ᠨᠠᠮ ᠤᠨ ᠬᠤᠷᠢᠳᠤᠭᠠᠷ ᠶᠡᠭᠡ ᠬᠤᠷᠠᠯ ᠤᠨ ᠰᠣᠨᠢᠨ ᠮᠡᠳᠡᠭᠡᠨ ᠤ ᠲᠥᠪ ᠠᠩᠬᠠᠳᠠᠭᠴᠢ ᠬᠠᠮᠲᠤ ᠶᠢᠨ ᠰᠣᠷᠪᠤᠯᠵᠢᠯᠠᠭ᠎ᠠ ᠡᠷᠭᠢᠯᠡᠪᠡ ᠬᠤᠸᠠᠩ ᡁᠢ ᠴᠢᠶᠠᠩ ᠬᠤᠷᠠᠯ ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ
ᠨᠡᠶᠢᠲᠡᠯᠡᠭᠰᠡᠨ ᠴᠠᠭ᠄
2022/12/19
    10 ᠰᠠᠷ᠎ᠠ ᠶᠢᠨ 18 ᠤ ᠡᠳᠦᠷ ᠤᠨ ᠦᠳᠡ ᠶᠢᠨ ᠬᠤᠶᠢᠨ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠰᠣᠨᠢᠨ ᠮᠡᠳᠡᠭᠡᠨ ᠤ ᠲᠥᠪ ᠠᠩᠬᠠᠳᠠᠭᠴᠢ ᠬᠠᠮᠲᠤ ᠶᠢᠨ ᠰᠣᠷᠪᠤᠯᠵᠢᠯᠠᠭ᠎ᠠ ᠶᠢ ᠡᠷᠭᠢᠯᠡᠪᠡ᠃ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠰᠣᠨᠢᠨ ᠮᠡᠳᠡᠭᠡᠨ ᠤ ᠥᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠰᠤᠷᠪᠤᠯᠵᠢᠯᠠᠬᠤ ᠠᠵᠢᠯᠯᠠᠭ᠎ᠠ ᠳᠤ ᠣᠷᠣᠯᠴᠠᠵᠤ᠂ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠢ ᠰᠤᠷᠤᠯᠴᠠᠨ ᠶᠠᠷᠢᠯᠴᠠᠭᠰᠠᠨ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃      ᠬᠤᠸᠠᠩ ᡁᠢ ᠴᠢᠶᠠᠩ ᠲᠠᠨᠢᠯᠴᠠᠭᠤᠯᠬᠤ ᠳᠠᠭᠠᠨ᠂ ᠬᠡᠳᠦᠨ ᠡᠳᠦᠷ ᠤᠨ ᠲᠤᠷᠰᠢ᠂ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠢ ᠨᠠᠷᠢᠨ ᠬᠢᠨᠠᠮᠠᠭᠠᠢ ᠰᠤᠷᠤᠯᠴᠠᠨ ᠶᠠᠷᠢᠯᠴᠠᠪᠠ᠃ᠤᠯᠠᠨ ᠢᠶᠠᠷ ᠢᠶᠠᠨ᠂ ᠰᠢᠨ᠎ᠡ ᠴᠠᠭ ᠦᠶ᠎ᠡ ᠶᠢᠨ 10 ᠵᠢᠯ ᠤᠨ ᠠᠭᠤᠤ ᠶᠡᠭᠡ ᠠᠮᠵᠢᠯᠲᠠ ᠪᠦᠲᠦᠮᠵᠢ᠂ ᠠᠭᠤᠤ ᠶᠡᠭᠡ ᠬᠤᠪᠢᠰᠤᠯᠲᠠ ᠨᠢ ᠬᠥᠮᠥᠰ ᠤᠨ ᠰᠡᠳᠬᠢᠯ ᠢ ᠵᠣᠷᠢᠭᠵᠢᠭᠤᠯᠵᠤ᠂ ᠬᠥᠮᠥᠰ ᠤᠨ ᠤᠷᠮ᠎ᠠ ᠵᠣᠷᠢᠭ ᠢ ᠬᠥᠪᠴᠢᠯᠡᠨ᠎ᠡ ᠭᠡᠵᠦ ᠰᠠᠨᠠᠯ ᠨᠢᠭᠡᠲᠡᠢ ᠦᠵᠡᠪᠡ᠃ᠥᠪᠥᠷ ᠮᠣᠩᠭᠤᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠡᠯ᠎ᠡ ᠦᠨᠳᠦᠰᠦᠲᠡᠨ ᠤ ᠪᠦᠯᠬᠦᠮᠳᠡᠯ ᠲᠡᠮᠡᠴᠡᠯ ᠤᠨ ᠠᠭᠤᠷ ᠠᠮᠢᠰᠬᠤᠯ ᠢ ᠴᠢᠷᠮᠠᠶᠢᠨ ᠨᠢᠭᠲᠠᠷᠠᠭᠤᠯᠵᠤ᠂ ᠪᠦᠬᠦ ᠣᠷᠣᠨ ᠢᠶᠠᠷ ᠢᠶᠠᠨ ᠠᠵᠢᠯ ᠬᠢᠵᠦ ᠦᠢᠯᠡᠰ ᠪᠣᠰᠬᠠᠬᠤ ᠡᠷᠴᠢ ᠵᠣᠷᠢᠭ ᠢ ᠭᠦᠢᠴᠡᠳ ᠪᠠᠳᠠᠷᠠᠭᠤᠯᠬᠤ ᠪᠣᠯᠣᠨ᠎ᠠ᠃      ᠰᠢᠨ᠎ᠡ ᠡᠨᠧᠷᠭᠢ ᠶᠢᠨ ᠬᠥᠭᠵᠢᠯᠲᠡ ᠶᠢᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠬᠤ ᠳᠠᠭᠠᠨ᠂ ᠬᠤᠸᠠᠩ ᡁᠢ ᠴᠢᠶᠠᠩ᠂ ᠥᠪᠥᠷ ᠮᠣᠩᠭᠤᠯ ᠰᠢᠨ᠎ᠡ ᠡᠨᠧᠷᠭᠢ ᠶᠢ ᠬᠥᠭᠵᠢᠭᠦᠯᠬᠦ ᠳᠤ ᠤᠯᠠᠨ ᠠᠴᠠ ᠣᠨᠴᠠᠭᠠᠢ ᠣᠨᠴᠠᠯᠢᠭ ᠲᠠᠢ᠂ ︽ᠣᠷᠣᠢ ᠳᠡᠭᠡᠷ᠎ᠡ ᠪᠠᠨ ᠥᠩᠭᠡ ᠲᠠᠢ᠂ ᠬᠥᠯ ᠳᠣᠣᠷ᠎ᠠ ᠪᠠᠨ ᠨᠡᠭᠦᠷᠡᠰᠦ ᠲᠠᠢ᠂ ᠭᠠᠷ ᠲᠠᠭᠠᠨ ᠴᠠᠬᠢᠯᠭᠠᠨ ᠤ ᠲᠣᠣᠷ ᠲᠠᠢ︾᠂ ᠥᠪᠡᠷᠲᠡᠭᠡᠨ ᠵᠠᠰᠠᠬᠤ ᠣᠷᠣᠨ ᠰᠢᠨ᠎ᠡ ᠡᠨᠧᠷᠭᠢ ᠪᠠᠷ ᠭᠤᠣᠯ ᠴᠣᠭᠴᠠ ᠪᠣᠯᠭᠠᠭᠰᠠᠨ ᠡᠨᠧᠷᠭᠢ ᠶᠢᠨ ᠬᠠᠩᠭᠠᠯᠭ᠎ᠠ ᠶᠢᠨ ᠰᠢᠰᠲ᠋ᠥᠮ ᠢ ᠤᠷᠢᠳᠠᠪᠠᠷ ᠪᠠᠶᠢᠭᠤᠯᠵᠤ᠂ ᠰᠢᠨ᠎ᠡ ᠡᠨᠧᠷᠭᠢ ᠪᠠᠷ ᠭᠤᠣᠯ ᠴᠣᠭᠴᠠ ᠪᠣᠯᠭᠠᠭᠰᠠᠨ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠥᠮ ᠢ ᠤᠷᠢᠳᠠᠪᠠᠷ ᠪᠠᠶᠢᠭᠤᠯᠵᠤ᠂ ᠢᠷᠡᠭᠡᠳᠦᠢ ᠶᠢᠨ ᠲᠥᠯᠥᠪ ᠬᠢᠵᠠᠭᠠᠯᠠᠰᠢ ᠦᠭᠡᠢ ᠪᠠᠶᠢᠵᠤ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠨᠢ ᠯᠠᠪᠲᠠᠢ ᠶᠤᠮ ᠭᠡᠵᠦ ᠬᠡᠯᠡᠪᠡ᠃
 
ᠢᠷᠡᠯᠲᠡ᠄ ᠨᠤᠲᠤᠭ ᠪᠡᠯᠴᠢᠭᠡᠷ ᠤᠨ ᠪᠦᠷᠢᠨ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1