ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ | ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠮᠠᠨ ᠤ ᠬᠤᠲᠠ ᠶᠢᠨ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ | ᠠᠵᠢᠯᠯᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠷᠤᠭᠰᠢᠲᠠᠢ ᠲᠦᠯᠬᠢᠨ ᠠᠬᠢᠭᠤᠯᠬᠤ ᠶᠢ ᠪᠠᠲᠤᠯᠠᠬᠤ ᠶᠢᠨ | ᠲᠥᠯᠥᠭᠡ᠂ ᠨᠢᠭᠡᠨᠲᠡ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ | ᠬᠠᠯᠠᠮᠰᠢᠯ ᠤᠲᠠᠰᠤ ᠪᠠᠷ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠠᠰᠠᠭᠤᠳᠠᠯ ᠢ ᠲᠤᠰᠬᠠᠬᠤ ᠠᠷᠭ᠎ᠠ ᠵᠠᠮ ᠢ | ᠨᠠᠪᠲᠠᠷᠡᠭᠦᠯᠵᠦ᠂ 2016 ᠣᠨ ᠠᠴᠠ ᠨᠠᠭᠠᠰᠢᠬᠢ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠬᠦᠷᠢᠶ᠎ᠡ | ᠬᠡᠪᠴᠢᠶᠡᠨ ᠳᠠᠬᠢ ᠬᠠᠮᠢᠶ᠎ᠠ ᠪᠦᠬᠦᠢ ᠠᠰᠠᠭᠤᠳᠠᠯ ᠤᠨ ᠬᠦᠰᠡᠯ ᠱᠠᠭᠠᠷᠳᠠᠯᠭ᠎ᠠ ᠶᠢ ᠭᠥᠯᠢᠶᠡᠨ ᠠᠪᠴᠤ | ᠰᠢᠢᠳᠪᠦᠷᠢᠯᠡᠬᠦ ᠪᠠᠷ ᠪᠣᠯᠪᠠ᠃ ᠣᠳᠣ ᠳᠣᠣᠷᠠᠬᠢ ᠮᠡᠲᠦ ᠵᠠᠷᠯᠠᠶ᠎ᠠ᠄ | ᠨᠢᠭᠡ᠂ ᠭᠥᠯᠢᠶᠡᠨ ᠠᠪᠬᠤ ᠴᠠᠭ | ᠬᠤᠲᠠ ᠶᠢᠨ ᠠᠷᠠᠳ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ | ᠦᠵᠡᠭᠦᠯᠬᠦ ᠬᠠᠯᠠᠮᠰᠢᠯ ᠤᠲᠠᠰᠤ ᠶᠢ ᠤᠲᠠᠰᠤᠳᠠᠬᠤ ᠪᠤᠶᠤ ᠪᠤᠰᠤᠳ ᠠᠷᠭ᠎ᠠ ᠵᠠᠮ ᠢᠶᠠᠷ ᠳᠠᠮᠵᠢᠭᠤᠯᠤᠨ ᠬᠦᠰᠡᠯ | ᠱᠠᠭᠠᠷᠳᠠᠯᠭ᠎ᠠ ᠪᠠᠨ ᠲᠤᠰᠬᠠᠵᠤ ᠪᠣᠯᠣᠨ᠎ᠠ᠂ ᠬᠠᠯᠠᠮᠰᠢᠯ ᠤᠲᠠᠰᠤ ᠶᠢᠨ ᠲᠠᠪᠴᠠᠩ ᠨᠢ ᠪᠦᠬᠦᠯᠢ ᠡᠳᠦᠷ ᠤᠨ 24 | ᠴᠠᠭ ᠢᠶᠠᠷ ᠦᠢᠯᠡᠴᠢᠯᠡᠭᠡ ᠬᠠᠩᠭᠠᠨ᠎ᠠ᠃ | ᠬᠤᠶᠠᠷ᠂ ᠭᠥᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ | ︵ᠨᠢᠭᠡ︶ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠤᠨ ᠬᠠᠮᠢᠶ᠎ᠠ ᠪᠦᠬᠦᠢ ᠠᠰᠠᠭᠤᠳᠠᠯ᠄ ᠭᠤᠣᠯᠳᠠᠭᠤ | ᠭᠠᠵᠠᠷ ᠰᠢᠷᠣᠢ ᠶᠢ ᠤᠷᠢᠳᠴᠢᠯᠠᠨ ᠬᠢᠨᠠᠬᠤ᠂ ᠡᠨᠧᠷᠭᠢ ᠶᠢᠨ ᠦᠨᠡᠯᠡᠯᠲᠡ ᠬᠢᠬᠦ᠂ ᠣᠷᠴᠢᠨ ᠲᠣᠭᠤᠷᠢᠨ ᠳᠤ ᠦᠵᠡᠭᠦᠯᠬᠦ | ᠨᠥᠯᠥᠭᠡ ᠶᠢ ᠦᠨᠡᠯᠡᠬᠦ᠂ ᠤᠰᠤ ᠲᠠᠲᠠᠬᠤ᠂ ᠬᠥᠷᠥᠰᠥ ᠰᠢᠷᠣᠢ ᠶᠢ ᠬᠠᠮᠠᠭᠠᠯᠠᠬᠤ᠂ ᠣᠶ ᠮᠣᠳᠣᠨ ᠤ ᠭᠠᠵᠠᠷ ᠢ | ᠲᠠᠲᠠᠪᠤᠷᠢᠯᠠᠨ ᠡᠵᠡᠯᠡᠬᠦ᠂ ᠡᠪᠡᠰᠦᠲᠦ ᠭᠠᠵᠠᠷ ᠢ ᠲᠠᠲᠠᠪᠤᠷᠢᠯᠠᠨ ᠡᠵᠡᠯᠡᠬᠦ᠂ ᠪᠠᠷᠢᠯᠭ᠎ᠠ ᠪᠠᠷᠢᠬᠤ ᠶᠢ ᠵᠥᠪᠰᠢᠶᠡᠷᠡᠬᠦ ᠵᠡᠷᠭᠡ | ᠪᠤᠶ ᠪᠦᠬᠦᠢ ᠲᠥᠷᠥᠯ ᠵᠦᠢᠯ ᠤᠨ ᠠᠵᠢᠯ ᠡᠬᠢᠯᠡᠭᠦᠯᠬᠦ ᠠᠴᠠ ᠡᠮᠦᠨ᠎ᠡ ᠭᠦᠢᠴᠡᠳᠬᠡᠬᠦ ᠭᠠᠷᠳᠠᠮ ᠢ ᠪᠠᠭᠲᠠᠭᠠᠨ᠎ᠠ᠃ | ︵ᠬᠤᠶᠠᠷ︶ ︽ᠬᠠᠭᠠᠰ ᠳᠤᠲᠠᠭᠤ ᠤᠷᠬᠢᠭᠰᠠᠨ︾ ᠢᠨᠵᠧᠨᠧᠷᠢᠩ ᠤᠨ ᠬᠠᠮᠢᠶ᠎ᠠ ᠪᠦᠬᠦᠢ ᠠᠰᠠᠭᠤᠳᠠᠯ᠄ | ᠭᠤᠣᠯᠳᠠᠭᠤ 2016 ᠣᠨ ᠠᠴᠠ ᠣᠲᠣ ᠪᠣᠯᠲᠠᠯᠠᠬᠢ ᠬᠤᠲᠠ ᠶᠢᠨ ᠲᠣᠰ ᠱᠠᠲᠤᠨ ᠤ ᠬᠢᠨᠠᠨ ᠵᠥᠪᠰᠢᠶᠡᠷᠡᠭᠰᠡᠨ | ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠣᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠪᠠᠭᠲᠠᠨ᠎ᠠ᠃ | ︵ᠭᠤᠷᠪᠠ︶ ᠪᠥᠬᠦ ᠬᠤᠲᠠ ᠶᠢᠨ ᠡᠯ᠎ᠡ ᠲᠥᠷᠥᠯ ᠤᠨ ᠲᠤᠨᠤᠮᠠᠯ ᠪᠡᠯᠡ ᠮᠥᠩᠭᠦ ᠶᠢᠨ ᠬᠠᠮᠢᠶ᠎ᠠ ᠪᠦᠬᠦᠢ | ᠠᠰᠠᠭᠤᠳᠠᠯ᠄ ᠭᠤᠣᠯᠳᠠᠭᠤ 2022 ᠣᠨ ᠤ 7 ᠰᠠᠷ᠎ᠠ ᠶᠢᠨ 31 ᠤ ᠡᠳᠦᠷ ᠪᠣᠯᠲᠠᠯᠠᠬᠢ ᠪᠥᠬᠦ ᠬᠤᠲᠠ ᠶᠢᠨ ᠡᠯ᠎ᠡ | ᠱᠠᠲᠤᠨ ᠤ ᠲᠥᠰᠥᠪ ᠤᠨ ᠰᠠᠯᠠᠭ᠎ᠠ ᠮᠥᠴᠢᠷ ︵ ᠨᠢᠭᠡᠴᠢ︶ ᠤᠨ ᠪᠣᠳᠠᠲᠠᠢ ᠪᠠᠶᠢᠭ᠎ᠠ ᠪᠡᠯᠡ ᠮᠥᠩᠭᠦ ᠶᠢᠨ | ᠲᠠᠩᠰᠠᠨ ᠳᠠᠬᠢ ᠡᠯ᠎ᠡ ᠲᠥᠷᠥᠯ ᠤᠨ ᠪᠡᠯᠡ ᠮᠥᠩᠭᠦ ︵ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠢ | ᠪᠠᠭᠲᠠᠭᠠᠬᠤ ᠦᠭᠡᠢ︶᠂ ᠡᠯ᠎ᠡ ᠱᠠᠲᠤᠨ ᠤ ᠡᠳ᠋ ᠤᠨ ᠵᠠᠰᠠᠭ ᠠᠴᠠ ᠣᠷᠣᠯᠠᠨ ᠨᠠᠶᠢᠷᠠᠭᠤᠯᠤᠭᠰᠠᠨ ᠲᠥᠰᠥᠪ ᠤᠨ ᠪᠤᠰᠤ | ᠨᠢᠭᠡᠴᠢ ︵ᠠᠵᠤ ᠠᠬᠤᠶᠢᠯᠠᠯ ᠢ ᠪᠠᠭᠲᠠᠭᠠᠬᠤ ᠦᠭᠡᠢ︶ ᠶᠢᠨ ᠪᠣᠳᠠᠲᠠᠢ ᠪᠠᠶᠢᠭ᠎ᠠ ᠪᠡᠯᠡ ᠮᠥᠩᠭᠦ ᠶᠢᠨ ᠲᠠᠩᠰᠠᠨ ᠳᠠᠬᠢ | ᠲᠣᠰ ᠱᠠᠲᠤᠨ ᠤ ᠡᠳ᠋ ᠤᠨ ᠵᠠᠰᠠᠭ ᠠᠴᠠ ᠪᠠᠭᠤᠯᠭᠠᠵᠤ ᠥᠭᠭᠦᠭᠰᠡᠨ ᠪᠡᠯᠡ ᠮᠥᠩᠭᠦ ︵ᠰᠢᠨᠵᠢᠯᠡᠬᠦ ᠤᠬᠠᠭᠠᠨ ᠤ | ᠰᠤᠳᠤᠯᠤᠯ ᠤᠨ ᠵᠠᠷᠤᠳᠠᠯ ᠢ ᠪᠠᠭᠲᠠᠭᠠᠬᠤ ᠦᠭᠡᠢ︶᠂ ᠡᠯ᠎ᠡ ᠬᠤᠰᠢᠭᠤ ᠰᠢᠶᠠᠨ ᠲᠣᠭᠤᠷᠢᠭ᠂ ᠬᠤᠪᠣᠷ ᠰᠢᠷᠣᠢ ᠶᠢᠨ | ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ︵ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ︶ ᠤᠨ ᠬᠦᠷᠢᠶᠡᠨ ᠳᠠᠬᠢ ᠲᠤᠨᠤᠮᠠᠯ ᠪᠡᠯᠡ ᠮᠥᠩᠭᠦ ᠪᠠᠭᠲᠠᠨ᠎ᠠ᠃ | ︵ᠳᠥᠷᠪᠡ︶ ᠪᠥᠬᠦ ᠬᠤᠲᠠ ᠶᠢᠨ ᠵᠥᠪᠰᠢᠶᠡᠷᠡᠭᠰᠡᠨ ᠠᠳᠠᠯ᠎ᠠ ᠬᠠᠩᠭᠠᠭᠠᠳᠤᠢ ᠵᠡᠷᠭᠡ ᠡᠯ᠎ᠡ ᠲᠥᠷᠥᠯ ᠤᠨ | ᠰᠤᠯᠠ ᠪᠠᠶᠢᠭ᠎ᠠ ᠭᠠᠵᠠᠷ ᠰᠢᠷᠣᠢ ᠶᠢᠨ ᠬᠠᠮᠢᠶ᠎ᠠ ᠪᠦᠬᠦᠢ ᠠᠰᠠᠭᠤᠳᠠᠯ᠄ ᠭᠤᠣᠯᠳᠠᠭᠤ ᠭᠠᠵᠠᠷ ᠬᠠᠩᠭᠠᠬᠤ ᠨᠥᠬᠦᠴᠡᠯ ᠢ | ᠪᠦᠷᠢᠯᠳᠦᠭᠦᠯᠦᠭᠰᠡᠨ ᠪᠠᠶᠢᠲᠠᠯ᠎ᠠ ᠭᠠᠵᠠᠷ ᠬᠠᠩᠭᠠᠭᠰᠠᠨ ᠦᠭᠡᠢ᠂ ᠵᠢᠴᠢ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠢ ᠨᠠᠶᠢᠳᠠᠪᠤᠷᠢᠵᠢᠭᠤᠯᠤᠭᠠᠳᠤᠢ᠂ ᠲᠠᠲᠠᠪᠤᠷᠢᠯᠠᠨ ᠨᠤᠷᠠᠭᠠᠵᠤ ᠨᠡᠭᠦᠯᠭᠡᠬᠦ ᠶᠢ ᠪᠡᠶᠡᠯᠡᠭᠦᠯᠦᠭᠰᠡᠨ ᠦᠭᠡᠢ ᠵᠡᠷᠭᠡ | ᠰᠢᠯᠲᠠᠭᠠᠨ ᠠᠴᠠ ᠪᠣᠯᠵᠤ ᠵᠥᠪᠰᠢᠶᠡᠷᠡᠭᠰᠡᠨ ᠠᠲᠠᠯ᠎ᠠ ᠬᠠᠩᠭᠠᠭᠠᠳᠤᠢ ᠭᠠᠵᠠᠷ ᠰᠢᠷᠣᠢ ᠶᠢ ᠪᠠᠭᠲᠠᠭᠠᠨ᠎ᠠ; ᠵᠠᠰᠠᠭ ᠤᠨ | ᠣᠷᠳᠣᠨ ᠤ ᠰᠢᠯᠲᠠᠭᠠᠨ᠂ ᠠᠵᠤ ᠠᠬᠤᠶᠢᠯᠠᠯ ᠤᠨ ᠰᠢᠯᠲᠠᠭᠠᠨ ᠠᠴᠠ ᠪᠣᠯᠤᠭᠰᠠᠨ ᠰᠤᠯᠠ ᠪᠠᠶᠢᠭ᠎ᠠ ᠭᠠᠵᠠᠷ ᠰᠢᠷᠣᠢ᠃ | | ︵ᠲᠠᠪᠤ︶ ᠪᠤᠭᠤᠲᠤ ᠬᠤᠲᠠ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ︵ᠨᠡᠭᠡᠭᠡᠯᠲᠡ ᠶᠢᠨ | ᠣᠷᠣᠨ︶ ᠤᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠰᠠᠭᠤᠳᠠᠯ᠄ ᠭᠤᠣᠯᠳᠠᠭᠤ 2016 ᠣᠨ ᠠᠴᠠ | ᠨᠠᠭᠠᠰᠢᠬᠢ ᠨᠡᠭᠡᠭᠡᠯᠲᠡ ᠶᠢᠨ ᠣᠷᠣᠨ ︵ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ︶ ᠤᠨ | ᠵᠥᠪᠰᠢᠶᠡᠷᠡᠭᠦᠯᠬᠦ ᠪᠠᠷ ᠬᠦᠯᠢᠶᠡᠵᠦ ᠪᠠᠶᠢᠭ᠎ᠠ ᠲᠥᠷᠥᠯ ᠵᠦᠢᠯ᠂ ᠲᠤᠨᠤᠮᠠᠯ ᠪᠡᠯᠡ ᠮᠥᠩᠭᠦ᠂ ᠵᠥᠪᠰᠢᠶᠡᠷᠡᠭᠡᠳ | ᠬᠠᠩᠭᠠᠭᠰᠠᠨ ᠦᠭᠡᠢ᠂ ᠰᠤᠯᠠ ᠪᠠᠶᠢᠭ᠎ᠠ ᠭᠠᠵᠠᠷ ᠰᠢᠷᠣᠢ ᠪᠣᠯᠣᠨ ᠰᠠᠭᠤᠷᠢ ᠲᠥᠬᠦᠭᠡᠷᠦᠮᠵᠢ ᠶᠢᠨ ᠦᠯᠡᠳᠡᠭᠡᠯ ᠡᠳ᠋ | ᠬᠥᠷᠥᠩᠭᠡ᠂ ᠦᠢᠯᠡᠳᠪᠦᠷᠢᠯᠡᠯ ᠵᠣᠭᠰᠣᠭᠰᠠᠨ ᠠᠵᠤ ᠠᠬᠤᠶᠢᠯᠠᠯ ᠪᠣᠯᠣᠨ ᠪᠦᠲᠦᠭᠡᠨ ᠪᠠᠶᠢᠭᠤᠯᠬᠤ ᠪᠠᠨ ᠵᠣᠭᠰᠣᠭᠰᠠᠨ | ᠲᠥᠷᠥᠯ ᠵᠦᠢᠯ ᠵᠡᠷᠭᠡ ᠪᠠᠭᠲᠠᠨ᠎ᠠ᠃ | ᠭᠤᠷᠪᠠ᠂ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠵᠠᠮ | ︵ᠨᠢᠭᠡ︶ ᠪᠤᠭᠤᠲᠤ ᠬᠤᠳᠠ ᠶᠢᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ | ᠲᠥᠭᠦᠮ ᠦᠵᠡᠭᠦᠯᠬᠦ ᠬᠠᠯᠠᠮᠰᠢᠯ ᠤᠲᠠᠰᠤ ᠶᠢᠨ ᠲᠠᠪᠴᠠᠩ | ︵ᠬᠤᠶᠠᠷ︶ ᠪᠤᠭᠤᠲᠤ ᠬᠤᠳᠠ ᠶᠢᠨ 12345 ᠵᠢᠷᠭᠢᠶ᠎ᠡ ᠶᠢᠨ ᠲᠠᠪᠴᠠᠩ | ︵ᠭᠤᠷᠪᠠ︶ ᠮᠥᠩᠬᠡ ᠰᠤᠪᠠᠭ APP ᠣᠨᠴᠠᠭᠠᠶᠢᠯᠠᠨ ᠮᠡᠳᠡᠭᠳᠡᠪᠡ | | 2022 | ᠣᠨ ᠤ 8 ᠰᠠᠷ᠎ᠠ ᠶᠢᠨ 19 ᠤ ᠡᠳᠦᠷ |