ᠠᠷᠠᠳ ᠲᠦᠮᠡᠨᠴᠢ ᠰᠡᠳᠬᠢᠯᠭᠡ ᠶᠢ ᠪᠠᠲᠤ ᠰᠠᠬᠢᠵᠤ ᠰᠢᠨ᠎ᠡ ᠴᠠᠭ ᠦᠶ᠎ᠡ ᠶᠢᠨ ᠰᠢᠯᠭᠠᠯᠲᠠ ᠳᠤ  ᠣᠷᠤᠯᠴᠠᠬᠤ ᠵᠠᠮ ᠢᠶᠠᠷ ᠰᠠᠶᠢᠲᠤᠷ ᠵᠠᠮᠨᠠᠨ᠎ᠠ
ᠨᠡᠶᠢᠲᠡᠯᠡᠭᠰᠡᠨ ᠴᠠᠭ᠄
2022/12/19
      ᠶᠠᠷᠢᠯᠴᠠᠭᠠᠨ ᠤ ᠭᠤᠣᠯ ᠰᠡᠳᠦᠪ᠄ ᠠᠷᠠᠳ ᠲᠦᠮᠡᠨᠴᠢ ᠰᠡᠳᠬᠢᠯᠭᠡ ᠶᠢ ᠪᠠᠲᠤ ᠰᠠᠬᠢᠵᠤ ᠰᠢᠨ᠎ᠡ ᠴᠠᠭ  ᠦᠶ᠎ᠡ ᠶᠢᠨ ᠰᠢᠯᠭᠠᠯᠲᠠ ᠳᠤ ᠣᠷᠤᠯᠴᠠᠬᠤ ᠵᠠᠮ ᠢᠶᠠᠷ ᠰᠠᠶᠢᠲᠤᠷ ᠵᠠᠮᠨᠠᠨ᠎ᠠ — ᠪᠠᠶᠠᠨ᠋ᠣ᠋ᠪᠣᠭ᠎ᠠ ᠠᠭᠤᠷᠬᠠᠢ ᠶᠢᠨ  ᠲᠣᠭᠤᠷᠢᠭ ᠤᠨ ᠨᠠᠮ ᠤᠨ ᠬᠤᠷᠢᠶᠠᠨ ᠤ ᠱᠦᠵᠢ ᠦ᠋ ᠺᠠᠢ ᠶᠢ ᠰᠤᠷᠪᠤᠯᠵᠢᠯᠠᠭᠰᠠᠨ ᠨᠢ              ᠰᠤᠷᠪᠤᠯᠵᠢᠯᠠᠭᠰᠠᠨ ᠴᠠᠭ᠄ 2022 ᠣᠨ ᠤ 6 ᠰᠠᠷ᠎ᠠ ᠶᠢᠨ 20᠎ ᠤ ᠡᠳᠦᠷ            ᠰᠣᠷᠪᠤᠯᠵᠢᠯᠠᠭ᠎ᠠ ᠬᠦᠯᠢᠶᠡᠭᠰᠡᠨ ᠵᠣᠴᠢᠨ᠄ ᠪᠠᠶᠠᠨ᠋ᠣ᠋ᠪᠣᠭ᠎ᠠ ᠠᠭᠤᠷᠬᠠᠢ ᠶᠢᠨ ᠲᠣᠭᠤᠷᠢᠭ ᠤᠨ ᠨᠠᠮ ᠤᠨ  ᠬᠤᠷᠢᠶᠠᠨ ᠤ ᠱᠦᠵᠢ ᠦ᠋ ᠺᠠᠢ                ᠶᠠᠷᠢᠯᠴᠠᠭᠠᠨ ᠤ ᠲᠣᠪᠴᠢ ᠲᠠᠨᠢᠯᠴᠠᠭᠤᠯᠭ᠎ᠠ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂  ᠨᠠᠮ ᠤᠨ ᠲᠥᠪ  ᠬᠤᠷᠢᠶ᠎ᠠ ᠵᠠᠬᠢᠳᠠᠯ ᠰᠤᠷᠪᠤᠯᠵᠢᠯᠠᠯ ᠤᠨ ᠠᠵᠢᠯ ᠤᠨ ᠲᠤᠬᠠᠢ ᠠᠯᠢ ᠤᠯᠠᠨ ᠰᠢᠢᠳᠪᠦᠷᠢᠲᠦ ᠪᠣᠳᠣᠯᠭ᠎ᠠ  ᠪᠠᠶᠢᠷᠢᠯᠠᠭᠤᠯᠤᠯᠲᠠ ᠬᠢᠵᠦ᠂ ᠶᠡᠷᠦᠩᠬᠡᠢ ᠱᠦᠵᠢ ᠰᠢ ᠶᠢᠨ ᠫᠢᠩ ᠠᠯᠢ ᠤᠯᠠᠨ ᠰᠢᠨ᠎ᠡ ᠦᠵᠡᠯᠲᠡ ᠰᠢᠨ᠎ᠡ ᠨᠤᠲᠠᠯᠠᠯᠲᠠ  ᠎ ᠶᠢ ᠳᠤᠷᠠᠳᠴᠤ᠂ ᠵᠠᠬᠢᠳᠠᠯ ᠰᠤᠷᠪᠤᠯᠵᠢᠯᠠᠯ  ᠎ ᠤᠨ ᠠᠵᠢᠯ ᠳᠤ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ ᠥᠭᠴᠦ  ᠂ ᠰᠢᠨᠵᠢᠯᠡᠬᠦ ᠤᠬᠠᠭᠠᠨᠴᠢ ᠵᠦᠭᠯᠡᠭᠦᠷ ᠬᠠᠩᠭᠠᠵᠤ᠂ ᠤᠶᠤᠨ ᠰᠠᠨᠠᠭᠠᠨ ᠤ ᠬᠥᠳᠡᠯᠭᠡᠭᠦ ᠬᠦᠴᠦᠨ ᠨᠡᠮᠡᠷᠢᠯᠡᠵᠦ ᠂ ᠵᠠᠬᠢᠳᠠᠯ  ᠰᠤᠷᠪᠤᠯᠵᠢᠯᠠᠯ ᠤᠨ ᠠᠵᠢᠯ ᠢ ᠠᠬᠢᠭᠤᠯᠤᠨ ᠢᠯᠡᠳᠲᠡ ᠦᠷ᠎ᠡ ᠪᠦᠲᠦᠮᠵᠢ ᠣᠯᠵᠠᠢ᠃ ᠣᠶᠢᠷ᠎ᠠ ᠳᠤ᠂ ᠳᠤᠮᠳᠠᠳᠤ  ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ︽ᠵᠠᠬᠢᠳᠠᠯ  ᠰᠤᠷᠪᠤᠯᠵᠢᠯᠠᠯ ᠤᠨ ᠠᠵᠢᠯ ᠤᠨ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶᠎ ᠢ ᠳᠠᠷᠤᠮᠠᠯᠯᠠᠨ  ᠲᠠᠷᠬᠠᠭᠠᠪᠠ᠂ ᠨᠡᠶᠢᠲᠡ ᠵᠢᠷᠭᠤᠭᠠᠨ ᠪᠦᠯᠦᠭ ᠲᠠᠪᠢᠨ ᠵᠦᠢᠯ ᠬᠤᠪᠢᠶᠠᠵᠠᠢ᠂ 2022 ᠣᠨ ᠤ 5 ᠰᠠᠷ᠎ᠠ ᠶᠢᠨ 1᠎ ᠤ  ᠡᠳᠦᠷ ᠠᠴᠠ ᠡᠬᠢᠯᠡᠵᠦ ᠬᠡᠷᠡᠭᠵᠢᠭᠦᠯᠪᠡ᠃ ︽ᠳᠦᠷᠢᠮ︾᠎ ᠨᠢ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ  ᠵᠠᠬᠢᠳᠠᠯ ᠰᠤᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ  ᠭᠦᠢᠴᠡᠳ ᠢᠯᠡᠷᠡᠭᠦᠯᠵᠦ᠂ ᠨᠠᠮ ᠤᠨ ᠠᠷᠪᠠᠨ  ᠨᠠᠢᠮᠠᠳᠤᠭᠠᠷ  ᠶᠡᠭᠡ ᠬᠤᠷᠠᠯ ᠠᠴᠠ ᠨᠠᠭᠠᠰᠢᠬᠢ ᠵᠠᠬᠢᠳᠠᠯ  ᠰᠤᠷᠪᠤᠯᠵᠢᠯᠠᠯ ᠤᠨ ᠠᠵᠢᠯ ᠤᠨ ᠳᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠢᠯᠡᠷᠡᠭᠦᠯᠵᠦ᠂ ᠰᠢᠨ᠎ᠡ  ᠴᠠᠭ ᠦᠶ᠎ᠡ ᠶᠢᠨ ᠵᠠᠬᠢᠳᠠᠯ ᠰᠤᠷᠪᠤᠯᠵᠢᠯᠠᠯ ᠤᠨ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠪᠠ᠃  ᠪᠢᠳᠡ ᠰᠤᠷᠤᠯᠴᠠᠬᠤ ᠶᠢ ᠲᠡᠷᠢᠭᠦᠨ ᠳᠤ ᠲᠠᠯᠪᠢᠵᠤ᠂ ᠲᠡᠷᠢᠭᠦᠨ ᠤ ᠡᠩᠨᠡᠭᠡᠨ ᠳᠤ ᠶᠠᠪᠤᠵᠤ᠂ ᠰᠤᠷᠤᠯᠴᠠᠬᠤ ᠳᠤᠮᠳᠠ  ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂  ᠨᠠᠶᠢᠳᠠᠪᠤᠷᠢᠵᠢᠭᠤᠯᠬᠤ ᠳᠤᠮᠳᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠠᠨᠠᠭᠠᠴᠢᠯᠠᠭ᠎ᠠ ᠠᠴᠠ ᠪᠠᠨ  ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠪᠠᠷᠢᠮᠵᠢᠶᠠᠯᠠᠨ ᠬᠠᠷᠭᠤᠭᠤᠯᠵᠤ᠂ ᠪᠥᠬᠦ ᠤᠯᠤᠰ ᠤᠨ  ᠵᠠᠬᠢᠳᠠᠯ ᠰᠤᠷᠪᠤᠯᠵᠢᠯᠠᠯ ᠤᠨ ᠠᠵᠢᠯ ᠤᠨ ᠵᠢᠱᠢᠶ᠎ᠡ ᠦᠵᠡᠭᠦᠯᠬᠦ ᠲᠣᠭᠤᠷᠢᠭ ᠢ ᠪᠥᠬᠦ ᠬᠦᠴᠦᠨ ᠢᠶᠠᠷ ᠢᠶᠠᠨ ᠡᠭᠦᠳᠦᠨ  ᠪᠠᠶᠢᠭᠤᠯᠵᠤ᠂ ᠰᠢᠨ᠎ᠡ ᠴᠠᠭ ᠦᠶ᠎ᠡ ᠶᠢᠨ ᠰᠢᠯᠭᠠᠯᠲᠠ ᠳᠤ ᠣᠷᠤᠯᠴᠠᠬᠤ ᠵᠠᠮ ᠢᠶᠠᠷ ᠰᠠᠶᠢᠲᠤᠷ ᠵᠠᠮᠨᠠᠨ᠎ᠠ᠃            ᠶᠠᠷᠢᠯᠴᠠᠭᠠᠨ ᠤ ᠠᠭᠤᠯᠭ᠎ᠠ᠄              ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠤᠨ ᠰᠤᠷᠪᠤᠯᠵᠢᠯᠠᠭᠴᠢ᠄ ᠨᠠᠮ ᠤᠨ ᠲᠥᠪ ᠬᠤᠷᠢᠶ᠎ᠠ᠂  ᠲᠥᠷᠥ ᠶᠢᠨ ᠶᠠᠪᠤᠳᠠᠯ ᠤᠨ ᠬᠤᠷᠢᠶᠠᠨ ᠤ ︽ᠵᠠᠬᠢᠳᠠᠯ ᠰᠤᠷᠪᠤᠯᠵᠢᠯᠠᠯ ᠤᠨ ᠠᠵᠢᠯ ᠤᠨ ᠳᠦᠷᠢᠮ︾᠎ ᠢ ᠳᠠᠷᠤᠮᠠᠯᠯᠠᠨ  ᠲᠠᠷᠬᠠᠭᠠᠭᠰᠠᠨ ᠲᠤᠬᠠᠢ ᠲᠠᠨ ᠤ ᠲᠠᠨᠢᠯᠲᠠ ᠪᠠᠨ ᠶᠠᠷᠢᠭᠠᠳ ᠦᠭᠬᠦᠨᠡᠦ︖            ᠪᠠᠶᠠᠨ᠋ᠣ᠋ᠪᠣᠭ᠎ᠠ ᠠᠭᠤᠷᠬᠠᠢ ᠶᠢᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠦ᠋ ᠺᠠᠢ᠄ ᠰᠢᠨ᠎ᠡ ᠴᠠᠭ  ᠦᠶ᠎ᠡ ᠶᠢᠨ ᠵᠠᠬᠢᠳᠠᠯ ᠰᠤᠷᠪᠤᠯᠵᠢᠯᠠᠯ ᠤᠨ ᠠᠵᠢᠯ ᠤᠨ ︽ᠭᠤᠷᠪᠠᠨ ᠴᠢᠬᠤᠯᠠ︾ ᠪᠠᠶᠢᠷᠢ ᠲᠣᠭᠲᠠᠭᠠᠯᠲᠠ ᠶᠢ  ᠣᠨᠣᠪᠴᠢᠲᠠᠶ ᠣᠶᠢᠯᠠᠭᠠᠵᠤ᠂ ᠤᠯᠤᠰ ᠲᠥᠷᠥ ᠶᠢᠨ ᠴᠢᠭᠯᠡᠯ ᠢ ᠪᠠᠲᠤ ᠡᠵᠡᠮᠳᠡᠬᠦ ᠬᠡᠷᠡᠭᠲᠡᠢ᠃ ︽ᠳᠦᠷᠢᠮ︾᠎ ᠳᠤ  ᠰᠢᠨ᠎ᠡ ᠴᠠᠭ ᠦᠶ᠎ᠡ ᠶᠢᠨ ᠵᠠᠬᠢᠳᠠᠯ ᠰᠤᠷᠪᠤᠯᠵᠢᠯᠠᠯ ᠤᠨ ᠠᠵᠢᠯ ᠪᠣᠯ ᠨᠠᠮ ᠤᠨ ᠤᠯᠠᠨ ᠲᠦᠮᠡᠨ ᠤ ᠠᠵᠢᠯ ᠤᠨ  ᠴᠢᠬᠤᠯᠠ ᠪᠦᠷᠢᠯᠳᠦᠭᠦᠨ ᠬᠡᠰᠡᠭ ᠮᠥᠨ᠂ ᠨᠠᠮ ᠪᠠ ᠵᠠᠰᠠᠭ ᠤᠨ ᠣᠷᠳᠣᠨ ᠤ ᠠᠷᠠᠳ ᠤᠨ ᠪᠠᠶᠢᠳᠠᠯ ᠢ ᠣᠶᠢᠯᠠᠭᠠᠬᠤ᠂  ᠠᠷᠠᠳ ᠤᠨ ᠤᠶᠤᠨ ᠤᠬᠠᠭᠠᠨ ᠢ ᠲᠥᠪᠯᠡᠷᠡᠭᠦᠯᠬᠦ᠂ ᠠᠷᠠᠳ ᠤᠨ ᠠᠰᠢᠭ ᠲᠤᠰᠠ ᠶᠢ ᠬᠠᠮᠠᠭᠠᠯᠠᠬᠤ᠂ ᠠᠷᠠᠳ ᠤᠨ  ᠰᠡᠳᠬᠢᠯ ᠢ ᠨᠢᠭᠲᠠᠷᠠᠭᠤᠯᠬᠤ ᠨᠢᠭᠡᠨ ᠴᠢᠬᠤᠯᠠ ᠠᠵᠢᠯ ᠮᠥᠨ᠂ ᠡᠯ᠎ᠡ ᠱᠠᠲᠤᠨ ᠤ ᠪᠠᠶᠢᠭᠤᠯᠭ᠎ᠠ᠂ ᠨᠢᠭᠡᠴᠢ ᠵᠢᠴᠢ  ᠲᠡᠭᠦᠨ ᠤ ᠤᠳᠤᠷᠢᠳᠬᠤ ᠺᠠᠳ᠋ᠷ᠂ ᠠᠵᠢᠯᠲᠠᠨ ᠤ ᠤᠯᠠᠨ ᠲᠦᠮᠡᠨ ᠤ ᠬᠢᠨᠠᠯᠲᠠ ᠶᠢ ᠬᠦᠯᠢᠶᠡᠬᠦ᠂ ᠠᠵᠢᠯ ᠤᠨ  ᠰᠤᠷᠲᠠᠯ ᠢᠶᠠᠨ ᠰᠠᠶᠢᠵᠢᠷᠠᠭᠤᠯᠬᠤ ᠴᠢᠬᠤᠯᠠ ᠠᠷᠭ᠎ᠠ ᠵᠠᠮ ᠮᠥᠨ ᠭᠡᠵᠦ ᠲᠣᠳᠣᠷᠬᠠᠶᠢᠯᠠᠪᠠ᠃ ︽ᠭᠤᠷᠪᠠᠨ ᠴᠢᠬᠤᠯᠠ︾ ᠪᠠᠶᠢᠷᠢ ᠲᠣᠭᠲᠠᠭᠠᠯᠲᠠ ᠨᠢ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠤᠷᠪᠤᠯᠵᠢᠯᠠᠯ ᠤᠨ  ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠵᠢᠷᠤᠮᠯᠠᠵᠤ᠂ ᠵᠠᠬᠢᠳᠠᠯ  ᠰᠤᠷᠪᠤᠯᠵᠢᠯᠠᠯ ᠤᠨ ᠠᠵᠢᠯ ᠤᠨ ᠤᠯᠤᠰ ᠲᠥᠷᠥᠴᠢ ᠴᠢᠨᠠᠷ ᠪᠣᠯᠣᠨ ᠠᠷᠠᠳᠴᠢ ᠴᠢᠨᠠᠷ ᠢ ᠲᠥᠪᠯᠡᠷᠡᠩᠭᠦᠢ ᠢᠯᠡᠷᠡᠭᠦᠯᠵᠦ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠨᠠᠮ ᠪᠣᠯᠣᠨ ᠤᠯᠤᠰ ᠤᠨ ᠠᠵᠢᠯ ᠤᠨ ᠶᠡᠭᠡ ᠲᠠᠯ᠎ᠠ ᠳᠠᠬᠢ ᠴᠢᠬᠤᠯᠠ ᠪᠠᠶᠢᠷᠢ  ᠰᠠᠭᠤᠷᠢ ᠪᠣᠯᠣᠨ ᠡᠭᠦᠷᠭᠡᠯᠡᠵᠦ ᠪᠠᠶᠢᠭ᠎ᠠ ᠴᠢᠬᠤᠯᠠ ᠡᠭᠦᠷᠭᠡ ᠶᠢ ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠵᠠᠬᠢᠳᠠᠯ  ᠰᠤᠷᠪᠤᠯᠵᠢᠯᠠᠯ ᠤᠨ ᠠᠵᠢᠯ ᠤᠨ ᠬᠥᠭᠵᠢᠯᠲᠡ ᠶᠢᠨ ᠴᠢᠭᠯᠡᠯ ᠪᠣᠯᠣᠨ ᠬᠦᠴᠦᠯᠡᠬᠦ ᠴᠡᠭ ᠢ ᠤᠯᠠᠮ ᠴᠢᠨᠠᠭᠰᠢᠳᠠ  ᠲᠣᠳᠣᠷᠬᠠᠶᠢᠯᠠᠪᠠ᠃ ᠨᠢᠭᠡᠨ ᠨᠠᠮ ᠤᠨ ᠭᠡᠰᠢᠭᠦᠨ ᠺᠠᠳ᠋ᠷ ᠪᠣᠯᠤᠭᠰᠠᠨ ᠤ ᠬᠤᠪᠢ ᠳᠤ᠂ ᠨᠠᠮ ᠳᠠᠭᠠᠨ ᠦᠨᠡᠨᠴᠢ  ᠰᠢᠳᠤᠷᠭᠤ ᠪᠠᠶᠢᠬᠤ ᠶᠢ ᠢᠮᠠᠭᠲᠠ ᠪᠠᠲᠤᠯᠠᠬᠤ ᠬᠡᠷᠡᠭᠲᠡᠢ᠂ ᠪᠠᠲᠤ ᠴᠢᠩᠭ᠎ᠠ ᠨᠠᠮᠴᠢ ᠴᠢᠨᠠᠷ ᠢ ᠳᠠᠪᠲᠠᠨ  ᠪᠣᠯᠪᠠᠰᠤᠷᠠᠭᠤᠯᠵᠤ᠂ ᠨᠠᠮ ᠤᠨ ᠱᠤᠭᠤᠮ᠂ ᠴᠢᠭᠯᠡᠯᠲᠡ᠂ ᠲᠦᠷᠦ ᠶᠢᠨ ᠪᠣᠳᠣᠯᠭ᠎ᠠ ᠶᠢ ᠡᠷᠡᠰ ᠭᠤᠶᠢᠪᠢᠰᠢ ᠦᠭᠡᠢ  ᠬᠡᠷᠡᠭᠵᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ  ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠂  ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠰᠠᠶᠢᠲᠤᠷ ᠬᠢᠬᠦ ᠶᠢ ︽ᠳᠥᠷᠪᠡᠨ ᠤᠬᠠᠮᠰᠠᠷ︾᠎ ᠢᠶᠠᠨ  ᠴᠢᠩᠭᠠᠳᠬᠠᠵᠤ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠬᠦ  ᠎ ᠶᠢᠨ ᠠᠵᠢᠯᠯᠠᠭᠠᠨ ᠤ ᠰᠢᠯᠭᠠᠨ ᠪᠠᠶᠢᠴᠠᠭᠠᠯᠲᠠ ᠪᠤᠯᠭᠠᠵᠤ᠂ ᠤᠯᠤᠰ ᠲᠥᠷᠥ ᠶᠢᠨ ᠴᠢᠭᠯᠡᠯ ᠲᠣᠳᠣᠷᠬᠠᠢ ᠪᠠᠶᠢᠬᠤ᠂  ᠤᠯᠤᠰ ᠲᠥᠷᠥ ᠶᠢᠨ ᠵᠣᠭᠰᠣᠯᠲᠠ ᠪᠠᠲᠤ ᠪᠠᠶᠢᠬᠤ ᠶᠢ ᠪᠡᠶᠡᠯᠡᠭᠦᠯᠵᠦ᠂ ︽ᠬᠤᠶᠠᠷ ᠢ ᠲᠣᠭᠲᠠᠭᠠᠭᠰᠠᠨ︾  ᠎ ᠢ ᠦᠨᠡᠨᠬᠦ  ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠬᠦ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂  ᠠᠵᠢᠯᠯᠠᠭᠠᠨ ᠤ ᠤᠬᠠᠮᠰᠠᠷ ᠪᠣᠯᠭᠠᠨ ᠬᠤᠪᠢᠷᠠᠭᠤᠯᠵᠤ᠂ ᠵᠥᠷᠢᠴᠡᠯ ᠤᠨ ᠳᠠᠯᠳᠠ ᠭᠡᠮ ᠢ ᠠᠷᠢᠯᠭᠠᠬᠤ ᠠᠵᠢᠯ ᠤᠨ ᠬᠢᠷᠢ  ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ  ᠦᠨᠡᠨ ᠰᠡᠳᠬᠢᠯ ᠠᠴᠠ ᠪᠠᠨ ᠬᠠᠮᠠᠭᠠᠯᠠᠬᠤ ᠬᠡᠷᠡᠭᠲᠡᠢ᠃            ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠤᠨ ᠰᠤᠷᠪᠤᠯᠵᠢᠯᠠᠭᠴᠢ᠄ ᠪᠠᠶᠠᠨ᠋ᠣ᠋ᠪᠣᠭ᠎ᠠ ᠠᠭᠤᠷᠬᠠᠢ ᠶᠢᠨ  ᠲᠣᠭᠤᠷᠢᠭ ᠡᠨᠡᠬᠦ ᠠᠵᠢᠯ ᠢ ᠬᠡᠷᠬᠢᠨ ᠰᠠᠶᠢᠲᠤᠷ ᠲᠤᠭᠤᠰᠢᠯᠠᠭᠤᠯᠤᠨ ᠬᠡᠷᠡᠭᠵᠢᠭᠦᠯᠬᠦ ᠪᠤᠢ︖            ᠪᠠᠶᠠᠨ᠋ᠣ᠋ᠪᠣᠭ᠎ᠠ ᠠᠭᠤᠷᠬᠠᠢ ᠶᠢᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠦ᠋ ᠺᠠᠢ᠄ ᠨᠢᠭᠡ ᠳᠤ᠂  ᠠᠷᠠᠳ ᠲᠦᠮᠡᠨ ᠢ ᠳᠡᠭᠡᠳᠦᠯᠡᠬᠦ ᠦᠨᠳᠦᠰᠦᠨ ᠱᠠᠭᠠᠷᠳᠠᠯᠭ᠎ᠠ ᠶᠢ ᠭᠦᠨᠵᠡᠭᠡᠢ ᠡᠵᠡᠮᠳᠡᠵᠦ᠂ ᠠᠷᠠᠳ ᠲᠦᠮᠡᠨᠴᠢ  ᠰᠡᠳᠬᠢᠯᠭᠡ ᠶᠢ ᠪᠠᠲᠤ ᠰᠠᠬᠢᠨ᠎ᠠ᠃ ᠠᠷᠠᠳ ᠤᠨ ᠵᠠᠬᠢᠳᠠᠯ ᠰᠤᠷᠪᠤᠯᠵᠢᠯᠠᠯ ᠨᠢ ᠠᠷᠠᠳ ᠲᠦᠮᠡᠨ ᠤ ᠲᠥᠯᠥᠭᠡ ᠶᠤᠮ᠂  ᠠᠷᠠᠳ ᠲᠦᠮᠡᠨ ᠢᠶᠠᠷ ᠭᠤᠣᠯ ᠪᠣᠯᠭᠠᠬᠤ ᠣᠶᠢᠯᠠᠭᠠᠭᠳᠠᠬᠤᠨ ᠢ ᠪᠠᠷᠢᠮᠲᠠᠯᠠᠬᠤ ᠪᠣᠯ ᠵᠠᠬᠢᠳᠠᠯ ᠰᠤᠷᠪᠤᠯᠵᠢᠯᠠᠯ ᠤᠨ  ᠠᠵᠢᠯ ᠢ ᠰᠠᠶᠢᠲᠤᠷ ᠬᠢᠬᠦ ᠶᠢᠨ ᠦᠨᠳᠦᠰᠦᠨ ᠵᠠᠷᠴᠢᠮ ᠮᠥᠨ᠃ ᠶᠡᠷᠦᠩᠬᠡᠢ ᠱᠦᠵᠢ ᠰᠢ ᠶᠢᠨ ᠫᠢᠩ ᠤᠨ ︽ᠥᠪᠡᠷ ᠢ  ᠎ ᠪᠠᠨ ᠤᠮᠠᠷᠲᠠᠨ᠂ ᠠᠷᠠᠳ ᠲᠦᠮᠡᠨ ᠳᠤ ᠦᠯᠦ ᠣᠰᠣᠯᠳᠠᠬᠤ︾ ᠭᠡᠬᠦ ᠠᠷᠠᠳ ᠲᠦᠮᠡᠨ ᠤ ᠬᠠᠶᠢᠷ᠎ᠠ ᠰᠡᠳᠬᠢᠯᠭᠡ ᠪᠠᠷ  ᠦᠯᠢᠭᠡᠷ ᠳᠠᠭᠤᠷᠢᠶᠠᠯ ᠪᠣᠯᠭᠠᠵᠤ᠂ ᠤᠯᠠᠨ ᠲᠦᠮᠡᠨᠴᠢ ᠦᠵᠡᠯᠲᠡ ᠶᠢ ᠴᠢᠩᠭᠠᠳᠬᠠᠨ᠂ ᠢᠮᠠᠭᠲᠠ ᠤᠯᠠᠨ ᠲᠦᠮᠡᠨ ᠤ  ᠵᠣᠭᠰᠣᠯᠲᠠ ᠠᠴᠠ ᠰᠣᠨᠣᠰᠴᠤ᠂ ᠪᠣᠳᠣᠯᠬᠢᠯᠠᠨ᠎ᠠ᠃ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠪᠠᠲᠤ  ᠴᠡᠭᠡᠵᠢᠯᠡᠵᠦ᠂ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠳᠤ ᠬᠠᠨᠳᠤᠬᠤ ᠳᠠᠭᠠᠨ ᠦᠨᠡᠨ ᠰᠡᠳᠬᠢᠯ ᠠᠴᠠ ᠪᠠᠨ  ᠤᠯᠠᠨ ᠲᠦᠮᠡᠨ ᠤ ᠰᠡᠳᠬᠢᠯ ᠢ ᠲᠠᠶᠢᠳᠬᠤᠷᠠᠭᠤᠯᠵᠤ᠂ ᠲᠡᠳᠡᠨ ᠤ ᠤᠴᠠᠭᠠᠷ ᠭᠤᠮᠣᠳᠠᠯ ᠢ ᠰᠢᠢᠳᠪᠦᠷᠢᠯᠡᠨ ᠠᠷᠢᠯᠭᠠᠨ᠎ᠠ  ᠃ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾᠎ ᠶᠢ ᠵᠠᠬᠢᠳᠠᠯ ᠰᠤᠷᠪᠤᠯᠵᠢᠯᠠᠯ ᠤᠨ ᠠᠵᠢᠯ ᠳᠤᠮᠳᠠ  ᠦᠨᠡᠨᠬᠦ ᠨᠠᠶᠢᠳᠠᠪᠤᠷᠢᠵᠢᠭᠤᠯᠵᠤ᠂ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠳᠠᠬᠢ ᠪᠣᠯᠭᠢᠴᠢᠯᠠᠬᠤ  ᠠᠷᠠᠯᠵᠢᠶᠠᠯᠠᠬᠤ ᠶᠢ ᠲᠥᠪᠯᠡᠷᠡᠭᠦᠯᠦᠨ ᠵᠠᠰᠠᠬᠤ ᠪᠠ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠰᠤᠷᠤᠯᠴᠠᠯᠭ᠎ᠠ  ᠦᠢᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠨᠣᠶᠠᠨᠴᠢ ᠰᠤᠷᠲᠠᠯ ᠢ ᠲᠠᠶᠠᠭᠳᠠᠵᠤ᠂ ᠰᠢᠯᠲᠠᠭᠯᠠᠵᠤ  ᠬᠠᠷᠢᠯᠴᠠᠨ ᠲᠦᠯᠬᠢᠯᠴᠡᠬᠦ ᠶᠢ ᠲᠡᠪᠴᠢᠨ᠂ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠰᠢᠢᠳᠪᠦᠷᠢᠯᠡᠬᠦ ᠶᠢ ᠠᠷᠠᠳ  ᠲᠦᠮᠡᠨ ᠳᠤ ᠦᠢᠯᠡᠴᠢᠯᠡᠵᠦ ᠬᠦᠴᠢᠷ ᠠᠰᠠᠭᠤᠳᠠᠯ ᠢ ᠰᠢᠢᠳᠪᠦᠷᠢᠯᠡᠬᠦ ᠬᠠᠮᠤᠭ ᠤᠨ ᠰᠢᠭᠤᠳ ᠰᠢᠪᠲᠤᠯᠤᠯᠲᠠ ᠶᠢᠨ  ᠭᠠᠷᠤᠭ᠎ᠠ ᠪᠣᠯᠭᠠᠨ᠎ᠠ᠂ ᠡᠭᠦᠳᠡ ᠪᠠᠨ ᠨᠡᠭᠡᠭᠡᠵᠦ ᠶᠡᠭᠡ ᠪᠠᠷ ᠰᠤᠷᠪᠤᠯᠵᠢᠯᠠᠯ ᠢ ᠭᠥᠯᠢᠶᠡᠨ ᠠᠪᠴᠤ᠂ ᠣᠯᠠᠨ ᠲᠦᠮᠡᠨ ᠤ  ᠲᠤᠰᠬᠠᠭᠰᠠᠨ ᠡᠯ᠎ᠡ ᠵᠦᠢᠯ ᠤᠨ ᠠᠰᠠᠭᠤᠳᠠᠯ ᠢ ᠲᠡᠷᠡ ᠳᠣᠣᠷ᠎ᠠ ᠨᠢ ᠰᠢᠢᠳᠪᠦᠷᠢᠯᠡᠨ᠂ ᠪᠠᠷᠢᠨ ᠬᠢᠵᠦ᠂  ᠤᠳᠤᠷᠢᠳᠤᠯᠭ᠎ᠠ ᠬᠡᠷᠡᠭ ᠢ ᠳᠠᠭᠠᠭᠠᠴᠢᠯᠠᠵᠤ ᠰᠢᠢᠳᠪᠦᠷᠢᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠂ ︽ ᠭᠤᠷᠪᠠ ᠶᠢ ᠨᠠᠶᠢᠳᠠᠪᠤᠷᠢᠵᠢᠭᠤᠯᠵᠤ ᠨᠢᠭᠡ ᠶᠢ ᠰᠢᠢᠳᠪᠦᠷᠢᠯᠡᠬᠦ︾ ᠠᠵᠢᠯ ᠤᠨ ᠵᠠᠷᠴᠢᠮ ᠢ ᠶᠡᠷᠦᠩᠬᠡᠶᠢᠯᠡᠨ ᠬᠡᠷᠡᠭᠯᠡᠵᠦ᠂  ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠬᠠᠤᠯᠢ ᠲᠣᠭᠲᠠᠭᠠᠯ ᠶᠣᠰᠣᠭᠠᠷ ᠰᠠᠶᠢᠲᠤᠷ ᠰᠢᠢᠳᠪᠦᠷᠢᠯᠡᠨ᠂  ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠢᠲᠡᠭᠡᠯ ᠢ ᠣᠯᠣᠨ᠎ᠠ᠃ ᠬᠤᠶᠠᠷ ᠲᠤ᠂ ᠠᠵᠢᠯᠯᠠᠭᠠᠨ ᠤ ᠤᠬᠠᠮᠰᠠᠷ ᠢᠶᠠᠨ  ᠪᠦᠬᠦ ᠲᠠᠯ᠎ᠠ ᠪᠠᠷ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠨ᠎ᠠ᠃ ᠶᠡᠷᠦᠩᠬᠡᠢ  ᠱᠦᠵᠢ ᠰᠢ ᠶᠢᠨ ᠫᠢᠩ᠂ ᠣᠳᠣᠬᠠᠨ ᠳᠤ ᠤᠯᠠᠨ ᠲᠦᠮᠡᠨ ᠤ ᠵᠠᠬᠢᠳᠠᠯ ᠰᠤᠷᠪᠤᠯᠵᠢᠯᠠᠯ ᠤᠨ ᠠᠷᠭ᠎ᠠ ᠵᠠᠮ ᠢᠶᠠᠷ  ᠲᠤᠰᠬᠠᠭᠰᠠᠨ ᠵᠠᠬᠢᠳᠠᠯ ᠰᠤᠷᠪᠤᠯᠵᠢᠯᠠᠯ ᠤᠨ ᠲᠣᠪᠣᠶᠢᠮ᠎ᠠ ᠠᠰᠠᠭᠤᠳᠠᠯ ᠳᠤ ᠰᠢᠨ᠎ᠡ ᠠᠰᠠᠭᠤᠳᠠᠯ ᠪᠠᠶᠢᠬᠤ ᠪᠠᠷ ᠪᠠᠷᠠᠬᠤ  ᠦᠭᠡᠢ ᠪᠠᠰᠠ ᠬᠠᠭᠤᠴᠢᠨ ᠬᠦᠴᠢᠷ ᠠᠰᠠᠭᠤᠳᠠᠯ ᠪᠠᠶᠢᠨ᠎ᠠ᠂ ᠭᠡᠪᠡᠴᠦ ᠴᠥᠮ ᠤᠯᠠᠨ ᠲᠦᠮᠡᠨ ᠤ ᠦᠨᠳᠦᠰᠦᠨ ᠠᠰᠢᠭ  ᠲᠤᠰᠠ ᠲᠠᠢ ᠬᠤᠯᠪᠣᠭᠳᠠᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠲᠠᠢ ᠬᠤᠯᠪᠣᠭᠳᠠᠨ᠎ᠠ ᠭᠡᠵᠦ ᠵᠢᠭᠠᠵᠤ  ᠭᠠᠷᠭᠠᠵᠠᠢ᠃ ᠬᠠᠷᠢᠭᠤᠴᠠᠯᠭ᠎ᠠ ᠡᠭᠦᠷᠭᠡᠯᠡᠯ ᠢᠶᠠᠨ ᠦᠨᠡᠨ ᠬᠦ ᠴᠢᠩᠭᠠᠳᠬᠠᠵᠤ᠂ ᠤᠳᠤᠷᠢᠳᠬᠤ ᠺᠠᠳ᠋ᠷ ᠤᠨ  ᠰᠤᠷᠪᠤᠯᠵᠢᠯᠠᠯ ᠢ ᠭᠥᠯᠢᠶᠡᠨ ᠠᠪᠬᠤ᠂ ᠳᠣᠷᠣᠭᠰᠢ ᠪᠠᠭᠤᠵᠤ ᠰᠤᠷᠪᠤᠯᠵᠢᠯᠠᠬᠤ ᠡᠷᠴᠢᠮ ᠢᠶᠠᠨ ᠴᠢᠩᠭᠠᠷᠠᠭᠤᠯᠵᠤ᠂  ᠡᠳᠦᠷ ᠪᠦᠷᠢ ᠨᠢᠭᠡ ᠰᠢᠶᠠᠨ ᠤ ᠱᠠᠲᠤᠨ ᠤ ᠤᠳᠤᠷᠢᠳᠤᠯᠭ᠎ᠠ ᠡᠭᠦᠳᠡ ᠪᠠᠨ ᠨᠡᠭᠡᠭᠡᠵᠦ ᠰᠤᠷᠪᠤᠯᠵᠢᠯᠠᠯ ᠢ ᠶᠡᠭᠡ ᠪᠠᠷ  ᠭᠥᠯᠢᠶᠡᠨ ᠠᠪᠬᠤ ᠶᠢ ᠲᠣᠬᠢᠷᠠᠭᠤᠯᠵᠤ᠂ ᠬᠠᠤᠯᠢ ᠴᠠᠭᠠᠵᠠ᠂ ᠲᠦᠷᠦ ᠶᠢᠨ ᠪᠣᠳᠣᠯᠭ᠎ᠠ᠂ ᠠᠵᠤ ᠠᠬᠤᠢ᠂ ᠵᠠᠰᠠᠭ  ᠵᠠᠬᠢᠷᠭᠠᠨ ᠤ ᠵᠡᠷᠭᠡ ᠠᠷᠭ᠎ᠠ ᠪᠠᠷᠢᠯ ᠪᠠ ᠰᠤᠷᠭᠠᠵᠤ ᠬᠥᠮᠥᠵᠢᠭᠦᠯᠬᠦ᠂ ᠡᠶᠡᠳᠡᠭᠦᠯᠬᠦ᠂ ᠵᠠᠯᠠᠵᠤ ᠵᠢᠯᠤᠭᠤᠳᠬᠤ ᠵᠡᠷᠭᠡ  ᠠᠷᠭ᠎ᠠ ᠶᠢ ᠶᠡᠷᠦᠩᠬᠡᠶᠢᠯᠡᠨ ᠬᠡᠷᠡᠭᠯᠡᠵᠦ᠂ ᠵᠥᠷᠢᠴᠡᠯ ᠵᠠᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ  ᠴᠢᠩᠭᠠᠷᠠᠭᠤᠯᠵᠤ᠂ ᠦᠨᠡᠨ ᠬᠦ ᠪᠣᠳᠠᠲᠠᠢ ᠠᠰᠠᠭᠤᠳᠠᠯ ᠢ ᠰᠢᠢᠳᠪᠦᠷᠢᠯᠡᠵᠦ᠂ ᠬᠡᠷᠡᠭ ᠢ ᠲᠤᠭᠤᠰᠢᠲᠠᠢ ᠪᠠᠶᠢᠴᠠᠭᠠᠨ  ᠰᠢᠢᠳᠪᠦᠷᠢᠯᠡᠵᠦ ᠳᠠᠭᠤᠰᠬᠠᠬᠤ᠂ ︽ᠤᠴᠢᠷ ᠶᠠᠪᠤᠳᠠᠯ ᠢ ᠰᠢᠢᠳᠪᠦᠷᠢᠯᠡᠵᠦ ᠰᠡᠳᠬᠢᠯ ᠤᠨ ᠵᠠᠩᠭᠢᠷᠠᠭ᠎ᠠ ᠶᠢ ᠠᠷᠢᠯᠭᠠᠬᠤ︾ ᠎ ᠶᠢ ᠦᠨᠡᠨ ᠬᠦ ᠪᠡᠶᠡᠯᠡᠭᠦᠯᠵᠦ᠂ ᠵᠥᠷᠢᠴᠡᠯ ᠢ ᠬᠠᠮᠤᠭ ᠤᠨ ᠪᠠᠭ᠎ᠠ ᠬᠡᠮᠵᠢᠶᠡᠨ ᠳᠤᠨᠢ ᠳᠠᠷᠤᠵᠤ᠂ ᠵᠥᠷᠢᠴᠡᠯ ᠤᠨ  ᠬᠤᠷᠴᠠᠲᠤᠬᠤ ᠠᠴᠠ ᠵᠠᠶᠢᠯᠠᠰᠬᠢᠵᠦ᠂ ᠦᠨᠡᠨ ᠪᠣᠳᠠᠲᠠᠢ ᠠᠵᠢᠯ ᠤᠨ ᠦᠷ᠎ᠡ ᠪᠦᠲᠦᠮᠵᠢ ᠪᠠᠷ ᠠᠷᠠᠳ ᠲᠦᠮᠡᠨ ᠰᠡᠳᠬᠢᠯ  ᠬᠠᠨᠤᠮᠵᠢᠲᠠᠢ ᠪᠠᠶᠢᠬᠤ ᠴᠠᠭ ᠦᠶ᠎ᠡ ᠶᠢᠨ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠨ᠎ᠠ᠃  
 
ᠢᠷᠡᠯᠲᠡ᠄ ᠪᠤᠭᠤᠲᠤ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1