ᠠᠷᠠᠳ ᠲᠦᠮᠡᠨᠴᠢ ᠰᠡᠳᠬᠢᠯᠭᠡ ᠶᠢ ᠪᠠᠲᠤ ᠰᠠᠬᠢᠵᠤ ᠰᠢᠨ᠎ᠡ ᠴᠠᠭ ᠦᠶ᠎ᠡ ᠶᠢᠨ ᠰᠢᠯᠭᠠᠯᠲᠠ ᠳᠤ  ᠣᠷᠤᠯᠴᠠᠬᠤ ᠵᠠᠮ ᠢᠶᠠᠷ ᠰᠠᠶᠢᠲᠤᠷ ᠵᠠᠮᠨᠠᠨ᠎ᠠ
ᠨᠡᠶᠢᠲᠡᠯᠡᠭᠰᠡᠨ ᠴᠠᠭ᠄
2022/12/19
      ᠶᠠᠷᠢᠯᠴᠠᠭᠠᠨ ᠤ ᠭᠤᠣᠯ ᠰᠡᠳᠦᠪ᠄ ᠠᠷᠠᠳ ᠲᠦᠮᠡᠨᠴᠢ ᠰᠡᠳᠬᠢᠯᠭᠡ ᠶᠢ ᠪᠠᠲᠤ ᠰᠠᠬᠢᠵᠤ ᠰᠢᠨ᠎ᠡ ᠴᠠᠭ  ᠦᠶ᠎ᠡ ᠶᠢᠨ ᠰᠢᠯᠭᠠᠯᠲᠠ ᠳᠤ ᠣᠷᠤᠯᠴᠠᠬᠤ ᠵᠠᠮ ᠢᠶᠠᠷ ᠰᠠᠶᠢᠲᠤᠷ ᠵᠠᠮᠨᠠᠨ᠎ᠠ — ᠪᠠᠶᠠᠨ᠋ᠣ᠋ᠪᠣᠭ᠎ᠠ ᠠᠭᠤᠷᠬᠠᠢ ᠶᠢᠨ  ᠲᠣᠭᠤᠷᠢᠭ ᠤᠨ ᠨᠠᠮ ᠤᠨ ᠬᠤᠷᠢᠶᠠᠨ ᠤ ᠱᠦᠵᠢ ᠦ᠋ ᠺᠠᠢ ᠶᠢ ᠰᠤᠷᠪᠤᠯᠵᠢᠯᠠᠭᠰᠠᠨ ᠨᠢ              ᠰᠤᠷᠪᠤᠯᠵᠢᠯᠠᠭᠰᠠᠨ ᠴᠠᠭ᠄ 2022 ᠣᠨ ᠤ 6 ᠰᠠᠷ᠎ᠠ ᠶᠢᠨ 20 ᠤ ᠡᠳᠦᠷ            ᠰᠣᠷᠪᠤᠯᠵᠢᠯᠠᠭ᠎ᠠ ᠬᠦᠯᠢᠶᠡᠭᠰᠡᠨ ᠵᠣᠴᠢᠨ᠄ ᠪᠠᠶᠠᠨ᠋ᠣ᠋ᠪᠣᠭ᠎ᠠ ᠠᠭᠤᠷᠬᠠᠢ ᠶᠢᠨ ᠲᠣᠭᠤᠷᠢᠭ ᠤᠨ ᠨᠠᠮ ᠤᠨ  ᠬᠤᠷᠢᠶᠠᠨ ᠤ ᠱᠦᠵᠢ ᠦ᠋ ᠺᠠᠢ                ᠶᠠᠷᠢᠯᠴᠠᠭᠠᠨ ᠤ ᠲᠣᠪᠴᠢ ᠲᠠᠨᠢᠯᠴᠠᠭᠤᠯᠭ᠎ᠠ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂  ᠨᠠᠮ ᠤᠨ ᠲᠥᠪ  ᠬᠤᠷᠢᠶ᠎ᠠ ᠵᠠᠬᠢᠳᠠᠯ ᠰᠤᠷᠪᠤᠯᠵᠢᠯᠠᠯ ᠤᠨ ᠠᠵᠢᠯ ᠤᠨ ᠲᠤᠬᠠᠢ ᠠᠯᠢ ᠤᠯᠠᠨ ᠰᠢᠢᠳᠪᠦᠷᠢᠲᠦ ᠪᠣᠳᠣᠯᠭ᠎ᠠ  ᠪᠠᠶᠢᠷᠢᠯᠠᠭᠤᠯᠤᠯᠲᠠ ᠬᠢᠵᠦ᠂ ᠶᠡᠷᠦᠩᠬᠡᠢ ᠱᠦᠵᠢ ᠰᠢ ᠶᠢᠨ ᠫᠢᠩ ᠠᠯᠢ ᠤᠯᠠᠨ ᠰᠢᠨ᠎ᠡ ᠦᠵᠡᠯᠲᠡ ᠰᠢᠨ᠎ᠡ ᠨᠤᠲᠠᠯᠠᠯᠲᠠ   ᠶᠢ ᠳᠤᠷᠠᠳᠴᠤ᠂ ᠵᠠᠬᠢᠳᠠᠯ ᠰᠤᠷᠪᠤᠯᠵᠢᠯᠠᠯ   ᠤᠨ ᠠᠵᠢᠯ ᠳᠤ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ ᠥᠭᠴᠦ  ᠂ ᠰᠢᠨᠵᠢᠯᠡᠬᠦ ᠤᠬᠠᠭᠠᠨᠴᠢ ᠵᠦᠭᠯᠡᠭᠦᠷ ᠬᠠᠩᠭᠠᠵᠤ᠂ ᠤᠶᠤᠨ ᠰᠠᠨᠠᠭᠠᠨ ᠤ ᠬᠥᠳᠡᠯᠭᠡᠭᠦ ᠬᠦᠴᠦᠨ ᠨᠡᠮᠡᠷᠢᠯᠡᠵᠦ ᠂ ᠵᠠᠬᠢᠳᠠᠯ  ᠰᠤᠷᠪᠤᠯᠵᠢᠯᠠᠯ ᠤᠨ ᠠᠵᠢᠯ ᠢ ᠠᠬᠢᠭᠤᠯᠤᠨ ᠢᠯᠡᠳᠲᠡ ᠦᠷ᠎ᠡ ᠪᠦᠲᠦᠮᠵᠢ ᠣᠯᠵᠠᠢ᠃ ᠣᠶᠢᠷ᠎ᠠ ᠳᠤ᠂ ᠳᠤᠮᠳᠠᠳᠤ  ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ︽ᠵᠠᠬᠢᠳᠠᠯ  ᠰᠤᠷᠪᠤᠯᠵᠢᠯᠠᠯ ᠤᠨ ᠠᠵᠢᠯ ᠤᠨ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶ ᠢ ᠳᠠᠷᠤᠮᠠᠯᠯᠠᠨ  ᠲᠠᠷᠬᠠᠭᠠᠪᠠ᠂ ᠨᠡᠶᠢᠲᠡ ᠵᠢᠷᠭᠤᠭᠠᠨ ᠪᠦᠯᠦᠭ ᠲᠠᠪᠢᠨ ᠵᠦᠢᠯ ᠬᠤᠪᠢᠶᠠᠵᠠᠢ᠂ 2022 ᠣᠨ ᠤ 5 ᠰᠠᠷ᠎ᠠ ᠶᠢᠨ 1 ᠤ  ᠡᠳᠦᠷ ᠠᠴᠠ ᠡᠬᠢᠯᠡᠵᠦ ᠬᠡᠷᠡᠭᠵᠢᠭᠦᠯᠪᠡ᠃ ︽ᠳᠦᠷᠢᠮ︾ ᠨᠢ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ  ᠵᠠᠬᠢᠳᠠᠯ ᠰᠤᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ  ᠭᠦᠢᠴᠡᠳ ᠢᠯᠡᠷᠡᠭᠦᠯᠵᠦ᠂ ᠨᠠᠮ ᠤᠨ ᠠᠷᠪᠠᠨ  ᠨᠠᠢᠮᠠᠳᠤᠭᠠᠷ  ᠶᠡᠭᠡ ᠬᠤᠷᠠᠯ ᠠᠴᠠ ᠨᠠᠭᠠᠰᠢᠬᠢ ᠵᠠᠬᠢᠳᠠᠯ  ᠰᠤᠷᠪᠤᠯᠵᠢᠯᠠᠯ ᠤᠨ ᠠᠵᠢᠯ ᠤᠨ ᠳᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠢᠯᠡᠷᠡᠭᠦᠯᠵᠦ᠂ ᠰᠢᠨ᠎ᠡ  ᠴᠠᠭ ᠦᠶ᠎ᠡ ᠶᠢᠨ ᠵᠠᠬᠢᠳᠠᠯ ᠰᠤᠷᠪᠤᠯᠵᠢᠯᠠᠯ ᠤᠨ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠪᠠ᠃  ᠪᠢᠳᠡ ᠰᠤᠷᠤᠯᠴᠠᠬᠤ ᠶᠢ ᠲᠡᠷᠢᠭᠦᠨ ᠳᠤ ᠲᠠᠯᠪᠢᠵᠤ᠂ ᠲᠡᠷᠢᠭᠦᠨ ᠤ ᠡᠩᠨᠡᠭᠡᠨ ᠳᠤ ᠶᠠᠪᠤᠵᠤ᠂ ᠰᠤᠷᠤᠯᠴᠠᠬᠤ ᠳᠤᠮᠳᠠ  ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂  ᠨᠠᠶᠢᠳᠠᠪᠤᠷᠢᠵᠢᠭᠤᠯᠬᠤ ᠳᠤᠮᠳᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠠᠨᠠᠭᠠᠴᠢᠯᠠᠭ᠎ᠠ ᠠᠴᠠ ᠪᠠᠨ  ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠪᠠᠷᠢᠮᠵᠢᠶᠠᠯᠠᠨ ᠬᠠᠷᠭᠤᠭᠤᠯᠵᠤ᠂ ᠪᠥᠬᠦ ᠤᠯᠤᠰ ᠤᠨ  ᠵᠠᠬᠢᠳᠠᠯ ᠰᠤᠷᠪᠤᠯᠵᠢᠯᠠᠯ ᠤᠨ ᠠᠵᠢᠯ ᠤᠨ ᠵᠢᠱᠢᠶ᠎ᠡ ᠦᠵᠡᠭᠦᠯᠬᠦ ᠲᠣᠭᠤᠷᠢᠭ ᠢ ᠪᠥᠬᠦ ᠬᠦᠴᠦᠨ ᠢᠶᠠᠷ ᠢᠶᠠᠨ ᠡᠭᠦᠳᠦᠨ  ᠪᠠᠶᠢᠭᠤᠯᠵᠤ᠂ ᠰᠢᠨ᠎ᠡ ᠴᠠᠭ ᠦᠶ᠎ᠡ ᠶᠢᠨ ᠰᠢᠯᠭᠠᠯᠲᠠ ᠳᠤ ᠣᠷᠤᠯᠴᠠᠬᠤ ᠵᠠᠮ ᠢᠶᠠᠷ ᠰᠠᠶᠢᠲᠤᠷ ᠵᠠᠮᠨᠠᠨ᠎ᠠ᠃            ᠶᠠᠷᠢᠯᠴᠠᠭᠠᠨ ᠤ ᠠᠭᠤᠯᠭ᠎ᠠ᠄              ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠤᠨ ᠰᠤᠷᠪᠤᠯᠵᠢᠯᠠᠭᠴᠢ᠄ ᠨᠠᠮ ᠤᠨ ᠲᠥᠪ ᠬᠤᠷᠢᠶ᠎ᠠ᠂  ᠲᠥᠷᠥ ᠶᠢᠨ ᠶᠠᠪᠤᠳᠠᠯ ᠤᠨ ᠬᠤᠷᠢᠶᠠᠨ ᠤ ︽ᠵᠠᠬᠢᠳᠠᠯ ᠰᠤᠷᠪᠤᠯᠵᠢᠯᠠᠯ ᠤᠨ ᠠᠵᠢᠯ ᠤᠨ ᠳᠦᠷᠢᠮ︾ ᠢ ᠳᠠᠷᠤᠮᠠᠯᠯᠠᠨ  ᠲᠠᠷᠬᠠᠭᠠᠭᠰᠠᠨ ᠲᠤᠬᠠᠢ ᠲᠠᠨ ᠤ ᠲᠠᠨᠢᠯᠲᠠ ᠪᠠᠨ ᠶᠠᠷᠢᠭᠠᠳ ᠦᠭᠬᠦᠨᠡᠦ︖            ᠪᠠᠶᠠᠨ᠋ᠣ᠋ᠪᠣᠭ᠎ᠠ ᠠᠭᠤᠷᠬᠠᠢ ᠶᠢᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠦ᠋ ᠺᠠᠢ᠄ ᠰᠢᠨ᠎ᠡ ᠴᠠᠭ  ᠦᠶ᠎ᠡ ᠶᠢᠨ ᠵᠠᠬᠢᠳᠠᠯ ᠰᠤᠷᠪᠤᠯᠵᠢᠯᠠᠯ ᠤᠨ ᠠᠵᠢᠯ ᠤᠨ ︽ᠭᠤᠷᠪᠠᠨ ᠴᠢᠬᠤᠯᠠ︾ ᠪᠠᠶᠢᠷᠢ ᠲᠣᠭᠲᠠᠭᠠᠯᠲᠠ ᠶᠢ  ᠣᠨᠣᠪᠴᠢᠲᠠᠶ ᠣᠶᠢᠯᠠᠭᠠᠵᠤ᠂ ᠤᠯᠤᠰ ᠲᠥᠷᠥ ᠶᠢᠨ ᠴᠢᠭᠯᠡᠯ ᠢ ᠪᠠᠲᠤ ᠡᠵᠡᠮᠳᠡᠬᠦ ᠬᠡᠷᠡᠭᠲᠡᠢ᠃ ︽ᠳᠦᠷᠢᠮ︾ ᠳᠤ  ᠰᠢᠨ᠎ᠡ ᠴᠠᠭ ᠦᠶ᠎ᠡ ᠶᠢᠨ ᠵᠠᠬᠢᠳᠠᠯ ᠰᠤᠷᠪᠤᠯᠵᠢᠯᠠᠯ ᠤᠨ ᠠᠵᠢᠯ ᠪᠣᠯ ᠨᠠᠮ ᠤᠨ ᠤᠯᠠᠨ ᠲᠦᠮᠡᠨ ᠤ ᠠᠵᠢᠯ ᠤᠨ  ᠴᠢᠬᠤᠯᠠ ᠪᠦᠷᠢᠯᠳᠦᠭᠦᠨ ᠬᠡᠰᠡᠭ ᠮᠥᠨ᠂ ᠨᠠᠮ ᠪᠠ ᠵᠠᠰᠠᠭ ᠤᠨ ᠣᠷᠳᠣᠨ ᠤ ᠠᠷᠠᠳ ᠤᠨ ᠪᠠᠶᠢᠳᠠᠯ ᠢ ᠣᠶᠢᠯᠠᠭᠠᠬᠤ᠂  ᠠᠷᠠᠳ ᠤᠨ ᠤᠶᠤᠨ ᠤᠬᠠᠭᠠᠨ ᠢ ᠲᠥᠪᠯᠡᠷᠡᠭᠦᠯᠬᠦ᠂ ᠠᠷᠠᠳ ᠤᠨ ᠠᠰᠢᠭ ᠲᠤᠰᠠ ᠶᠢ ᠬᠠᠮᠠᠭᠠᠯᠠᠬᠤ᠂ ᠠᠷᠠᠳ ᠤᠨ  ᠰᠡᠳᠬᠢᠯ ᠢ ᠨᠢᠭᠲᠠᠷᠠᠭᠤᠯᠬᠤ ᠨᠢᠭᠡᠨ ᠴᠢᠬᠤᠯᠠ ᠠᠵᠢᠯ ᠮᠥᠨ᠂ ᠡᠯ᠎ᠡ ᠱᠠᠲᠤᠨ ᠤ ᠪᠠᠶᠢᠭᠤᠯᠭ᠎ᠠ᠂ ᠨᠢᠭᠡᠴᠢ ᠵᠢᠴᠢ  ᠲᠡᠭᠦᠨ ᠤ ᠤᠳᠤᠷᠢᠳᠬᠤ ᠺᠠᠳ᠋ᠷ᠂ ᠠᠵᠢᠯᠲᠠᠨ ᠤ ᠤᠯᠠᠨ ᠲᠦᠮᠡᠨ ᠤ ᠬᠢᠨᠠᠯᠲᠠ ᠶᠢ ᠬᠦᠯᠢᠶᠡᠬᠦ᠂ ᠠᠵᠢᠯ ᠤᠨ  ᠰᠤᠷᠲᠠᠯ ᠢᠶᠠᠨ ᠰᠠᠶᠢᠵᠢᠷᠠᠭᠤᠯᠬᠤ ᠴᠢᠬᠤᠯᠠ ᠠᠷᠭ᠎ᠠ ᠵᠠᠮ ᠮᠥᠨ ᠭᠡᠵᠦ ᠲᠣᠳᠣᠷᠬᠠᠶᠢᠯᠠᠪᠠ᠃ ︽ᠭᠤᠷᠪᠠᠨ ᠴᠢᠬᠤᠯᠠ︾ ᠪᠠᠶᠢᠷᠢ ᠲᠣᠭᠲᠠᠭᠠᠯᠲᠠ ᠨᠢ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠤᠷᠪᠤᠯᠵᠢᠯᠠᠯ ᠤᠨ  ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠵᠢᠷᠤᠮᠯᠠᠵᠤ᠂ ᠵᠠᠬᠢᠳᠠᠯ  ᠰᠤᠷᠪᠤᠯᠵᠢᠯᠠᠯ ᠤᠨ ᠠᠵᠢᠯ ᠤᠨ ᠤᠯᠤᠰ ᠲᠥᠷᠥᠴᠢ ᠴᠢᠨᠠᠷ ᠪᠣᠯᠣᠨ ᠠᠷᠠᠳᠴᠢ ᠴᠢᠨᠠᠷ ᠢ ᠲᠥᠪᠯᠡᠷᠡᠩᠭᠦᠢ ᠢᠯᠡᠷᠡᠭᠦᠯᠵᠦ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠨᠠᠮ ᠪᠣᠯᠣᠨ ᠤᠯᠤᠰ ᠤᠨ ᠠᠵᠢᠯ ᠤᠨ ᠶᠡᠭᠡ ᠲᠠᠯ᠎ᠠ ᠳᠠᠬᠢ ᠴᠢᠬᠤᠯᠠ ᠪᠠᠶᠢᠷᠢ  ᠰᠠᠭᠤᠷᠢ ᠪᠣᠯᠣᠨ ᠡᠭᠦᠷᠭᠡᠯᠡᠵᠦ ᠪᠠᠶᠢᠭ᠎ᠠ ᠴᠢᠬᠤᠯᠠ ᠡᠭᠦᠷᠭᠡ ᠶᠢ ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠵᠠᠬᠢᠳᠠᠯ  ᠰᠤᠷᠪᠤᠯᠵᠢᠯᠠᠯ ᠤᠨ ᠠᠵᠢᠯ ᠤᠨ ᠬᠥᠭᠵᠢᠯᠲᠡ ᠶᠢᠨ ᠴᠢᠭᠯᠡᠯ ᠪᠣᠯᠣᠨ ᠬᠦᠴᠦᠯᠡᠬᠦ ᠴᠡᠭ ᠢ ᠤᠯᠠᠮ ᠴᠢᠨᠠᠭᠰᠢᠳᠠ  ᠲᠣᠳᠣᠷᠬᠠᠶᠢᠯᠠᠪᠠ᠃ ᠨᠢᠭᠡᠨ ᠨᠠᠮ ᠤᠨ ᠭᠡᠰᠢᠭᠦᠨ ᠺᠠᠳ᠋ᠷ ᠪᠣᠯᠤᠭᠰᠠᠨ ᠤ ᠬᠤᠪᠢ ᠳᠤ᠂ ᠨᠠᠮ ᠳᠠᠭᠠᠨ ᠦᠨᠡᠨᠴᠢ  ᠰᠢᠳᠤᠷᠭᠤ ᠪᠠᠶᠢᠬᠤ ᠶᠢ ᠢᠮᠠᠭᠲᠠ ᠪᠠᠲᠤᠯᠠᠬᠤ ᠬᠡᠷᠡᠭᠲᠡᠢ᠂ ᠪᠠᠲᠤ ᠴᠢᠩᠭ᠎ᠠ ᠨᠠᠮᠴᠢ ᠴᠢᠨᠠᠷ ᠢ ᠳᠠᠪᠲᠠᠨ  ᠪᠣᠯᠪᠠᠰᠤᠷᠠᠭᠤᠯᠵᠤ᠂ ᠨᠠᠮ ᠤᠨ ᠱᠤᠭᠤᠮ᠂ ᠴᠢᠭᠯᠡᠯᠲᠡ᠂ ᠲᠦᠷᠦ ᠶᠢᠨ ᠪᠣᠳᠣᠯᠭ᠎ᠠ ᠶᠢ ᠡᠷᠡᠰ ᠭᠤᠶᠢᠪᠢᠰᠢ ᠦᠭᠡᠢ  ᠬᠡᠷᠡᠭᠵᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ  ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠂  ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠰᠠᠶᠢᠲᠤᠷ ᠬᠢᠬᠦ ᠶᠢ ︽ᠳᠥᠷᠪᠡᠨ ᠤᠬᠠᠮᠰᠠᠷ︾ ᠢᠶᠠᠨ  ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ   ᠶᠢᠨ ᠠᠵᠢᠯᠯᠠᠭᠠᠨ ᠤ ᠰᠢᠯᠭᠠᠨ ᠪᠠᠶᠢᠴᠠᠭᠠᠯᠲᠠ ᠪᠤᠯᠭᠠᠵᠤ᠂ ᠤᠯᠤᠰ ᠲᠥᠷᠥ ᠶᠢᠨ ᠴᠢᠭᠯᠡᠯ ᠲᠣᠳᠣᠷᠬᠠᠢ ᠪᠠᠶᠢᠬᠤ᠂  ᠤᠯᠤᠰ ᠲᠥᠷᠥ ᠶᠢᠨ ᠵᠣᠭᠰᠣᠯᠲᠠ ᠪᠠᠲᠤ ᠪᠠᠶᠢᠬᠤ ᠶᠢ ᠪᠡᠶᠡᠯᠡᠭᠦᠯᠵᠦ᠂ ︽ᠬᠤᠶᠠᠷ ᠢ ᠲᠣᠭᠲᠠᠭᠠᠭᠰᠠᠨ︾   ᠢ ᠦᠨᠡᠨᠬᠦ  ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂  ᠠᠵᠢᠯᠯᠠᠭᠠᠨ ᠤ ᠤᠬᠠᠮᠰᠠᠷ ᠪᠣᠯᠭᠠᠨ ᠬᠤᠪᠢᠷᠠᠭᠤᠯᠵᠤ᠂ ᠵᠥᠷᠢᠴᠡᠯ ᠤᠨ ᠳᠠᠯᠳᠠ ᠭᠡᠮ ᠢ ᠠᠷᠢᠯᠭᠠᠬᠤ ᠠᠵᠢᠯ ᠤᠨ ᠬᠢᠷᠢ  ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ  ᠦᠨᠡᠨ ᠰᠡᠳᠬᠢᠯ ᠠᠴᠠ ᠪᠠᠨ ᠬᠠᠮᠠᠭᠠᠯᠠᠬᠤ ᠬᠡᠷᠡᠭᠲᠡᠢ᠃            ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠤᠨ ᠰᠤᠷᠪᠤᠯᠵᠢᠯᠠᠭᠴᠢ᠄ ᠪᠠᠶᠠᠨ᠋ᠣ᠋ᠪᠣᠭ᠎ᠠ ᠠᠭᠤᠷᠬᠠᠢ ᠶᠢᠨ  ᠲᠣᠭᠤᠷᠢᠭ ᠡᠨᠡᠬᠦ ᠠᠵᠢᠯ ᠢ ᠬᠡᠷᠬᠢᠨ ᠰᠠᠶᠢᠲᠤᠷ ᠲᠤᠭᠤᠰᠢᠯᠠᠭᠤᠯᠤᠨ ᠬᠡᠷᠡᠭᠵᠢᠭᠦᠯᠬᠦ ᠪᠤᠢ︖            ᠪᠠᠶᠠᠨ᠋ᠣ᠋ᠪᠣᠭ᠎ᠠ ᠠᠭᠤᠷᠬᠠᠢ ᠶᠢᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠦ᠋ ᠺᠠᠢ᠄ ᠨᠢᠭᠡ ᠳᠤ᠂  ᠠᠷᠠᠳ ᠲᠦᠮᠡᠨ ᠢ ᠳᠡᠭᠡᠳᠦᠯᠡᠬᠦ ᠦᠨᠳᠦᠰᠦᠨ ᠱᠠᠭᠠᠷᠳᠠᠯᠭ᠎ᠠ ᠶᠢ ᠭᠦᠨᠵᠡᠭᠡᠢ ᠡᠵᠡᠮᠳᠡᠵᠦ᠂ ᠠᠷᠠᠳ ᠲᠦᠮᠡᠨᠴᠢ  ᠰᠡᠳᠬᠢᠯᠭᠡ ᠶᠢ ᠪᠠᠲᠤ ᠰᠠᠬᠢᠨ᠎ᠠ᠃ ᠠᠷᠠᠳ ᠤᠨ ᠵᠠᠬᠢᠳᠠᠯ ᠰᠤᠷᠪᠤᠯᠵᠢᠯᠠᠯ ᠨᠢ ᠠᠷᠠᠳ ᠲᠦᠮᠡᠨ ᠤ ᠲᠥᠯᠥᠭᠡ ᠶᠤᠮ᠂  ᠠᠷᠠᠳ ᠲᠦᠮᠡᠨ ᠢᠶᠠᠷ ᠭᠤᠣᠯ ᠪᠣᠯᠭᠠᠬᠤ ᠣᠶᠢᠯᠠᠭᠠᠭᠳᠠᠬᠤᠨ ᠢ ᠪᠠᠷᠢᠮᠲᠠᠯᠠᠬᠤ ᠪᠣᠯ ᠵᠠᠬᠢᠳᠠᠯ ᠰᠤᠷᠪᠤᠯᠵᠢᠯᠠᠯ ᠤᠨ  ᠠᠵᠢᠯ ᠢ ᠰᠠᠶᠢᠲᠤᠷ ᠬᠢᠬᠦ ᠶᠢᠨ ᠦᠨᠳᠦᠰᠦᠨ ᠵᠠᠷᠴᠢᠮ ᠮᠥᠨ᠃ ᠶᠡᠷᠦᠩᠬᠡᠢ ᠱᠦᠵᠢ ᠰᠢ ᠶᠢᠨ ᠫᠢᠩ ᠤᠨ ︽ᠥᠪᠡᠷ ᠢ   ᠪᠠᠨ ᠤᠮᠠᠷᠲᠠᠨ᠂ ᠠᠷᠠᠳ ᠲᠦᠮᠡᠨ ᠳᠤ ᠦᠯᠦ ᠣᠰᠣᠯᠳᠠᠬᠤ︾ ᠭᠡᠬᠦ ᠠᠷᠠᠳ ᠲᠦᠮᠡᠨ ᠤ ᠬᠠᠶᠢᠷ᠎ᠠ ᠰᠡᠳᠬᠢᠯᠭᠡ ᠪᠠᠷ  ᠦᠯᠢᠭᠡᠷ ᠳᠠᠭᠤᠷᠢᠶᠠᠯ ᠪᠣᠯᠭᠠᠵᠤ᠂ ᠤᠯᠠᠨ ᠲᠦᠮᠡᠨᠴᠢ ᠦᠵᠡᠯᠲᠡ ᠶᠢ ᠴᠢᠩᠭᠠᠳᠬᠠᠨ᠂ ᠢᠮᠠᠭᠲᠠ ᠤᠯᠠᠨ ᠲᠦᠮᠡᠨ ᠤ  ᠵᠣᠭᠰᠣᠯᠲᠠ ᠠᠴᠠ ᠰᠣᠨᠣᠰᠴᠤ᠂ ᠪᠣᠳᠣᠯᠬᠢᠯᠠᠨ᠎ᠠ᠃ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠪᠠᠲᠤ  ᠴᠡᠭᠡᠵᠢᠯᠡᠵᠦ᠂ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠳᠤ ᠬᠠᠨᠳᠤᠬᠤ ᠳᠠᠭᠠᠨ ᠦᠨᠡᠨ ᠰᠡᠳᠬᠢᠯ ᠠᠴᠠ ᠪᠠᠨ  ᠤᠯᠠᠨ ᠲᠦᠮᠡᠨ ᠤ ᠰᠡᠳᠬᠢᠯ ᠢ ᠲᠠᠶᠢᠳᠬᠤᠷᠠᠭᠤᠯᠵᠤ᠂ ᠲᠡᠳᠡᠨ ᠤ ᠤᠴᠠᠭᠠᠷ ᠭᠤᠮᠣᠳᠠᠯ ᠢ ᠰᠢᠢᠳᠪᠦᠷᠢᠯᠡᠨ ᠠᠷᠢᠯᠭᠠᠨ᠎ᠠ  ᠃ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠶᠢ ᠵᠠᠬᠢᠳᠠᠯ ᠰᠤᠷᠪᠤᠯᠵᠢᠯᠠᠯ ᠤᠨ ᠠᠵᠢᠯ ᠳᠤᠮᠳᠠ  ᠦᠨᠡᠨᠬᠦ ᠨᠠᠶᠢᠳᠠᠪᠤᠷᠢᠵᠢᠭᠤᠯᠵᠤ᠂ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠳᠠᠬᠢ ᠪᠣᠯᠭᠢᠴᠢᠯᠠᠬᠤ  ᠠᠷᠠᠯᠵᠢᠶᠠᠯᠠᠬᠤ ᠶᠢ ᠲᠥᠪᠯᠡᠷᠡᠭᠦᠯᠦᠨ ᠵᠠᠰᠠᠬᠤ ᠪᠠ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠰᠤᠷᠤᠯᠴᠠᠯᠭ᠎ᠠ  ᠦᠢᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠨᠣᠶᠠᠨᠴᠢ ᠰᠤᠷᠲᠠᠯ ᠢ ᠲᠠᠶᠠᠭᠳᠠᠵᠤ᠂ ᠰᠢᠯᠲᠠᠭᠯᠠᠵᠤ  ᠬᠠᠷᠢᠯᠴᠠᠨ ᠲᠦᠯᠬᠢᠯᠴᠡᠬᠦ ᠶᠢ ᠲᠡᠪᠴᠢᠨ᠂ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠰᠢᠢᠳᠪᠦᠷᠢᠯᠡᠬᠦ ᠶᠢ ᠠᠷᠠᠳ  ᠲᠦᠮᠡᠨ ᠳᠤ ᠦᠢᠯᠡᠴᠢᠯᠡᠵᠦ ᠬᠦᠴᠢᠷ ᠠᠰᠠᠭᠤᠳᠠᠯ ᠢ ᠰᠢᠢᠳᠪᠦᠷᠢᠯᠡᠬᠦ ᠬᠠᠮᠤᠭ ᠤᠨ ᠰᠢᠭᠤᠳ ᠰᠢᠪᠲᠤᠯᠤᠯᠲᠠ ᠶᠢᠨ  ᠭᠠᠷᠤᠭ᠎ᠠ ᠪᠣᠯᠭᠠᠨ᠎ᠠ᠂ ᠡᠭᠦᠳᠡ ᠪᠠᠨ ᠨᠡᠭᠡᠭᠡᠵᠦ ᠶᠡᠭᠡ ᠪᠠᠷ ᠰᠤᠷᠪᠤᠯᠵᠢᠯᠠᠯ ᠢ ᠭᠥᠯᠢᠶᠡᠨ ᠠᠪᠴᠤ᠂ ᠣᠯᠠᠨ ᠲᠦᠮᠡᠨ ᠤ  ᠲᠤᠰᠬᠠᠭᠰᠠᠨ ᠡᠯ᠎ᠡ ᠵᠦᠢᠯ ᠤᠨ ᠠᠰᠠᠭᠤᠳᠠᠯ ᠢ ᠲᠡᠷᠡ ᠳᠣᠣᠷ᠎ᠠ ᠨᠢ ᠰᠢᠢᠳᠪᠦᠷᠢᠯᠡᠨ᠂ ᠪᠠᠷᠢᠨ ᠬᠢᠵᠦ᠂  ᠤᠳᠤᠷᠢᠳᠤᠯᠭ᠎ᠠ ᠬᠡᠷᠡᠭ ᠢ ᠳᠠᠭᠠᠭᠠᠴᠢᠯᠠᠵᠤ ᠰᠢᠢᠳᠪᠦᠷᠢᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠂ ︽ ᠭᠤᠷᠪᠠ ᠶᠢ ᠨᠠᠶᠢᠳᠠᠪᠤᠷᠢᠵᠢᠭᠤᠯᠵᠤ ᠨᠢᠭᠡ ᠶᠢ ᠰᠢᠢᠳᠪᠦᠷᠢᠯᠡᠬᠦ︾ ᠠᠵᠢᠯ ᠤᠨ ᠵᠠᠷᠴᠢᠮ ᠢ ᠶᠡᠷᠦᠩᠬᠡᠶᠢᠯᠡᠨ ᠬᠡᠷᠡᠭᠯᠡᠵᠦ᠂  ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠬᠠᠤᠯᠢ ᠲᠣᠭᠲᠠᠭᠠᠯ ᠶᠣᠰᠣᠭᠠᠷ ᠰᠠᠶᠢᠲᠤᠷ ᠰᠢᠢᠳᠪᠦᠷᠢᠯᠡᠨ᠂  ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠢᠲᠡᠭᠡᠯ ᠢ ᠣᠯᠣᠨ᠎ᠠ᠃ ᠬᠤᠶᠠᠷ ᠲᠤ᠂ ᠠᠵᠢᠯᠯᠠᠭᠠᠨ ᠤ ᠤᠬᠠᠮᠰᠠᠷ ᠢᠶᠠᠨ  ᠪᠦᠬᠦ ᠲᠠᠯ᠎ᠠ ᠪᠠᠷ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠨ᠎ᠠ᠃ ᠶᠡᠷᠦᠩᠬᠡᠢ  ᠱᠦᠵᠢ ᠰᠢ ᠶᠢᠨ ᠫᠢᠩ᠂ ᠣᠳᠣᠬᠠᠨ ᠳᠤ ᠤᠯᠠᠨ ᠲᠦᠮᠡᠨ ᠤ ᠵᠠᠬᠢᠳᠠᠯ ᠰᠤᠷᠪᠤᠯᠵᠢᠯᠠᠯ ᠤᠨ ᠠᠷᠭ᠎ᠠ ᠵᠠᠮ ᠢᠶᠠᠷ  ᠲᠤᠰᠬᠠᠭᠰᠠᠨ ᠵᠠᠬᠢᠳᠠᠯ ᠰᠤᠷᠪᠤᠯᠵᠢᠯᠠᠯ ᠤᠨ ᠲᠣᠪᠣᠶᠢᠮ᠎ᠠ ᠠᠰᠠᠭᠤᠳᠠᠯ ᠳᠤ ᠰᠢᠨ᠎ᠡ ᠠᠰᠠᠭᠤᠳᠠᠯ ᠪᠠᠶᠢᠬᠤ ᠪᠠᠷ ᠪᠠᠷᠠᠬᠤ  ᠦᠭᠡᠢ ᠪᠠᠰᠠ ᠬᠠᠭᠤᠴᠢᠨ ᠬᠦᠴᠢᠷ ᠠᠰᠠᠭᠤᠳᠠᠯ ᠪᠠᠶᠢᠨ᠎ᠠ᠂ ᠭᠡᠪᠡᠴᠦ ᠴᠥᠮ ᠤᠯᠠᠨ ᠲᠦᠮᠡᠨ ᠤ ᠦᠨᠳᠦᠰᠦᠨ ᠠᠰᠢᠭ  ᠲᠤᠰᠠ ᠲᠠᠢ ᠬᠤᠯᠪᠣᠭᠳᠠᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠲᠠᠢ ᠬᠤᠯᠪᠣᠭᠳᠠᠨ᠎ᠠ ᠭᠡᠵᠦ ᠵᠢᠭᠠᠵᠤ  ᠭᠠᠷᠭᠠᠵᠠᠢ᠃ ᠬᠠᠷᠢᠭᠤᠴᠠᠯᠭ᠎ᠠ ᠡᠭᠦᠷᠭᠡᠯᠡᠯ ᠢᠶᠠᠨ ᠦᠨᠡᠨ ᠬᠦ ᠴᠢᠩᠭᠠᠳᠬᠠᠵᠤ᠂ ᠤᠳᠤᠷᠢᠳᠬᠤ ᠺᠠᠳ᠋ᠷ ᠤᠨ  ᠰᠤᠷᠪᠤᠯᠵᠢᠯᠠᠯ ᠢ ᠭᠥᠯᠢᠶᠡᠨ ᠠᠪᠬᠤ᠂ ᠳᠣᠷᠣᠭᠰᠢ ᠪᠠᠭᠤᠵᠤ ᠰᠤᠷᠪᠤᠯᠵᠢᠯᠠᠬᠤ ᠡᠷᠴᠢᠮ ᠢᠶᠠᠨ ᠴᠢᠩᠭᠠᠷᠠᠭᠤᠯᠵᠤ᠂  ᠡᠳᠦᠷ ᠪᠦᠷᠢ ᠨᠢᠭᠡ ᠰᠢᠶᠠᠨ ᠤ ᠱᠠᠲᠤᠨ ᠤ ᠤᠳᠤᠷᠢᠳᠤᠯᠭ᠎ᠠ ᠡᠭᠦᠳᠡ ᠪᠠᠨ ᠨᠡᠭᠡᠭᠡᠵᠦ ᠰᠤᠷᠪᠤᠯᠵᠢᠯᠠᠯ ᠢ ᠶᠡᠭᠡ ᠪᠠᠷ  ᠭᠥᠯᠢᠶᠡᠨ ᠠᠪᠬᠤ ᠶᠢ ᠲᠣᠬᠢᠷᠠᠭᠤᠯᠵᠤ᠂ ᠬᠠᠤᠯᠢ ᠴᠠᠭᠠᠵᠠ᠂ ᠲᠦᠷᠦ ᠶᠢᠨ ᠪᠣᠳᠣᠯᠭ᠎ᠠ᠂ ᠠᠵᠤ ᠠᠬᠤᠢ᠂ ᠵᠠᠰᠠᠭ  ᠵᠠᠬᠢᠷᠭᠠᠨ ᠤ ᠵᠡᠷᠭᠡ ᠠᠷᠭ᠎ᠠ ᠪᠠᠷᠢᠯ ᠪᠠ ᠰᠤᠷᠭᠠᠵᠤ ᠬᠥᠮᠥᠵᠢᠭᠦᠯᠬᠦ᠂ ᠡᠶᠡᠳᠡᠭᠦᠯᠬᠦ᠂ ᠵᠠᠯᠠᠵᠤ ᠵᠢᠯᠤᠭᠤᠳᠬᠤ ᠵᠡᠷᠭᠡ  ᠠᠷᠭ᠎ᠠ ᠶᠢ ᠶᠡᠷᠦᠩᠬᠡᠶᠢᠯᠡᠨ ᠬᠡᠷᠡᠭᠯᠡᠵᠦ᠂ ᠵᠥᠷᠢᠴᠡᠯ ᠵᠠᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ  ᠴᠢᠩᠭᠠᠷᠠᠭᠤᠯᠵᠤ᠂ ᠦᠨᠡᠨ ᠬᠦ ᠪᠣᠳᠠᠲᠠᠢ ᠠᠰᠠᠭᠤᠳᠠᠯ ᠢ ᠰᠢᠢᠳᠪᠦᠷᠢᠯᠡᠵᠦ᠂ ᠬᠡᠷᠡᠭ ᠢ ᠲᠤᠭᠤᠰᠢᠲᠠᠢ ᠪᠠᠶᠢᠴᠠᠭᠠᠨ  ᠰᠢᠢᠳᠪᠦᠷᠢᠯᠡᠵᠦ ᠳᠠᠭᠤᠰᠬᠠᠬᠤ᠂ ︽ᠤᠴᠢᠷ ᠶᠠᠪᠤᠳᠠᠯ ᠢ ᠰᠢᠢᠳᠪᠦᠷᠢᠯᠡᠵᠦ ᠰᠡᠳᠬᠢᠯ ᠤᠨ ᠵᠠᠩᠭᠢᠷᠠᠭ᠎ᠠ ᠶᠢ ᠠᠷᠢᠯᠭᠠᠬᠤ︾  ᠶᠢ ᠦᠨᠡᠨ ᠬᠦ ᠪᠡᠶᠡᠯᠡᠭᠦᠯᠵᠦ᠂ ᠵᠥᠷᠢᠴᠡᠯ ᠢ ᠬᠠᠮᠤᠭ ᠤᠨ ᠪᠠᠭ᠎ᠠ ᠬᠡᠮᠵᠢᠶᠡᠨ ᠳᠤᠨᠢ ᠳᠠᠷᠤᠵᠤ᠂ ᠵᠥᠷᠢᠴᠡᠯ ᠤᠨ  ᠬᠤᠷᠴᠠᠲᠤᠬᠤ ᠠᠴᠠ ᠵᠠᠶᠢᠯᠠᠰᠬᠢᠵᠦ᠂ ᠦᠨᠡᠨ ᠪᠣᠳᠠᠲᠠᠢ ᠠᠵᠢᠯ ᠤᠨ ᠦᠷ᠎ᠡ ᠪᠦᠲᠦᠮᠵᠢ ᠪᠠᠷ ᠠᠷᠠᠳ ᠲᠦᠮᠡᠨ ᠰᠡᠳᠬᠢᠯ  ᠬᠠᠨᠤᠮᠵᠢᠲᠠᠢ ᠪᠠᠶᠢᠬᠤ ᠴᠠᠭ ᠦᠶ᠎ᠡ ᠶᠢᠨ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠨ᠎ᠠ᠃  
 
ᠢᠷᠡᠯᠲᠡ᠄ ᠪᠤᠭᠤᠲᠤ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1