᠦᠯᠵᠦ᠂ 500G ᠠᠦ᠋ᠲ᠋ᠣ᠋ ᠤᠰᠤ ᠬᠤᠳᠠᠯᠳᠤᠬᠤ ᠮᠠᠰᠢᠨ ᠤ 1 ᠢᠵᠢ ᠢᠵᠢ ᠲᠥᠬᠦᠷᠵᠢᠭᠦᠯᠵᠦ᠂ ᠤᠰᠤ ᠬᠠᠩᠭᠠᠬᠤ᠂ ᠤᠰᠤ ᠲᠠᠲᠠᠷᠠᠭᠤᠯᠬᠤ ᠬᠤᠭᠤᠯᠠᠢ ︵ᠬᠤᠭᠤᠯᠠᠢ ᠮᠠᠲ᠋ᠧᠷᠢᠶᠠᠯ ᠨᠢ PE ᠬᠤᠭᠤᠯᠠᠢ︶ ᠳᠡᠪᠢᠰᠴᠦ᠂ ᠤᠰᠤ ᠬᠠᠩᠭᠠᠬᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      ᠭᠤᠷᠪᠠ᠂ ᠪᠡᠯᠡ ᠮᠥᠩᠭᠦ ᠵᠢᠴᠢ ᠢᠷᠡᠯᠲᠡ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ 42 ᠲᠦᠮᠡᠨ ᠲᠥᠭᠦᠷᠢᠭ᠂ ᠥᠪᠡᠷᠲᠡᠭᠡᠨ ᠴᠤᠭᠯᠠᠭᠤᠯᠬᠤ ᠪᠡᠯᠡ ᠮᠥᠩᠭᠦ 2 ᠲᠦᠮᠡᠨ ᠲᠥᠭᠦᠷᠢᠭ      ᠳᠥᠷᠪᠡ᠂ ᠪᠦᠲᠦᠭᠡᠨ ᠪᠠᠶᠢᠭᠤᠯᠬᠤ ᠭᠠᠵᠠᠷ᠄ ᠳ᠋ᠦᠩ ᠾᠧ ᠲᠣᠭᠤᠷᠢᠭ ᠤᠨ ᠰᠢᠷᠴᠢᠨ ᠪᠠᠯᠭᠠᠰᠤ ᠶᠢᠨ ᠤᠷᠲᠤᠰᠤᠨ ᠲᠣᠰᠬᠤᠨ ᠪᠠ ᠪᠠᠭ᠎ᠠ ᠪᠠᠯᠭᠠᠶ ᠲᠣᠰᠬᠤᠨ      ᠲᠠᠪᠤ᠂ ᠬᠡᠷᠡᠭᠵᠢᠭᠦᠯᠬᠦ ᠨᠢᠭᠡᠴᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ      ᠵᠢᠷᠭᠤᠭ᠎ᠠ᠂ ᠠᠮᠵᠢᠯᠲᠠ ᠪᠦᠲᠦᠮᠵᠢ ᠶᠢᠨ ᠬᠠᠷᠠᠯᠲᠠ᠄ ᠢᠨᠵᠧᠨᠧᠷᠢᠩ ᠤᠨ ᠠᠭᠤᠯᠭ᠎ᠠ ᠶᠢ ᠪᠥᠬᠦ ᠲᠠᠯ᠎ᠠ ᠪᠠᠷ ᠪᠡᠶᠡᠯᠡᠭᠦᠯᠵᠦ᠂ ᠰᠢᠷᠴᠢᠨ ᠪᠠᠯᠭᠠᠰᠤ ᠶᠢᠨ ᠤᠷᠲᠤᠰᠤᠨ ᠲᠣᠰᠬᠤᠨ ᠪᠠ ᠪᠠᠭ᠎ᠠ ᠪᠠᠯᠭᠠᠶ ᠲᠣᠰᠬᠤᠨ ᠤ ᠤᠤᠭᠤᠬᠤ ᠤᠰᠤᠨ ᠤ ᠴᠢᠨᠠᠷ ᠤᠨ ᠠᠰᠠᠭᠤᠳᠠᠯ ᠢ ᠰᠢᠢᠳᠪᠦᠷᠢᠯᠡᠵᠦ᠂ ᠤᠰᠤ ᠬᠠᠩᠭᠠᠬᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      ᠳᠣᠯᠤᠭ᠎ᠠ᠂ ᠠᠰᠢᠭ ᠭᠥᠷᠳᠡᠭᠰᠡᠨ ᠬᠥᠮᠥᠨ ᠤ ᠲᠤᠭ᠎ᠠ᠄ 8042 ᠬᠥᠮᠥᠨ᠃      ᠨᠠᠢᠮᠠ᠂ ᠪᠡᠶᠡᠯᠡᠭᠦᠯᠦᠭᠰᠡᠨ ᠪᠠᠶᠢᠳᠠᠯ᠄ ᠨᠢᠭᠡᠨᠲᠡ ᠪᠡᠶᠡᠯᠡᠭᠦᠯᠦᠭᠰᠡᠨ᠃6.      ᠨᠢᠭᠡ᠂ ᠲᠥᠷᠥᠯ ᠵᠦᠢᠯ ᠤᠨ ᠨᠡᠷᠡᠶᠢᠳᠦᠯ᠄ ᠳ᠋ᠦᠩ ᠾᠧ ᠲᠣᠭᠤᠷᠢᠭ ᠤᠨ ᠰᠢᠷᠴᠢᠨ ᠪᠠᠯᠭᠠᠰᠤᠨ ᠤ ᠠᠳᠦᠯᠠᠶ ᠲᠣᠰᠬᠤᠨ ᠤ ᠠᠷᠠᠳ ᠤᠨ ᠵᠠᠩ ᠦᠶᠯᠡ ᠠᠷᠠᠳ ᠤᠨ ᠣᠷᠣᠨ ᠰᠠᠭᠤᠴᠠ ᠶᠢᠨ ᠲᠥᠷᠥᠯ ᠵᠦᠢᠯ ︵ᠨᠢᠭᠡᠳᠦᠭᠡᠷ ᠬᠤᠭᠤᠴᠠᠭ᠎ᠠ︶      ᠬᠤᠶᠠᠷ᠂ ᠪᠦᠲᠦᠭᠡᠨ ᠪᠠᠶᠢᠭᠤᠯᠬᠤ ᠠᠭᠤᠯᠭ᠎ᠠ᠄ ᠠᠷᠠᠳ ᠤᠨ ᠣᠷᠣᠨ ᠰᠠᠭᠤᠴᠠ ᠶᠢᠨ ᠭᠡᠷ ᠪᠠᠶᠢᠰᠢᠩ᠂ ᠬᠦᠷᠢᠶ᠎ᠡ ᠬᠠᠰᠢᠶ᠎ᠠ ᠶᠢ ᠰᠡᠯᠪᠢᠨ ᠵᠠᠰᠠᠬᠤ᠂ ᠥᠭᠡᠷᠡᠴᠢᠯᠡᠨ ᠵᠠᠰᠠᠬᠤ ᠵᠢᠴᠢ ᠬᠡᠷᠡᠭᠰᠡᠬᠦ ᠪᠡᠯᠡᠳᠬᠡᠮᠵᠢ ᠲᠥᠬᠦᠭᠡᠷᠦᠮᠵᠢ᠃      ᠭᠤᠷᠪᠠ᠂ ᠪᠡᠯᠡ ᠮᠥᠩᠭᠦ ᠶᠢᠨ ᠢᠷᠡᠯᠲᠡ᠄ ᠲᠤᠰ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 20 ᠲᠦᠮᠡᠨ ᠲᠥᠭᠦᠷᠢᠭ ᠪᠠᠶᠢᠵᠤ᠂ 18 ᠲᠦᠮᠡᠨ ᠲᠥᠭᠦᠷᠢᠭ ᠤᠨ ᠪᠡᠯᠡ ᠮᠥᠩᠭᠦ ᠣᠯᠬᠤ  ᠪᠠᠷ ᠴᠢᠷᠮᠠᠶᠢᠨ᠎ᠠ᠃      ᠥᠪᠡᠷ ᠢᠶᠠᠨ 2 ᠲᠦᠮᠡᠨ ᠲᠥᠭᠦᠷᠢᠭ ᠤᠨ ᠪᠡᠯᠡ ᠮᠥᠩᠭᠦ ᠴᠤᠭᠯᠠᠭᠤᠯᠤᠨ᠎ᠠ᠃      ᠳᠥᠷᠪᠡ᠂ ᠪᠦᠲᠦᠭᠡᠨ ᠪᠠᠶᠢᠭᠤᠯᠬᠤ ᠭᠠᠵᠠᠷ᠄ ᠳ᠋ᠦᠩ ᠾᠧ ᠲᠣᠭᠤᠷᠢᠭ ᠤᠨ ᠰᠢᠷᠴᠢᠨ ᠪᠠᠯᠭᠠᠰᠤᠨ ᠤ ᠠᠳᠦᠯᠠᠢ ᠲᠣᠰᠬᠤᠨ      ᠲᠠᠪᠤ᠂ ᠬᠡᠷᠡᠭᠵᠢᠭᠦᠯᠬᠦ ᠨᠢᠭᠡᠴᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠰᠢᠷᠴᠢᠨ ᠪᠠᠯᠭᠠᠰᠤ      ᠵᠢᠷᠭᠤᠭ᠎ᠠ᠂ ᠠᠮᠵᠢᠯᠲᠠ ᠪᠦᠲᠦᠮᠵᠢ ᠶᠢᠨ ᠬᠠᠷᠠᠯᠲᠠ᠄ ᠬᠥᠳᠡᠭᠡ ᠲᠣᠰᠬᠤᠨ ᠤ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ ᠶᠢ ᠨᠡᠭᠡᠭᠡᠨ ᠬᠥᠭᠵᠢᠭᠦᠯᠬᠦ ᠪᠠ ᠪᠦᠲᠦᠭᠡᠨ ᠪᠠᠶᠢᠭᠤᠯᠬᠤ ᠶᠢ ᠬᠥᠲᠥᠯᠥᠨ ᠵᠢᠯᠤᠭᠤᠳᠴᠤ᠂ ᠬᠥᠳᠡᠭᠡ ᠲᠣᠰᠬᠤᠨ ᠤ ᠵᠢᠭᠤᠯᠴᠢᠯᠠᠯ ᠢ ᠠᠬᠢᠭᠤᠯᠤᠨ᠂ ᠬᠥᠳᠡᠭᠡ ᠲᠣᠰᠬᠤᠨ ᠤ ᠠᠵᠤ ᠠᠬᠤᠢ ᠶᠢ ᠳᠠᠶᠢᠴᠢᠯᠠᠵᠤ᠂ ᠰᠣᠶᠣᠯ ᠤᠨ ᠡᠬᠢ ᠪᠠᠶᠠᠯᠢᠭ ᠤᠨ ᠬᠢᠯᠠᠰ ᠴᠡᠭ ᠢ ᠢᠯᠡᠷᠡᠭᠦᠯᠵᠦ᠂ ᠰᠢᠨ᠎ᠡ ᠬᠡᠯᠪᠡᠷᠢ ᠶᠢᠨ ᠠᠵᠤ ᠦᠢᠯᠡᠰ ᠤᠨ ᠵᠠᠭᠪᠤᠷ ᠢ ᠪᠣᠶ ᠪᠣᠯᠭᠠᠵᠤ᠂ ᠠᠵᠤ ᠠᠬᠤᠢ ᠶᠢᠨ ᠬᠥᠭᠵᠢᠯᠲᠡ ᠳᠤ ᠰᠢᠨ᠎ᠡ ᠨᠡᠮᠡᠭᠳᠡᠯ ᠤᠨ ᠴᠡᠭ ᠢ ᠬᠠᠩᠭᠠᠨ᠎ᠠ᠃      ᠳᠣᠯᠤᠭ᠎ᠠ᠂ ᠠᠰᠢᠭ ᠭᠥᠷᠳᠡᠭᠰᠡᠨ ᠬᠥᠮᠥᠨ ᠤ ᠲᠤᠭ᠎ᠠ᠄ 1230 ᠬᠥᠮᠥᠨ᠃      ᠨᠠᠢᠮᠠ᠂ ᠪᠡᠶᠡᠯᠡᠭᠦᠯᠦᠭᠰᠡᠨ ᠪᠠᠶᠢᠳᠠᠯ᠄ ᠨᠢᠭᠡᠨᠲᠡ ᠪᠡᠶᠡᠯᠡᠭᠦᠯᠦᠭᠰᠡᠨ᠃7.      ᠨᠢᠭᠡ᠂ ᠲᠥᠷᠥᠯ ᠵᠦᠢᠯ ᠤᠨ ᠨᠡᠷᠡᠶᠢᠳᠦᠯ᠄ ᠳ᠋ᠦᠩ ᠾᠧ ᠲᠣᠭᠤᠷᠢᠭ ᠤᠨ ᠰᠢᠷᠴᠢᠨ ᠪᠠᠯᠭᠠᠰᠤ ᠶᠢᠨ ᠠᠱᠠᠨ ᠭᠧᠦ ᠮᠧᠨ ᠲᠣᠰᠬᠤᠨ ᠤ ᠰᠢᠨ᠎ᠡ ᠰᠣᠷᠭᠤᠭ ᠪᠠᠶᠢᠯᠭᠠᠬᠤ ᠬᠥᠮᠥᠷᠭᠡ ᠶᠢᠨ ᠢᠵᠢ ᠪᠦᠷᠢᠳᠦᠭᠦᠯᠬᠦ ᠲᠥᠬᠦᠭᠡᠷᠦᠮᠵᠢ ᠬᠤᠳᠠᠯᠳᠤᠨ ᠠᠪᠬᠤ ᠪᠠ ᠤᠭᠰᠠᠷᠠᠬᠤ      ᠬᠤᠶᠠᠷ᠂ ᠪᠦᠲᠦᠭᠡᠨ ᠪᠠᠶᠢᠭᠤᠯᠬᠤ ᠠᠭᠤᠯᠭ᠎ᠠ᠄ ᠰᠢᠨ᠎ᠡ ᠰᠣᠷᠭᠤᠭ ᠪᠠᠶᠢᠯᠭᠠᠬᠤ ᠬᠥᠮᠥᠷᠭᠡ ᠶᠢᠨ ᠴᠢᠬᠢᠭ ᠠᠷᠢᠯᠭᠠᠬᠤ ᠲᠥᠬᠦᠭᠡᠷᠦᠮᠵᠢ᠂ ᠴᠠᠬᠢᠯᠭᠠᠨ ᠬᠠᠩᠭᠠᠬᠤ ᠲᠥᠬᠦᠭᠡᠷᠦᠮᠵᠢ ᠵᠡᠷᠭᠡ ᠢᠵᠢ ᠪᠦᠷᠢᠳᠦᠭᠦᠯᠬᠦ ᠲᠥᠬᠦᠭᠡᠷᠦᠮᠵᠢ ᠬᠤᠳᠠᠯᠳᠤᠨ ᠠᠪᠬᠤ ᠪᠠ ᠤᠭᠰᠠᠷᠠᠬᠤ      ᠭᠤᠷᠪᠠ᠂ ᠪᠡᠯᠡ ᠮᠥᠩᠭᠦ ᠶᠢᠨ ᠢᠷᠡᠯᠲᠡ᠄ ᠲᠤᠰ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 22.96 ᠲᠦᠮᠡᠨ ᠲᠥᠭᠦᠷᠢᠭ ᠲᠤ ᠬᠦᠷᠴᠦ᠂ 21 ᠲᠦᠮᠡᠨ ᠲᠥᠭᠦᠷᠢᠭ ᠤᠨ ᠪᠡᠯᠡ ᠮᠥᠩᠭᠦ ᠣᠯᠬᠤ ᠪᠠᠷ ᠴᠢᠷᠮᠠᠶᠢᠨ᠎ᠠ᠃      ᠥᠪᠡᠷᠲᠡᠭᠡᠨ 1.96 ᠲᠦᠮᠡᠨ ᠲᠥᠭᠦᠷᠢᠭ ᠤᠨ ᠪᠡᠯᠡ ᠮᠥᠩᠭᠦ ᠴᠤᠭᠯᠠᠭᠤᠯᠪᠠ᠃      ᠳᠥᠷᠪᠡ᠂ ᠪᠦᠲᠦᠭᠡᠨ ᠪᠠᠶᠢᠭᠤᠯᠬᠤ ᠭᠠᠵᠠᠷ᠄ ᠳ᠋ᠦᠩ ᠾᠧ ᠲᠣᠭᠤᠷᠢᠭ ᠤᠨ ᠰᠢᠷᠴᠢᠨ ᠪᠠᠯᠭᠠᠰᠤᠨ ᠤ ᠠᠱᠠᠨ ᠭᠧᠦ ᠮᠧᠨ ᠲᠣᠰᠬᠤᠨ      ᠲᠠᠪᠤ᠂ ᠬᠡᠷᠡᠭᠵᠢᠭᠦᠯᠬᠦ ᠨᠢᠭᠡᠴᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠰᠢᠷᠴᠢᠨ ᠪᠠᠯᠭᠠᠰᠤ      ᠵᠢᠷᠭᠤᠭ᠎ᠠ᠂ ᠠᠮᠵᠢᠯᠲᠠ ᠪᠦᠲᠦᠮᠵᠢ ᠶᠢᠨ ᠬᠠᠷᠠᠯᠲᠠ᠄ ᠭᠠᠳᠠᠭᠰᠢ ᠲᠦᠷᠢᠶᠡᠰᠦᠯᠡᠬᠦ ᠪᠠ ᠭᠠᠴᠠᠭᠠᠨ ᠤ ᠠᠷᠠᠳ ᠤᠨ ᠵᠥᠪᠯᠡᠯ ᠤᠨ ᠡᠵᠡᠩᠨᠡᠯᠲᠡ ᠬᠢᠬᠦ ᠬᠤᠶᠠᠷ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠠᠰᠢᠭ ᠣᠷᠣᠯᠭ᠎ᠠ ᠣᠯᠣᠨ᠎ᠠ᠂ ᠵᠢᠱᠢᠯᠲᠡ ᠪᠠᠷ ᠵᠢᠯ ᠪᠦᠷᠢ 10 ᠲᠦᠮᠡᠨ ᠲᠥᠭᠦᠷᠢᠭ ᠠᠴᠠ ᠳᠡᠭᠡᠭᠰᠢ ᠪᠠᠶᠢᠬᠤ ᠬᠡᠷᠡᠭᠲᠡᠢ᠃ᠠᠱᠠᠨ ᠭᠧᠦ ᠮᠥ᠋ᠨ ᠲᠣᠰᠬᠤᠨ ᠤ ᠬᠠᠮᠲᠤ ᠶᠢᠨ ᠠᠵᠤ ᠠᠬᠤᠢ ᠶᠢ ᠵᠢᠩᠬᠢᠨᠢᠴᠢᠯᠡᠬᠦ᠂ ᠠᠯᠤᠰ ᠤᠨ ᠬᠥᠭᠵᠢᠯᠲᠡ ᠶᠢᠨ ᠵᠠᠮ ᠢᠶᠠᠷ ᠵᠠᠮᠨᠠᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠦᠭᠡᠢ ᠪᠠᠶᠢᠳᠠᠯ ᠢ ᠨᠥᠬᠦᠪᠦᠷᠢᠯᠡᠵᠦ᠂︽ᠨᠢᠭᠡ ᠲᠣᠰᠬᠤᠨ ᠨᠢᠭᠡ ᠦᠢᠯᠡᠳᠬᠦᠨ︾ ᠢ ᠪᠤᠢ ᠪᠣᠯᠭᠠᠬᠤ ᠬᠡᠷᠡᠭᠲᠡᠢ᠃      ᠳᠣᠯᠤᠭ᠎ᠠ᠂ ᠠᠰᠢᠭ ᠭᠥᠷᠳᠡᠭᠰᠡᠨ ᠬᠥᠮᠥᠨ ᠤ ᠲᠤᠭ᠎ᠠ᠄ 869 ᠬᠥᠮᠥᠨ᠃      ᠨᠠᠢᠮᠠ᠂ ᠪᠡᠶᠡᠯᠡᠭᠦᠯᠦᠭᠰᠡᠨ ᠪᠠᠶᠢᠳᠠᠯ᠄ ᠨᠢᠭᠡᠨᠲᠡ ᠪᠡᠶᠡᠯᠡᠭᠦᠯᠦᠭᠰᠡᠨ᠃8.      ᠨᠢᠭᠡ᠂ ᠲᠥᠷᠥᠯ ᠵᠦᠢᠯ ᠤᠨ ᠨᠡᠷᠡᠶᠢᠳᠦᠯ᠄ ᠾᠧ ᠳ᠋ᠦᠩ ᠪᠠᠯᠭᠠᠰᠤ ᠶᠢᠨ ᠮᠣᠣ ᠹᠧᠩ ᠵᠠᠩ ᠲᠣᠰᠬᠤᠨ ᠤ ᠬᠤᠳᠠᠯᠳᠤᠭᠠᠨ ᠤ ᠵᠡᠭᠡᠯᠢ ᠶᠢᠨ ᠢᠵᠢ ᠪᠦᠷᠢᠳᠦᠭᠦᠯᠬᠦ ᠪᠡᠯᠡᠳᠬᠡᠮᠵᠢ ᠶᠢᠨ ᠲᠥᠷᠥᠯ ᠵᠦᠢᠯ      ᠬᠤᠶᠠᠷ᠂ ᠪᠦᠲᠦᠭᠡᠨ ᠪᠠᠶᠢᠭᠤᠯᠬᠤ ᠠᠭᠤᠯᠭ᠎ᠠ᠄ ᠮᠣᠣ ᠹᠧᠩ ᠵᠠᠩ ᠭᠠᠴᠠᠭᠠᠨ ᠤ ᠬᠤᠳᠠᠯᠳᠤᠭᠠᠨ ᠤ ᠵᠡᠭᠡᠯᠢ ᠶᠢᠨ ᠢᠵᠢ ᠪᠦᠷᠢᠳᠦᠭᠦᠯᠬᠦ ᠲᠥᠬᠦᠭᠡᠷᠦᠮᠵᠢ ᠶᠢ ᠥᠭᠡᠷᠡᠴᠢᠯᠡᠨ ᠪᠠᠶᠢᠭᠤᠯᠬᠤ ︵ᠥᠷᠭᠡᠳᠬᠡᠬᠦ︶ ᠬᠡᠷᠡᠭᠲᠡᠢ᠃      ᠭᠤᠷᠪᠠ᠂ ᠪᠡᠯᠡ ᠮᠥᠩᠭᠦ ᠶᠢᠨ ᠢᠷᠡᠯᠲᠡ᠄ ᠲᠤᠰ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 260 ᠲᠦᠮᠡᠨ ᠲᠥᠭᠦᠷᠢᠭ ᠪᠠᠶᠢᠵᠤ᠂ 146 ᠲᠦᠮᠡᠨ ᠲᠥᠭᠦᠷᠢᠭ ᠤᠨ ᠪᠡᠯᠡ ᠮᠥᠩᠭᠦ ᠣᠯᠬᠤ  ᠪᠠᠷ ᠴᠢᠷᠮᠠᠶᠢᠨ᠎ᠠ᠃      ᠥᠪᠡᠷᠲᠡᠭᠡᠨ 114 ᠲᠦᠮᠡᠨ ᠲᠥᠭᠦᠷᠢᠭ ᠤᠨ ᠪᠡᠯᠡ ᠮᠥᠩᠭᠦ ᠴᠤᠭᠯᠠᠭᠤᠯᠪᠠ᠃      ᠳᠥᠷᠪᠡ᠂ ᠪᠦᠲᠦᠭᠡᠨ ᠪᠠᠶᠢᠭᠤᠯᠬᠤ ᠭᠠᠵᠠᠷ᠄ ᠳ᠋ᠦᠩ ᠾᠧ ᠲᠣᠭᠤᠷᠢᠭ ᠤᠨ ᠾᠧ ᠳ᠋ᠦᠩ ᠪᠠᠯᠭᠠᠰᠤᠨ ᠤ ᠮᠣᠣ ᠹᠧᠩ ᠵᠠᠩ ᠲᠣᠰᠬᠤᠨ      ᠲᠠᠪᠤ᠂ ᠬᠡᠷᠡᠭᠵᠢᠭᠦᠯᠬᠦ ᠨᠢᠭᠡᠴᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠾᠧ ᠳ᠋ᠦᠩ ᠪᠠᠯᠭᠠᠰᠤ      ᠵᠢᠷᠭᠤᠭ᠎ᠠ᠂ ᠠᠮᠵᠢᠯᠲᠠ ᠪᠦᠲᠦᠮᠵᠢ ᠶᠢᠨ ᠬᠠᠷᠠᠯᠲᠠ᠄ ᠮᠣᠣ ᠹᠧᠩ ᠵᠠᠩ ᠲᠣᠰᠬᠤᠨ ᠤ ᠬᠤᠳᠠᠯᠳᠤᠭᠠᠨ ᠤ ᠵᠡᠭᠡᠯᠢ ᠶᠢᠨ ᠢᠵᠢ ᠪᠦᠷᠢᠳᠦᠭᠦᠯᠬᠦ ᠪᠡᠯᠡᠳᠬᠡᠮᠵᠢ ᠶᠢ ᠪᠥᠬᠦ ᠲᠠᠯ᠎ᠠ ᠪᠠᠷ ᠪᠡᠶᠡᠯᠡᠭᠦᠯᠵᠦ᠂ ᠬᠤᠳᠠᠯᠳᠤᠭᠠᠨ ᠤ ᠪᠣᠬᠢᠷ ᠤᠰᠤ ᠶᠢ ᠭᠥᠯᠢᠶᠡᠨ ᠠᠪᠴᠤ ᠬᠠᠮᠢᠶᠠᠷᠬᠤ ᠨᠣᠷᠮ᠎ᠠ ᠶᠢ ᠳᠡᠭᠡᠭᠰᠢᠯᠡᠭᠦᠯᠦᠨ᠂ ᠬᠤᠳᠠᠯᠳᠤᠭᠠᠨ ᠤ ᠪᠣᠬᠢᠷ ᠤᠰᠤᠨ ᠤ ᠬᠤᠭᠤᠯᠠᠢ ᠶᠢᠨ ᠲᠣᠣᠷ ᠤᠨ ᠪᠦᠲᠦᠭᠡᠨ ᠪᠠᠶᠢᠭᠤᠯᠤᠯᠲᠠ ᠪᠠᠷ ᠳᠠᠮᠵᠢᠭᠤᠯᠤᠨ᠂ ᠬᠤᠳᠠᠯᠳᠤᠭᠠᠨ ᠤ ᠵᠡᠭᠡᠯᠢ ᠶᠢᠨ ᠪᠣᠬᠢᠷ ᠤᠰᠤ ᠶᠢ ᠬᠤᠷᠢᠶᠠᠨ ᠴᠤᠭᠯᠠᠭᠤᠯᠬᠤ ᠨᠣᠷᠮ᠎ᠠ ᠶᠢ 100% ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃      ᠳᠣᠯᠤᠭ᠎ᠠ᠂ ᠠᠰᠢᠭ ᠭᠥᠷᠳᠡᠭᠰᠡᠨ ᠬᠥᠮᠥᠨ ᠤ ᠲᠤᠭ᠎ᠠ᠄ 5353 ᠬᠥᠮᠥᠨ      ᠨᠠᠢᠮᠠ᠂ ᠪᠡᠶᠡᠯᠡᠭᠦᠯᠦᠭᠰᠡᠨ ᠪᠠᠶᠢᠳᠠᠯ᠄ ᠨᠢᠭᠡᠨᠲᠡ ᠪᠡᠶᠡᠯᠡᠭᠦᠯᠦᠭᠰᠡᠨ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1