ᠳ᠋ᠦᠩ ᠾᠧ ᠲᠣᠭᠤᠷᠢᠭ ᠤᠨ 2022 ᠣᠨ ᠤ ᠲᠦᠷᠦᠭᠦᠸ ᠭᠤᠷᠪᠠᠨ ᠤᠯᠠᠷᠢᠯ ᠤᠨ ᠪᠦᠬᠦᠶᠢᠯᠡ ᠠᠵᠤ ᠠᠬᠤᠢ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2022/12/19
      2022 ᠣᠨ ᠤ ᠲᠦᠷᠦᠭᠦᠸ ᠭᠤᠷᠪᠠᠨ ᠤᠯᠠᠷᠢᠯ ᠳᠤ᠂ ᠠᠷᠪᠠᠨ ᠬᠤᠰᠢᠭᠤ ᠰᠢᠶᠠᠨ ᠲᠣᠭᠤᠷᠢᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠤᠨ ᠵᠢᠭᠰᠠᠭᠠᠯᠲᠠ ᠳᠤ 4 ᠳ᠋ᠤᠭᠠᠷ ᠲᠤ ᠵᠢᠭᠰᠠᠭᠠᠭᠳᠠᠵᠤ᠂ ᠥᠯᠥ ᠬᠤᠪᠢᠰᠬᠤ ᠦᠨ᠎ᠡ ᠪᠠᠷ ᠠᠳᠠᠯᠢ ᠬᠤᠭᠤᠴᠠᠭᠠᠨ ᠤ ᠬᠢ ᠠᠴᠠ 4.5% ᠪᠠᠷ ᠨᠡᠮᠡᠭᠳᠡᠨ᠂ 2022 ᠣᠨ ᠤ ᠳᠡᠭᠡᠷ᠎ᠡ ᠬᠠᠭᠠᠰ ᠵᠢᠯ ︵4%︶  ᠠᠴᠠ 0.5 ᠵᠠᠭᠤᠨ ᠤ ᠨᠢᠭᠡᠴᠢ ᠳᠡᠭᠡᠭᠰᠢᠯᠡᠵᠦ᠂ ᠬᠤᠶᠠᠷ ᠵᠢᠯ ᠳᠤ ᠳᠤᠮᠳᠠᠴᠢ ᠪᠠᠷ 6.5% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠤᠯᠤᠰ ︵3%︶  ᠠᠴᠠ 1.5 ᠵᠠᠭᠤᠨ ᠤ ᠨᠢᠭᠡᠴᠢ ᠥᠨᠳᠥᠷ ᠪᠣᠯᠵᠤ᠂ ᠥᠪᠡᠷᠲᠡᠭᠡᠨ ᠵᠠᠰᠠᠬᠤ ᠣᠷᠣᠨ ︵5%︶  ᠠᠴᠠ 0.5 ᠵᠠᠭᠤᠨ ᠤ ᠨᠢᠭᠡᠴᠢ ᠳᠣᠣᠷ᠎ᠠ ᠪᠣᠯᠵᠤ᠂ ᠪᠥᠬᠦ ᠬᠤᠲᠠ ︵7.3%︶  ᠠᠴᠠ 2.8 ᠵᠠᠭᠤᠨ ᠤ ᠨᠢᠭᠡᠴᠢ ᠳᠣᠣᠷ᠎ᠠ ᠪᠣᠯᠵᠤ᠂ ᠠᠷᠪᠠᠨ ᠬᠤᠰᠢᠭᠤ ᠰᠢᠶᠠᠨ ᠲᠣᠭᠤᠷᠢᠭ  ᠠᠴᠠ 8 ᠳ᠋ᠤᠭᠠᠷ ᠲᠤ ᠵᠢᠭᠰᠠᠭᠠᠭᠳᠠᠵᠠᠢ᠃      ᠠᠵᠤ ᠦᠢᠯᠡᠰ ᠠᠴᠠ ᠦᠵᠡᠪᠡᠯ᠂ ᠨᠢᠭᠡᠳᠦᠭᠡᠷ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ 3.2% ᠢᠶᠠᠷ ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 4.3% ᠪᠠᠷ ᠨᠡᠮᠡᠭᠳᠡᠨ᠂ ᠪᠥᠬᠦ ᠣᠷᠣᠨ ᠤ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 1% ᠳᠤ ᠬᠦᠷᠴᠦ᠂ GDP ᠶᠢ 0.04 ᠵᠠᠭᠤᠨ ᠤ ᠨᠢᠭᠡᠴᠢ ᠳᠠᠶᠢᠴᠢᠯᠠᠪᠠ᠃ᠬᠤᠶᠠᠳᠤᠭᠠᠷ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ 9% ᠪᠠᠷ ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 8.8% ᠪᠠᠷ ᠨᠡᠮᠡᠭᠳᠡᠵᠦ᠂ ᠬᠤᠪᠢ ᠨᠡᠮᠡᠷᠢ ᠶᠢᠨ ᠨᠣᠷᠮ᠎ᠠ ᠪᠠᠷ ᠬᠠᠮᠤᠭ ᠤᠨ ᠥᠨᠳᠥᠷ ᠨᠢ ᠬᠤᠶᠠᠳᠤᠭᠠᠷ ᠠᠵᠤ ᠦᠢᠯᠡᠰ ᠪᠣᠯᠣᠨ᠎ᠠ᠂ ᠪᠥᠬᠦ ᠣᠷᠣᠨ ᠤ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 70% ᠪᠠᠶᠢᠵᠤ᠂ GDP ᠶᠢ 3.15 ᠵᠠᠭᠤᠨ ᠤ ᠨᠢᠭᠡᠴᠢ ᠳᠠᠶᠢᠴᠢᠯᠠᠪᠠ᠃ᠭᠤᠷᠪᠠᠳᠤᠭᠠᠷ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ 2.1% ᠪᠠᠷ ᠨᠡᠮᠡᠭᠳᠡᠵᠦ ᠂ ᠬᠤᠶᠠᠷ ᠵᠢᠯ ᠳᠤ ᠳᠤᠮᠳᠠᠴᠢ ᠪᠠᠷ 5.3% ᠪᠠᠷ ᠨᠡᠮᠡᠭᠳᠡᠵᠦ᠂ ᠪᠥᠬᠦ ᠣᠷᠣᠨ ᠤ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 29% ᠳᠤ ᠬᠦᠷᠴᠦ᠂ GDP ᠶᠢ 1.31 ᠵᠠᠭᠤᠨ ᠤ ᠨᠢᠭᠡᠴᠢ ᠳᠠᠶᠢᠴᠢᠯᠠᠪᠠ᠃ᠭᠤᠷᠪᠠᠨ ᠠᠵᠤ ᠦᠢᠯᠡᠰ ᠤᠨ ᠨᠡᠮᠡᠭᠳᠡᠯ ᠥᠷᠲᠡᠭ ᠤᠨ ᠡᠵᠡᠯᠡᠬᠦ ᠬᠠᠷᠢᠴᠠᠯ ᠨᠢ ᠲᠣᠰ ᠲᠣᠰ 1.1%᠂ 41.3% ᠪᠠ 57.6% ᠪᠣᠯᠣᠨ᠎ᠠ᠃      GDP  ᠶᠢ ᠪᠦᠷᠢᠯᠳᠦᠭᠦᠯᠦᠭᠰᠡᠨ ᠠᠷᠪᠠᠨ ᠶᠡᠭᠡ ᠠᠵᠢᠯ ᠲᠥᠷᠥᠯ ᠠᠴᠠ ᠠᠪᠴᠤ ᠦᠵᠡᠪᠡᠯ᠂ ᠨᠡᠮᠡᠭᠳᠡᠯ ᠤᠨ ᠬᠤᠷᠳᠤᠴᠠ ᠨᠢ ︽ᠳᠣᠯᠤᠭ᠎ᠠ ᠳᠡᠭᠡᠭᠰᠢᠯᠡᠵᠦ ᠭᠤᠷᠪᠠ ᠪᠠᠭᠤᠷᠠᠬᠤ︾ ᠪᠠᠷ ᠢᠯᠡᠷᠡᠵᠦ ᠪᠠᠶᠢᠨ᠎ᠠ᠄ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ᠂ ᠬᠤᠨᠤᠭ ᠪᠠᠭᠤᠳᠠᠯ ᠪᠠ ᠢᠳᠡᠭᠡᠨ ᠤᠮᠳᠠᠭᠠᠨ ᠤ ᠦᠢᠯᠡᠰ᠂ ᠭᠡᠷ ᠪᠠᠶᠢᠰᠢᠩ ᠭᠠᠵᠠᠷ ᠰᠢᠷᠣᠢ  ᠶᠢᠨ ᠬᠥᠷᠥᠩᠭᠡ  ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ  ᠬᠢ ᠠᠴᠠ ᠳᠣᠷᠣᠭᠰᠢᠯᠠᠭᠰᠠᠨ  ᠠᠴᠠ ᠭᠠᠳᠠᠨ᠎ᠠ᠂ ᠪᠤᠰᠤᠳ ᠳᠣᠯᠣᠭᠠᠨ ᠠᠵᠢᠯ ᠲᠥᠷᠥᠯ ᠴᠥᠮ ᠵᠥᠪ ᠴᠢᠭᠯᠡᠯ  ᠢᠶᠠᠷ ᠨᠡᠮᠡᠭᠳᠡᠭᠰᠡᠨ ᠪᠠᠶᠢᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1