ᠳ᠋ᠦᠩ ᠾᠧ ᠲᠣᠭᠤᠷᠢᠭ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2022/12/5
     9 ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠳ᠋ᠦᠩ ᠾᠧ ᠲᠣᠭᠤᠷᠢᠭ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠳ᠋ᠦᠩ ᠾᠧ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠬᠤᠷᠠᠯ ᠤᠨ ᠭᠡᠷ ᠲᠤ ᠵᠢᠩᠬᠢᠨᠢ ᠪᠠᠷ ᠪᠠᠶᠢᠭᠤᠯᠤᠭᠳᠠᠪᠠ᠃
     ᠲᠤᠰ ᠡᠳᠦᠷ ᠠᠴᠠ ᠡᠬᠢᠯᠡᠨ᠂ ᠡᠳᠡᠭᠡᠷ ᠰᠠᠶᠢᠨ ᠳᠤᠷ᠎ᠠ ᠶᠢᠨ ᠦᠢᠯᠡᠴᠢᠯᠡᠭᠴᠢᠳ ᠢᠳᠡᠪᠬᠢᠲᠡᠢ ᠪᠠᠷ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠪᠣᠯᠪᠠᠰᠤᠨ ᠰᠢᠨ᠎ᠡ ᠰᠤᠷᠲᠠᠯ᠂ ᠰᠢᠨᠵᠢᠯᠡᠬᠦ ᠤᠬᠠᠭᠠᠨᠴᠢ ᠪᠠᠷ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠵᠡᠷᠭᠡ ᠲᠠᠯ᠎ᠠ ᠶᠢᠨ ᠲᠣᠭᠤᠷᠢᠨ ᠳᠤ᠂ ᠣᠯᠠᠨ ᠶᠠᠩᠵᠤ ᠶᠢᠨ ᠬᠡᠯᠪᠡᠷᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠥᠷᠨᠢᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠡᠯ᠎ᠡ ᠰᠤᠮᠤ ︵ᠪᠠᠯᠭᠠᠰᠤ︶᠂ ᠵᠡᠭᠡᠯᠢ ᠭᠤᠳᠤᠮᠵᠢ᠂ ᠲᠣᠰᠬᠤᠨ ᠤ ᠰᠠᠭᠤᠭᠠᠯᠢ ᠠᠷᠠᠳ ᠤᠨ ᠵᠥᠪᠯᠡᠯ ᠪᠣᠯᠣᠨ ᠦᠨᠳᠦᠰᠦᠨ ᠱᠠᠲᠤᠨ ᠤ ᠪᠡᠶ᠎ᠡ ᠴᠢᠭᠢᠷᠠᠭᠵᠢᠭᠤᠯᠬᠤ ᠥᠷᠲᠡᠭᠡ ᠴᠡᠭ ᠲᠤ ᠬᠦᠷᠴᠦ᠂ ᠲᠤᠬᠠᠢ ᠶᠢᠨ ᠭᠠᠵᠠᠷ ᠤᠨ ᠣᠯᠠᠨ ᠲᠦᠮᠡᠨ ᠳᠤ ᠲᠠᠯᠠᠪᠠᠶ ᠶᠢᠨ ᠪᠥᠵᠢᠭ᠂ ᠪᠡᠶ᠎ᠡ ᠴᠢᠭᠢᠷᠠᠭᠵᠢᠭᠤᠯᠬᠤ ᠶᠠᠩᠭᠠᠷ᠂ ᠨᠡᠷᠡᠬᠦᠢ ᠨᠢᠳᠤᠷᠭ᠎ᠠ᠂ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠵᠡᠷᠭᠡ ᠰᠤᠷᠬᠤ ᠳᠤ ᠬᠢᠯᠪᠠᠷ᠂ ᠰᠣᠨᠢᠷᠬᠠᠯᠳᠤ ᠴᠢᠨᠠᠷ ᠢᠶᠠᠷ ᠴᠢᠩᠭ᠎ᠠ᠂ ᠰᠣᠨᠢᠷᠬᠠᠯ ᠤᠨ ᠴᠢᠨᠠᠷ ᠲᠠᠢ ᠪᠡᠶ᠎ᠡ ᠴᠢᠭᠢᠷᠠᠭᠵᠢᠭᠤᠯᠬᠤ ᠲᠥᠷᠥᠯ ᠵᠦᠢᠯ ᠤᠨ ᠪᠣᠯᠪᠠᠰᠤᠷᠠᠭᠤᠯᠤᠯ ᠢ ᠬᠠᠩᠭᠠᠵᠤ᠂ ᠦᠨᠳᠦᠰᠦᠨ ᠱᠠᠲᠤᠨ ᠤ ᠣᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠦᠨᠳᠦᠰᠦᠨ ᠱᠠᠲᠤᠨ ᠤ ᠣᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠰᠡᠯᠡᠭᠦᠴᠡᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃
     ᠲᠠᠷᠠᠭᠠᠴᠢ ᠶᠢᠨ ᠠᠯᠬᠤᠮ ᠳᠤ᠂ ᠮᠠᠨ ᠤ ᠣᠷᠣᠨ ᠤ ᠠᠩᠬᠠᠳᠠᠭᠴᠢ ᠵᠢᠩᠬᠢᠨᠢ ᠪᠡᠶ᠎ᠡ ᠶᠢᠨ ᠲᠠᠮᠢᠷ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠪᠦᠯᠬᠦᠮ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠣᠯᠠᠨ ᠢ ᠬᠥᠲᠥᠯᠥᠨ ᠵᠢᠯᠤᠭᠤᠳᠴᠤ ᠪᠠᠶᠢᠭᠠᠳ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠩᠨᠡᠭᠡᠨ ᠳᠤ ᠣᠷᠣᠭᠤᠯᠵᠤ᠂ ᠳ᠋ᠦᠩ ᠾᠧ ᠲᠣᠭᠤᠷᠢᠭ ᠤᠨ ᠪᠡᠶ᠎ᠡ ᠶᠢᠨ ᠲᠠᠮᠢᠷ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠡᠭᠦᠳᠬᠦ ᠪᠣᠯᠣᠨ᠎ᠠ᠃
 
ᠢᠷᠡᠯᠲᠡ᠄ ᠳ᠋ᠦᠩ ᠾᠧ ᠲᠣᠭᠤᠷᠢᠭ ᠤᠨ ᠰᠣᠶᠣᠯ ᠤᠨ ᠵᠢᠭᠤᠯᠴᠢᠯᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1