︽ᠡᠷᠴᠢ ᠵᠣᠷᠢᠭ ᠢᠶᠠᠨ ᠬᠥᠪᠴᠢᠯᠡᠶ᠎ᠡ · ᠴᠠᠭᠠᠨ ᠰᠠᠷ᠎ᠠ ᠳᠤ ᠦᠨᠳᠦᠰᠦᠨ ᠱᠠᠲᠤᠨ ᠳᠤ ᠶᠠᠪᠤᠶ᠎ᠠ︾ ᠳ᠋ᠦᠩ ᠾᠧ ᠲᠣᠭᠤᠷᠢᠭ᠄ ᠣᠨᠳᠣᠣ ᠶᠠᠩᠵᠤ ᠶᠢᠨ ᠰᠢᠨ᠎ᠡ ᠵᠢᠯ ᠤᠨ ᠦᠨᠦᠷ ᠠᠮᠲᠠ ᠠᠳᠠᠯᠢ ᠰᠠᠶᠢᠬᠠᠨ
ᠨᠡᠶᠢᠲᠡᠯᠡᠭᠰᠡᠨ ᠴᠠᠭ᠄
2022/2/10
     ᠪᠠᠷᠰ ᠵᠢᠯ ᠤᠨ ᠴᠠᠭᠠᠨ ᠰᠠᠷ᠎ᠠ ᠡᠳᠦᠷ ᠢᠷᠡᠬᠦᠶ᠎ᠡ ᠣᠶᠢᠷᠠᠳᠴᠤ᠂ ᠵᠡᠭᠦᠨ ᠭᠤᠣᠯ ᠤᠨ ᠭᠠᠵᠠᠷ ᠪᠣᠯᠭᠠᠨ ᠳᠤ ᠪᠠᠶᠠᠷ ᠬᠦᠷ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢᠶᠠᠷ ᠪᠢᠯᠬᠠᠨ᠎ᠠ᠃ ᠡᠨᠡ ᠬᠦ ᠴᠠᠭᠠᠨ ᠰᠠᠷ᠎ᠠ ᠨᠢ ᠥᠩᠭᠡᠷᠡᠭᠰᠡᠨ ᠵᠢᠯ ᠤᠳ ᠲᠠᠢ ᠠᠳᠠᠯᠢ ᠦᠭᠡᠢ ︱ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠡᠷᠡᠭᠴᠡᠭᠡ ᠠᠴᠠ ᠪᠣᠯᠵᠤ᠂ ᠨᠤᠲᠤᠭ ᠲᠠᠭᠠᠨ ᠬᠠᠷᠢᠵᠤ ᠭᠡᠷ ᠤᠨ ᠬᠥᠮᠥᠰ ᠲᠠᠢ ᠪᠠᠨ ᠠᠭᠤᠯᠵᠠᠬᠤ ᠭᠡᠵᠦ ᠪᠠᠶᠢᠭᠰᠠᠨ ᠮᠠᠰᠢ ᠣᠯᠠᠨ ᠬᠥᠮᠥᠰ ︽ᠲᠤᠬᠠᠢ ᠶᠢᠨ ᠭᠠᠵᠠᠷ ᠲᠠᠭᠠᠨ ᠰᠢᠨᠡᠯᠡᠬᠦ︾ ᠰᠠᠨᠠᠭᠠᠴᠢᠯᠠᠭ᠎ᠠ ᠶᠢ ᠬᠤᠶᠢᠨ᠎ᠠ ᠬᠤᠶᠢᠨ᠎ᠠ  ᠠᠴᠠ ᠪᠠᠨ ᠳᠠᠭᠠᠵᠤ᠂ ᠰᠠᠨᠠᠭᠠᠴᠢᠯᠠᠭ᠎ᠠ  ᠠᠴᠠ ᠪᠠᠨ ᠲᠣᠰ ᠭᠠᠵᠠᠷ ᠲᠠᠭᠠᠨ ᠰᠢᠨᠡᠯᠡᠬᠦ ᠶᠢ ᠰᠣᠩᠭᠤᠭᠰᠠᠨ ᠪᠠᠶᠢᠨ᠎ᠠ᠃
ᠪᠠᠶᠠᠷ ᠤᠨ ᠡᠳᠦᠷ ᠤᠨ ᠠᠭᠤᠷ ᠠᠮᠢᠰᠬᠤᠯ ᠭᠦᠨ ᠵᠤᠵᠠᠭᠠᠨ      ᠲᠤᠬᠠᠢ ᠶᠢᠨ ᠭᠠᠵᠠᠷ ᠲᠠᠭᠠᠨ ᠰᠢᠨᠡᠯᠡᠬᠦ ᠳᠤ᠂ ᠵᠥᠪᠬᠡᠨ ᠥᠭᠡᠷ᠎ᠡ ᠨᠢᠭᠡ ᠭᠠᠵᠠᠷ ᠰᠣᠯᠢᠵᠤ᠂ ᠵᠢᠯ ᠤᠨ ᠰᠡᠭᠦᠳᠡᠷ ᠲᠠᠲᠠᠭᠰᠠᠨ ᠴᠤ᠂ ᠵᠢᠯ ᠤᠨ ᠦᠨᠦᠷ ᠠᠮᠲᠠ ᠨᠢ ᠮᠥᠨ ᠯᠡ ᠥᠳᠬᠡᠨ ᠬᠡᠪ ᠢᠶᠠᠷ ᠢᠶᠠᠨ ᠪᠠᠶᠢᠯ᠎ᠠ᠃ᠴᠠᠭᠠᠨ ᠰᠠᠷ᠎ᠠ ᠰᠢᠨ᠎ᠡ ᠵᠢᠯ ᠤᠨ ᠠᠮᠤᠷ ᠲᠦᠪᠰᠢᠨ ᠥᠯᠵᠡᠢ ᠪᠡᠯᠭᠡ ᠲᠠᠢ ᠪᠠᠶᠢᠬᠤ ᠶᠢ ᠪᠠᠲᠤᠯᠠᠬᠤ ᠶᠢᠨ ᠲᠥᠯᠥᠭᠡ᠂ ᠳ᠋ᠦᠩ ᠾᠧ ᠲᠣᠭᠤᠷᠢᠭ ᠤᠨ ᠬᠢᠨ ᠬᠠᠮᠤᠭ ᠲᠡᠷᠢᠭᠦᠨ ᠳᠤ 2022 ᠣᠨ ᠤ ᠰᠢᠨ᠎ᠡ ᠵᠢᠯ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠪᠠᠶᠢᠷᠢᠯᠠᠭᠤᠯᠤᠯᠲᠠ ᠬᠢᠵᠦ᠂ ︽2022 ᠣᠨ ᠤ ᠰᠢᠨ᠎ᠡ ᠵᠢᠯ᠂ ᠴᠠᠭᠠᠨ ᠰᠠᠷ᠎ᠠ ᠶᠢᠨ ᠪᠣᠯᠪᠠᠰᠤᠨ ᠤ ᠪᠠᠶᠠᠷ ᠤᠨ ᠡᠳᠦᠷ ᠢ ᠪᠡᠯᠭᠡᠯᠡᠬᠦ ᠲᠤᠬᠠᠢ ᠰᠠᠨᠠᠭᠠᠴᠢᠯᠠᠭ᠎ᠠ ᠶᠢᠨ ᠪᠢᠴᠢᠭ︾ ᠢ ᠲᠠᠷᠬᠠᠭᠠᠵᠤ᠂ ᠪᠦᠬᠦ ᠣᠷᠣᠨ ᠤ ᠡᠯ᠎ᠡ ᠠᠵᠢᠯ ᠲᠥᠷᠥᠯ ᠤᠨ ᠺᠠᠳ᠋ᠷ ᠠᠵᠢᠯᠲᠠᠨ ᠠᠵᠢᠯᠴᠢᠨ ᠪᠣᠯᠣᠨ ᠥᠷᠭᠡᠨ ᠣᠯᠠᠨ ᠭᠠᠳᠠᠨ᠎ᠠ ᠠᠴᠠ ᠢᠷᠡᠵᠦ ᠠᠵᠢᠯ ᠬᠥᠳᠡᠯᠮᠦᠷᠢ ᠬᠢᠵᠦ ᠪᠠᠶᠢᠭ᠎ᠠ ᠬᠥᠮᠥᠰ ᠤᠷᠢᠶᠠᠯᠠᠭ᠎ᠠ  ᠶᠢ ᠴᠤᠤᠷᠢᠶᠠᠲᠤᠨ ᠳᠠᠭᠠᠵᠤ᠂ ᠲᠤᠬᠠᠢ ᠶᠢᠨ ᠭᠠᠵᠠᠷ ᠲᠠᠭᠠᠨ ᠰᠢᠨᠡᠯᠡᠵᠦ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠪᠠ ᠪᠠᠶᠠᠷ ᠤᠨ ᠡᠳᠦᠷ ᠠᠴᠠ ᠡᠮᠦᠨ᠎ᠡ ᠰᠤᠷᠪᠤᠯᠵᠢᠯᠠᠨ ᠲᠣᠬᠤᠨᠢᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠣᠯᠠᠨ ᠲᠦᠮᠡᠨ ᠤ ᠲᠤᠬᠠᠢ ᠶᠢᠨ ᠭᠠᠵᠠᠷ ᠲᠠᠭᠠᠨ ᠰᠢᠨᠡᠯᠡᠵᠦ ᠪᠠᠶᠢᠭ᠎ᠠ ᠬᠠᠯᠠᠮᠰᠢᠯ ᠪᠠ ᠲᠦᠪᠡᠭᠲᠡᠢ ᠠᠰᠠᠭᠤᠳᠠᠯ ᠢ ᠨᠢᠭᠲᠠ ᠠᠩᠬᠠᠷᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠰᠢᠨ᠎ᠡ ᠵᠢᠯ ᠤᠨ ᠬᠤᠭᠤᠴᠠᠭᠠᠨ ᠳᠠᠬᠢ ᠠᠮᠢᠳᠤᠷᠠᠯ ᠤᠨ ᠡᠳ᠋ ᠪᠣᠳᠠᠰ ᠤᠨ ᠬᠠᠩᠭᠠᠯᠭ᠎ᠠ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠰᠦᠯᠵᠢᠶᠡᠨ ᠳᠡᠭᠡᠷᠡᠬᠢ ᠦᠢᠯᠡᠴᠢᠯᠡᠭᠡ ᠪᠠ ᠰᠣᠶᠣᠯ ᠴᠡᠩᠭᠡᠯ ᠤᠨ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠤᠨ᠂ ᠬᠠᠮᠤᠭ ᠤᠨ ᠦᠨᠡᠨᠴᠢ ᠬᠠᠮᠤᠭ ᠤᠨ ᠬᠠᠯᠠᠭᠤᠨ ᠳᠣᠲᠣᠨᠣ ᠬᠠᠯᠠᠮᠵᠢᠯᠠᠯ ᠢᠶᠠᠷ ᠲᠤᠬᠠᠢ ᠶᠢᠨ ᠭᠠᠵᠠᠷ ᠲᠠᠭᠠᠨ ᠰᠢᠨᠡᠯᠡᠵᠦ ᠪᠠᠶᠢᠭ᠎ᠠ ᠣᠯᠠᠨ ᠲᠦᠮᠡᠨ ᠢ ᠰᠢᠨ᠎ᠡ ᠵᠢᠯ ᠢᠶᠠᠨ ᠰᠠᠶᠢᠬᠠᠨ ᠥᠩᠭᠡᠷᠡᠭᠦᠯᠵᠦ᠂ ᠠᠳᠠᠯᠢ ᠪᠤᠰᠤ ᠵᠢᠯ᠂ ᠠᠳᠠᠯᠢ ᠪᠤᠰᠤ ᠬᠠᠯᠠᠭᠤᠨ ᠳᠤᠯᠠᠭᠠᠨ᠂ ᠠᠳᠠᠯᠢ ᠪᠤᠰᠤ ᠭᠤᠶᠢᠳᠠ ᠰᠠᠶᠢᠬᠠᠨ ᠪᠣᠯᠭᠠᠬᠤ ᠬᠡᠷᠡᠭᠲᠡᠢ᠃
ᠰᠢᠲᠠᠮᠠᠬᠠᠢ ᠬᠡᠢ ᠶᠢᠨ ᠠᠶᠤᠯᠭᠦᠢ ᠶᠢᠨ ᠶᠡᠭᠡ ᠪᠠᠶᠢᠴᠠᠭᠠᠯᠲᠠ      ︽ᠥᠩᠭᠡᠷᠡᠭᠰᠡᠨ ᠳᠤ ᠪᠦᠷ ᠬᠥᠳᠡᠭᠡ ᠨᠤᠲᠤᠭ ᠲᠠᠭᠠᠨ ᠬᠠᠷᠢᠵᠤ᠂ ᠬᠤᠳᠠ ᠳᠤ ᠰᠢᠨᠡᠯᠡᠬᠦ ᠶᠢ ᠪᠤᠳᠤᠭᠠᠳ ᠬᠥᠳᠡᠭᠡ ᠲᠣᠰᠬᠤᠨ ᠰᠢᠭ᠋ ᠲᠡᠶᠢᠮᠦ ᠬᠦᠷ ᠬᠥᠭᠵᠢᠶᠡᠨ ᠲᠠᠢ ᠪᠢᠰᠢ ᠪᠠᠶᠢᠵᠠᠢ᠂ ᠤᠳᠤ ᠳ᠋ᠦᠩ ᠡᡁᠸ ᠲᠣᠭᠤᠷᠢᠭ ᠤᠨ ᠭᠠᠵᠠᠷ ᠪᠣᠯᠭᠠᠨ ᠳᠤ ᠳ᠋ᠧᠩ ᠵᠤᠯᠠ ᠠᠰᠠᠭᠠᠵᠤ ᠪᠠᠶᠢᠨ᠎ᠠ᠂ ᠡᠨᠡ ᠬᠡᠳᠦᠨ ᠡᠳᠦᠷ ᠪᠢ ᠲᠠᠢ ᠫᠢᠩ ᠰᠧ ᠰᠦᠮ᠎ᠡ ᠳᠤ᠂ ᠴᠢᠤᠸᠠᠨ ᠶᠧ ᠬᠤᠳᠠᠯᠳᠤᠭᠠᠨ ᠤ ᠬᠤᠳᠠ ᠳᠤ ᠬᠦᠷᠴᠦ ᠴᠠᠭᠠᠨ ᠰᠠᠷ᠎ᠠ ᠶᠢᠨ ᠪᠠᠷᠠᠭ᠎ᠠ ᠬᠤᠳᠠᠯᠳᠤᠨ ᠠᠪᠴᠤ᠂ ᠪᠠᠰᠠ ᠪᠧᠢ ᠯᠢᠶᠠᠩ ᠤᠨ ᠬᠠᠭᠠᠷᠢᠭᠰᠠᠨ ᠭᠡᠳᠡᠰᠦ ᠵᠡᠷᠭᠡ ᠣᠨᠴᠠᠯᠢᠭ ᠲᠠᠢ ᠢᠳᠡᠭᠡᠨ ᠢ ᠠᠮᠲᠠᠯᠠᠭᠠᠳ ᠰᠢᠨ᠎ᠡ ᠵᠢᠯ ᠤᠨ ᠦᠨᠦᠷ ᠠᠮᠲᠠ ᠪᠠᠷ ᠪᠢᠯᠬᠠᠨ᠎ᠠ︾᠃ ᠪᠤᠭᠤᠲᠤ ᠶᠢᠨ ᠱᠧᠩ ᠲᠠᠢ ᠮᠠᠰᠢᠨ ᠲᠡᠷᠭᠡᠨ ᠤ ᠰᠡᠯᠪᠢᠭ ᠲᠣᠨᠤᠭ ᠦᠶᠯᠡᠳᠬᠦ ᠬᠢᠵᠠᠭᠠᠷᠲᠤ ᠺᠣᠮᠫᠠᠨᠢ ᠶᠢᠨ ᠠᠵᠢᠯᠲᠠᠨ ᠯᠢᠦ ᠵᠢᠶᠠᠨ ᠲᠤᠬᠠᠢ ᠶᠢᠨ ᠭᠠᠵᠠᠷ ᠲᠠᠭᠠᠨ ᠰᠢᠨᠡᠯᠡᠬᠦ ᠰᠠᠨᠠᠭᠠᠴᠢᠯᠠᠭ᠎ᠠ ᠶᠢ ᠳᠠᠭᠠᠵᠤ᠂ ᠲᠣᠰ ᠭᠠᠵᠠᠷ ᠲᠠᠭᠠᠨ ᠰᠢᠨᠡᠯᠡᠬᠦ ᠪᠠᠷ ᠪᠡᠯᠡᠳᠬᠡᠵᠦ ᠪᠣᠶ᠃
ᠳᠤᠯᠠᠭᠠᠨ ᠤ ᠬᠡᠮᠵᠢᠯᠲᠡ ᠶᠢᠨ ᠣᠶᠤᠨᠲᠤ ᠡᠭᠦᠳᠡᠨ ᠬᠠᠷᠠᠭᠤᠯ ᠤᠨ ᠮᠠᠰᠢᠨ ᠬᠥᠮᠥᠨ      ᠴᠠᠭᠠᠨ ᠰᠠᠷ᠎ᠠ ᠶᠢᠨ ᠰᠢᠨ᠎ᠡ ᠵᠢᠯ ᠤᠨ ᠦᠨᠦᠷ ᠠᠮᠲᠠ ᠥᠳᠬᠡᠨ ᠪᠠᠶᠢᠬᠤ ᠬᠡᠷᠡᠭᠲᠡᠢ᠂ ᠨᠡᠩ ᠴᠤ ᠠᠮᠤᠷ ᠲᠦᠪᠰᠢᠨ ᠲᠣᠭᠲᠠᠭᠤᠨ ᠪᠠᠶᠢᠬᠤ ᠬᠡᠷᠡᠭᠲᠡᠢ᠃ᠳ᠋ᠦᠩ ᠾᠧ ᠲᠣᠭᠤᠷᠢᠭ ᠤᠨ ᠬᠢᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠲᠣᠮᠣ ᠬᠤᠳᠠᠯᠳᠤᠭᠠᠨ ᠤ ᠬᠡᠲᠦ ᠳᠡᠯᠭᠡᠭᠦᠷ ᠤᠨ ᠳᠤᠯᠠᠭᠠᠨ ᠤ ᠬᠡᠮᠵᠢᠯᠲᠡ ᠶᠢᠨ ᠺᠣᠳ᠋ ᠰᠢᠷᠪᠢᠬᠦ ᠶᠢ ᠳᠠᠩᠰᠠᠯᠠᠬᠤ ᠵᠡᠷᠭᠡ ᠠᠷᠭ᠎ᠠ ᠬᠡᠮᠵᠢᠶ᠎ᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠪᠠᠰᠠ ᠡᠯ᠎ᠡ ᠲᠥᠷᠥᠯ ᠤᠨ ᠲᠣᠮᠣ ᠬᠡᠯᠪᠡᠷᠢ ᠶᠢᠨ ᠬᠤᠳᠠᠯᠳᠤᠭᠠᠨ ᠤ ᠲᠠᠯᠠᠪᠤᠷ ᠢ ᠬᠠᠪᠰᠤᠷᠤᠨ ᠬᠢᠵᠢᠭ ᠢ ᠰᠡᠷᠭᠡᠶᠢᠯᠡᠬᠦ ᠣᠶᠤᠨᠲᠤ ᠮᠠᠰᠢᠨ ᠬᠥᠮᠥᠨ ᠢ ᠣᠷᠣᠭᠤᠯᠤᠨ ᠠᠪᠴᠢᠷᠠᠵᠤ᠂ ᠲᠣᠮᠣ ᠳ᠋ᠠᠶᠢᠲ᠋ᠠ ᠶᠢᠨ ᠬᠢᠨᠠᠨ ᠬᠡᠮᠵᠢᠯᠲᠡ ᠵᠡᠷᠭᠡ ᠤᠬᠠᠭᠠᠯᠢᠭ ᠠᠷᠭ᠎ᠠ ᠪᠠᠷᠢᠯ ᠢ ᠬᠡᠷᠡᠭᠯᠡᠨ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠪᠠ᠃ ᠳ᠋ᠦᠩ ᠪᠠᠢ ᠬᠤᠳᠠᠯᠳᠤᠭᠠᠨ ᠤ ᠬᠤᠳᠠ᠂ ᠦ᠋ ᠶᠤᠸᠠᠢ ᠠᠭᠤᠳᠠᠮ ᠲᠠᠯᠠᠪᠠᠢ᠂ ᠴᠢᠤᠸᠠᠨ ᠶᠧ ᠬᠤᠳᠠᠯᠳᠤᠭᠠᠨ ᠤ ᠲᠠᠯᠠᠪᠠᠢ ᠵᠡᠷᠭᠡ ᠬᠤᠳᠠᠯᠳᠤᠭᠠᠨ ᠤ ᠲᠣᠭᠤᠷᠢᠭ ᠲᠤ᠂ ᠣᠶᠤᠨᠲᠤ ᠳᠤᠯᠠᠭᠠᠨ ᠤ ᠬᠡᠮᠵᠢᠯᠲᠡ ᠶᠢᠨ ᠡᠭᠦᠳᠡᠨ ᠬᠠᠷᠠᠭᠤᠯ ᠤᠨ ᠮᠠᠰᠢᠨ ᠬᠥᠮᠥᠨ ᠰᠢᠨ᠎ᠡ︽ᠬᠢᠵᠢᠭ ᠢ ᠰᠡᠷᠭᠡᠶᠢᠯᠡᠬᠦ ᠬᠥᠮᠥᠰ︾ ᠪᠣᠯᠪᠠ᠃ᠰᠤᠷᠪᠤᠯᠵᠢᠯᠠᠭᠴᠢ ᠲᠤᠬᠠᠢ ᠶᠢᠨ ᠲᠠᠯᠠᠪᠤᠷ ᠲᠤ ᠣᠯᠵᠤ ᠦᠵᠡᠭᠰᠡᠨ ᠨᠢ᠂ ᠳᠤᠯᠠᠭᠠᠨ ᠬᠡᠮᠵᠢᠬᠦ ᠮᠠᠰᠢᠨ ᠬᠥᠮᠥᠨ ᠤ ᠥᠨᠳᠥᠷ ᠨᠢ ᠪᠠᠷᠤᠭ 1.4 ᠮᠧᠲᠷ ᠪᠠᠶᠢᠵᠤ᠂ ᠬᠡᠲᠦ ᠤᠯᠠᠭᠠᠨ ᠰᠠᠴᠤᠷᠠᠭ ᠤᠨ ᠳᠤᠯᠠᠭᠠᠨ ᠬᠡᠮᠵᠢᠬᠦ᠂ ᠬᠥᠮᠥᠨ ᠤ ᠴᠢᠷᠠᠢ ᠶᠢᠨ ᠪᠠᠶᠢᠴᠠᠭᠠᠯᠲᠠ ᠵᠡᠷᠭᠡ 3 ᠳᠦᠷᠰᠦ ᠰᠢᠩᠭᠡᠭᠡᠬᠦ ᠮᠠᠰᠢᠨ ᠤᠭᠰᠠᠷᠠᠵᠤ᠂ ᠵᠠᠬ᠎ᠠ ᠳᠡᠯᠭᠡᠭᠦᠷ ᠲᠤ ᠣᠷᠣᠵᠤ ᠢᠷᠡᠭᠰᠡᠨ ᠬᠥᠮᠥᠰ ᠲᠤ ᠪᠡᠶ᠎ᠡ ᠶᠢᠨ ᠳᠤᠯᠠᠭᠠᠨ ᠤ ᠴᠢᠩᠭ᠎ᠠ ᠪᠠᠶᠢᠴᠠᠭᠠᠯᠲᠠ ᠬᠢᠵᠦ ᠪᠠᠶᠢᠨ᠎ᠠ᠂ ᠢᠷᠡᠬᠦ ᠬᠥᠮᠥᠨ  ᠨᠢ ᠵᠣᠭᠰᠣᠬᠤ ᠬᠡᠷᠡᠭ ᠦᠭᠡᠢ᠂ ᠵᠥᠪᠬᠡᠨ ︽ᠨᠢᠭᠡ ᠬᠠᠷᠠᠵᠤ︾ ᠦᠵᠡᠪᠡᠯ᠂ ᠪᠡᠶ᠎ᠡ ᠶᠢᠨ ᠳᠤᠯᠠᠭᠠᠨ ᠨᠢ ᠪᠠᠷᠢᠭᠳᠠᠳᠠᠭ᠂ ᠡᠭᠦᠨ ᠤ ᠳᠠᠭᠠᠤ ᠳᠤ ᠲᠤᠭ᠎ᠠ ᠪᠠᠷᠢᠮᠲᠠ ᠨᠢ ᠦᠵᠡᠭᠦᠯᠦᠭᠦᠷ ᠳᠡᠭᠡᠷ᠎ᠡ ᠢᠯᠡᠷᠡᠬᠦ ᠪᠣᠯᠣᠨ᠎ᠠ᠃ ᠡᠭᠦᠨ ᠠᠴᠠ ᠭᠠᠳᠠᠨ᠎ᠠ᠂ ᠡᠨᠡ ᠬᠦ ᠲᠥᠬᠦᠭᠡᠷᠦᠮᠵᠢ ᠨᠢ ᠥᠩᠭᠡᠷᠡᠭᠰᠡᠨ ᠬᠥᠮᠥᠨ ᠤ ᠠᠮᠠᠪᠴᠢ ᠵᠡᠭᠦᠵᠦ ᠪᠠᠶᠢᠬᠤ ᠡᠰᠡᠬᠦ ᠶᠢ ᠢᠯᠭᠠᠨ ᠲᠠᠨᠢᠵᠤ᠂ ︽ᠠᠮᠠᠪᠴᠢ ᠪᠠᠨ ᠰᠠᠶᠢᠬᠠᠨ ᠵᠡᠭᠦᠭᠡᠷᠡᠢ︾ ᠭᠡᠰᠡᠨ ᠰᠠᠨᠠᠭᠤᠯᠤᠮᠵᠢ ᠥᠭᠴᠦ᠂ ᠨᠠᠭᠠᠰᠢ ᠴᠠᠭᠠᠰᠢ ᠶᠠᠪᠤᠬᠤ ᠬᠥᠮᠥᠰ ᠲᠤ ᠴᠠᠭ ᠢᠮᠠᠭᠲᠠ ᠰᠠᠨᠠᠭᠤᠯᠵᠤ ᠪᠠᠶᠢᠳᠠᠭ᠃
ᠪᠠᠷᠠᠭ᠎ᠠ ᠪᠦᠷᠢᠨ ᠭᠦᠢᠴᠡᠳ      ᠳ᠋ᠦᠩ ᠾᠧ ᠲᠣᠭᠤᠷᠢᠭ ᠤᠨ ᠬᠢᠨ ᠪᠠᠰᠠ ᠲᠠᠸᠠᠷ ᠤᠨ ᠦᠨ᠎ᠡ ᠶᠢ ᠲᠣᠭᠲᠠᠪᠤᠷᠢᠵᠢᠭᠤᠯᠵᠤ ᠬᠠᠩᠭᠠᠯᠭ᠎ᠠ ᠶᠢ ᠪᠠᠲᠤᠯᠠᠬᠤ ᠪᠠ ᠵᠠᠬ᠎ᠠ ᠳᠡᠯᠭᠡᠭᠦᠷ ᠢ ᠲᠣᠭᠲᠠᠭᠤᠨ ᠪᠠᠶᠢᠯᠭᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠬᠠᠩᠭᠠᠯᠭ᠎ᠠ ᠶᠢᠨ ᠲᠠᠰᠤᠷᠠᠯᠳᠡ ᠦᠭᠡᠢ ᠪᠠᠶᠢᠬᠤ ᠶᠢ ᠦᠨᠡᠨᠬᠦ ᠪᠠᠲᠤᠯᠠᠬᠤ ᠶᠢᠨ ᠬᠠᠮᠲᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠤᠳᠠ ᠶᠢᠨ ᠠᠷᠠᠳ ᠤᠨ︽ᠬᠦᠨᠡᠰᠦᠨ ᠤ ᠤᠭᠤᠲᠠ︾᠂︽ᠬᠤᠯᠢᠰᠢᠨ ᠢᠳᠡᠭᠡᠨ︾᠂︽ᠪᠠᠷᠠᠭ᠎ᠠ ᠬᠤᠳᠠᠯᠳᠤᠨ ᠠᠪᠬᠤ ᠲᠡᠷᠭᠡ︾ ᠶᠢᠨ ᠭᠦᠢᠴᠡᠳ ᠲᠣᠭᠲᠠᠭᠤᠨ ᠪᠠᠶᠢᠬᠤ ᠶᠢ ᠪᠦᠬᠦ ᠬᠦᠴᠦᠨ ᠢᠶᠠᠷ ᠢᠶᠠᠨ ᠪᠠᠲᠤᠯᠠᠪᠠ᠃ᠯᠢ ᠯᠠᠩ ᠵᠠᠮ ᠤᠨ ᠶᠦᠩ ᠱᠧᠩ ᠴᠧᠩ ᠬᠡᠳᠦ ᠳᠡᠯᠭᠡᠭᠦᠷ ᠲᠤ᠂ ᠰᠤᠷᠪᠤᠯᠵᠢᠯᠠᠭᠴᠢ ᠬᠤᠳᠠᠯᠳᠤᠨ ᠠᠪᠬᠤ ᠪᠠᠷ ᠢᠷᠡᠭᠰᠡᠨ ᠬᠤᠲᠠ ᠶᠢᠨ ᠠᠷᠠᠳ ᠲᠠᠰᠤᠷᠠᠯᠳᠡ ᠦᠭᠡᠢ ᠣᠯᠠᠰᠢᠷᠠᠭᠰᠠᠨ ᠢ ᠣᠯᠵᠤ ᠬᠠᠷᠠᠵᠠᠢ᠃ᠬᠥᠮᠥᠰ ᠤᠬᠠᠮᠰᠠᠷ  ᠠᠴᠠ ᠪᠠᠨ ᠠᠮᠠᠪᠴᠢ ᠵᠡᠭᠦᠵᠦ᠂ ᠳᠤᠯᠠᠭᠠᠨ  ᠢ ᠬᠡᠮᠵᠢᠬᠦ᠂ ᠠᠶᠠᠯᠠᠯ ᠤᠨ ᠨᠣᠮᠧᠷ  ᠢ ᠰᠢᠷᠪᠢᠬᠦ ᠪᠠᠷ ᠳᠡᠮᠵᠢᠨ ᠡᠮᠬᠢ ᠳᠠᠷᠠᠭ᠎ᠠ ᠲᠠᠢ ᠪᠠᠷ ᠣᠷᠣᠳᠠᠭ᠃ᠪᠠᠷᠠᠭᠠᠨ ᠤ ᠲᠠᠯᠪᠢᠭᠤᠷ ᠳᠡᠭᠡᠷᠡᠬᠢ ᠡᠳ᠋ ᠪᠣᠳᠠᠰ ᠨᠢ ᠪᠦᠷᠢᠨ ᠭᠦᠢᠴᠡᠳ᠂ ᠰᠢᠨ᠎ᠡ ᠰᠣᠷᠭᠤᠭ ᠢᠳᠡᠰᠢᠨ ᠨᠣᠭᠤᠭ᠎ᠠ᠂ ᠤᠯᠠᠷᠢᠯ ᠤᠨ ᠵᠢᠮᠢᠰ᠂ ᠡᠯ᠎ᠡ ᠵᠦᠢᠯ ᠤᠨ ᠬᠠᠲᠠᠭᠤ ᠵᠢᠮᠢᠰ ᠵᠡᠷᠭᠡ ᠨᠢ ᠪᠦᠷ ᠪᠦᠷᠢᠨ ᠭᠦᠢᠴᠡᠳ ᠪᠠᠶᠢᠵᠤ᠂ ᠲᠥᠷᠥᠯ ᠵᠦᠢᠯ ᠬᠤᠪᠢᠶᠠᠨ ᠲᠡᠷᠢ ᠲᠡᠭᠰᠢ ᠲᠠᠯᠪᠢᠵᠤ ᠪᠠᠶᠢᠨ᠎ᠠ᠃ᠵᠣᠴᠢᠨ ᠰᠢᠦᠢ ᠠᠪᠠᠭ᠋ᠠᠢ᠄ ︽ᠴᠠᠭᠠᠨ ᠰᠠᠷ᠎ᠠ  ᠶᠢᠨ ᠬᠤᠭᠤᠴᠠᠭᠠᠨ ᠳᠤ ᠵᠢᠮᠢᠰ ᠨᠣᠭᠤᠭ᠎ᠠ  ᠶᠢᠨ ᠦᠨ᠎ᠡ ᠥᠰᠦᠨ᠎ᠡ ᠭᠡᠵᠦ ᠰᠠᠨᠠᠭ᠎ᠠ ᠵᠣᠪᠠᠵᠤ ᠪᠠᠶᠢᠭᠰᠠᠨ ᠪᠣᠯᠪᠠᠴᠤ ᠦᠨ᠎ᠡ ᠬᠠᠩᠰᠢ ᠨᠢ ᠮᠠᠰᠢ ᠬᠢᠮᠳᠠ᠂ ᠶᠠᠭᠤ ᠢᠳᠡᠶ᠎ᠡ ᠭᠡᠵᠦ ᠪᠣᠳᠣᠭᠰᠠᠨ ᠴᠤ ᠪᠦᠷ ᠬᠤᠳᠠᠯᠳᠤᠨ ᠠᠪᠴᠤ ᠪᠣᠯᠣᠨ᠎ᠠ᠂ ᠤᠷᠢᠳᠴᠢᠯᠠᠨ ᠪᠠᠷᠠᠭ᠎ᠠ ᠬᠠᠳᠠᠭᠠᠯᠠᠬᠤ ᠳᠤ ᠡᠷᠡᠭᠡᠯᠵᠡᠬᠦ ᠬᠡᠷᠡᠭ ᠦᠭᠡᠢ︾ ᠭᠡᠵᠦ ᠬᠡᠯᠡᠪᠡ᠃
ᠪᠣᠳᠠᠰ ᠤᠨ ᠪᠤᠰᠤ ᠰᠣᠶᠣᠯ ᠤᠨ ᠥᠪ ᠤᠨ ᠴᠠᠭᠠᠨ      ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠮᠠᠰᠢ ᠣᠯᠠᠨ ᠢᠳᠡᠭᠡᠨ ᠤᠮᠳᠠᠭᠠᠨ ᠤ ᠠᠵᠤ ᠠᠬᠤᠶᠢᠯᠠᠯ ᠪᠠᠰᠠ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠳᠤ ᠢᠳᠡᠪᠬᠢᠲᠡᠢ ᠵᠣᠬᠢᠴᠠᠵᠤ᠂ ᠰᠦᠯᠵᠢᠶ᠎ᠡ ᠪᠠᠷ ᠬᠤᠭᠤᠯᠠ ᠬᠦᠷᠭᠡᠬᠦ ᠦᠢᠯᠡᠴᠢᠯᠡᠭᠡ ᠭᠠᠷᠭᠠᠵᠤ᠂ ᠰᠦᠯᠵᠢᠶ᠎ᠡ ᠪᠠᠷ ᠪᠢᠲᠡᠭᠦᠨ ᠤ ᠬᠤᠭᠤᠯᠠ ᠵᠠᠬᠢᠶᠠᠯᠠᠬᠤ ᠨᠢ ᠲᠤᠬᠠᠢ ᠶᠢᠨ ᠭᠠᠵᠠᠷ ᠲᠠᠭᠠᠨ ᠰᠢᠨᠡᠯᠡᠵᠦ ᠪᠠᠶᠢᠭ᠎ᠠ ᠣᠯᠠᠨ ᠲᠦᠮᠡᠨ ᠤ ᠰᠢᠨ᠎ᠡ ᠰᠣᠩᠭᠤᠯᠲᠠ ᠪᠣᠯᠵᠠᠢ᠃ ︽ᠭᠡᠷ ᠲᠡᠭᠡᠨ ᠪᠢᠲᠡᠭᠦᠨ ᠤ ᠬᠤᠭᠤᠯᠠ ᠬᠢᠬᠦ ᠳᠤ ᠮᠠᠰᠢ ᠶᠠᠷᠰᠢᠭ ᠲᠠᠢ᠂ ᠲᠢᠭᠯᠡᠵᠦ ᠲᠢᠭᠯᠡᠬᠦ ᠳᠤ ᠴᠦ ᠶᠡᠭᠡ ᠶᠠᠳᠠᠷᠠᠳᠠᠭ᠂ ᠡᠶᠢᠮᠦ ᠠᠴᠠ ᠡᠨᠡ ᠵᠢᠯ ᠰᠦᠯᠵᠢᠶᠡᠨ ᠳᠡᠭᠡᠷ᠎ᠡ ᠠᠴᠠ ᠪᠢᠲᠡᠭᠦᠨ ᠤ ᠬᠤᠭᠤᠯᠠ ᠵᠠᠬᠢᠶᠠᠯᠠᠬᠤ ᠳᠤ ᠬᠦᠷᠪᠡᠯ ᠰᠦᠢᠳᠬᠡᠯ ᠠᠪᠬᠤ ᠦᠭᠡᠢ ᠪᠠᠷ ᠭᠡᠷ ᠲᠤ ᠬᠦᠷᠭᠡᠵᠦ ᠪᠣᠯᠬᠤ ᠮᠥᠷᠲᠡᠭᠡᠨ ᠬᠥᠮᠥᠨ ᠣᠯᠠᠨ ᠴᠤᠭᠯᠠᠷᠠᠬᠤ  ᠠᠴᠠ ᠵᠠᠶᠢᠯᠠᠰᠬᠢᠵᠦ᠂ ᠳᠥᠭᠦᠮ ᠮᠥᠷᠲᠡᠭᠡᠨ ᠠᠮᠤᠷ ᠲᠦᠪᠰᠢᠨ ᠪᠠᠶᠢᠵᠤ ᠪᠣᠯᠣᠨ᠎ᠠ︾ ᠭᠡᠵᠦ ᠬᠡᠯᠡᠵᠡᠢ᠃  ᠢ ᠪᠢᠳᠡ ᠪᠠᠰᠠ ᠭᠡᠷ ᠲᠡᠭᠡᠨ ᠪᠢᠲᠡᠭᠦᠨ ᠤ ᠬᠤᠭᠤᠯᠠ ᠵᠠᠬᠢᠶᠠᠯᠠᠬᠤ ᠳᠤ ᠬᠦᠷᠪᠡᠯ᠂ ᠡᠨᠡ ᠵᠢᠯ ᠰᠦᠯᠵᠢᠶᠡᠨ ᠳᠡᠭᠡᠷ᠎ᠡ ᠨᠢᠭᠡ ᠰᠢᠷᠡᠭᠡ ᠪᠢᠲᠡᠭᠦᠨ ᠤ ᠬᠤᠭᠤᠯᠠ ᠵᠠᠬᠢᠶᠠᠯᠠᠬᠤ ᠳᠤ ᠬᠦᠷᠪᠡᠯ᠂ ᠰᠦᠢᠳᠬᠡᠯ ᠠᠪᠬᠤ ᠦᠭᠡᠢ ᠪᠠᠷ ᠭᠡᠷ ᠲᠤ ᠬᠦᠷᠭᠡᠵᠦ ᠪᠣᠯᠣᠨ᠎ᠠ᠃ ᠭᠡᠵᠦ ᠾᠧ ᠳ᠋ᠦᠩ ᠵᠡᠭᠡᠯᠢ ᠶᠢᠨ ᠪᠢᠨ ᠢ ᠨᠡᠶᠢᠭᠡᠮ ᠲᠣᠭᠤᠷᠢᠭ ᠲᠤ ᠰᠠᠭᠤᠵᠤ ᠪᠠᠶᠢᠭ᠎ᠠ ᠭᠦᠸᠧ ᠠᠪᠠᠭ᠋ᠠᠢ ᠬᠡᠯᠡᠪᠡ᠃ᠡᠭᠦᠨ ᠢᠶᠠᠷ ᠪᠠᠷᠠᠬᠤ ᠦᠭᠡᠢ᠂ ᠨᠡᠶᠢᠭᠡᠮ ᠲᠣᠭᠤᠷᠢᠭ ᠤᠨ ᠰᠦᠯᠵᠢᠶ᠎ᠡ ᠪᠠᠷ ᠴᠠᠭᠠᠨ ᠰᠠᠷ᠎ᠠ ᠶᠢᠨ ᠦᠳᠡᠰᠢᠯᠡᠭᠡ᠂ ᠰᠦᠯᠵᠢᠶ᠎ᠡ ᠪᠠᠷ ᠰᠢᠨ᠎ᠡ ᠵᠢᠯ ᠤᠨ ᠪᠠᠷᠠᠭ᠎ᠠ ᠬᠤᠳᠠᠯᠳᠤᠨ ᠠᠪᠬᠤ ᠪᠠᠶᠠᠷ᠂ ᠡᠭᠦᠯᠡᠨ ᠳᠡᠭᠡᠷ᠎ᠡ ᠠᠴᠠ ᠳ᠋ᠧᠩ ᠤᠨ ᠣᠨᠢᠰᠤᠭ᠎ᠠ ᠳᠠᠭᠠᠬᠤ ᠵᠡᠷᠭᠡ ᠨᠢᠭᠡ ᠪᠦᠯᠦᠭ ᠰᠢᠨ᠎ᠡ ᠰᠡᠪᠡᠭᠦᠨ ᠰᠣᠨᠢᠨ ᠰᠡᠪᠡᠭᠦᠨ ᠰᠦᠯᠵᠢᠶᠡᠨ ᠳᠡᠭᠡᠷᠡᠬᠢ ᠤᠷᠠᠨ ᠰᠠᠶᠢᠬᠠᠨ ᠤ ᠠᠵᠢᠯᠯᠠᠭ᠎ᠠ ᠨᠢ ᠴᠦ ᠳ᠋ᠦᠩ ᠾᠧ ᠲᠣᠭᠤᠷᠢᠭ ᠤᠨ ᠬᠤᠲᠠ ᠶᠢᠨ ᠠᠷᠠᠳ ᠤᠨ ᠠᠩᠬᠠᠷᠤᠯ ᠢ ᠲᠠᠲᠠᠵᠤ ᠪᠠᠶᠢᠨ᠎ᠠ᠃
ᠬᠤᠣᠰ ᠤᠶᠠᠩᠭ᠎ᠠ ᠬᠤᠳᠠᠯᠳᠤᠨ ᠠᠪᠬᠤ      ᠡᠭᠦᠨ ᠠᠴᠠ ᠭᠠᠳᠠᠨ᠎ᠠ᠂ ᠰᠢᠨ᠎ᠡ  ᠶᠢᠨ ᠵᠣᠯᠭᠠᠯᠲᠠ ᠬᠢᠬᠦ ᠠᠷᠭ᠎ᠠ ᠮᠠᠶ᠋ᠢᠭ ᠨᠢ ᠴᠦ ᠴᠠᠭ ᠦᠶ᠎ᠡ ᠲᠠᠢ ᠵᠡᠷᠭᠡ ᠪᠠᠷ ᠤᠷᠤᠭᠰᠢᠯᠠᠵᠤ ᠪᠠᠶᠢᠨ᠎ᠠ᠃ᠲᠤᠬᠠᠢ ᠶᠢᠨ ᠭᠠᠵᠠᠷ ᠲᠠᠭᠠᠨ ᠰᠢᠨᠡᠯᠡᠵᠦ ᠪᠠᠶᠢᠭ᠎ᠠ ᠮᠠᠰᠢ ᠣᠯᠠᠨ ᠣᠯᠠᠨ ᠲᠦᠮᠡᠨ ᠴᠠᠬᠢᠮ ᠮᠡᠳᠡᠭᠡ ᠪᠠᠷ ᠰᠢᠨ᠎ᠡ ᠶᠢᠨ ᠵᠣᠯᠭᠠᠯᠲᠠ ᠬᠢᠬᠦ᠂ ᠸᠢᠳᠢᠤ᠋ ᠪᠠᠷ ᠮᠡᠨᠳᠦᠴᠢᠯᠡᠬᠦ᠂ ᠸᠢᠴᠠᠲ ᠤᠨ ᠤᠯᠠᠭᠠᠨ ᠪᠠᠭᠯᠠᠭ᠎ᠠ ᠵᠡᠷᠭᠡ ᠬᠡᠯᠪᠡᠷᠢ ᠪᠠᠷ ᠢᠷᠦᠭᠡᠯ ᠵᠥᠩᠨᠡᠯ ᠳᠡᠪᠰᠢᠭᠦᠯᠬᠦ ᠪᠠᠷ ᠪᠡᠯᠡᠳᠬᠡᠵᠦ ᠪᠠᠶᠢᠨ᠎ᠠ᠂ ︽ᠰᠦᠯᠵᠢᠶᠡᠨ ᠳᠡᠭᠡᠷ᠎ᠡ ᠴᠤᠭᠯᠠᠬᠤ ︾ ᠨᠢ ᠴᠦ ᠰᠢᠨ᠎ᠡ ᠵᠢᠯ ᠤᠨ ᠬᠠᠯᠠᠭᠤᠨ ᠳᠤᠯᠠᠭᠠᠨ ᠰᠡᠳᠬᠢᠯᠭᠡ ᠶᠢ ᠪᠢᠯᠬᠠᠭᠤᠯᠳᠠᠭ᠃ᠲᠤᠬᠠᠢ ᠶᠢᠨ ᠭᠠᠵᠠᠷ ᠲᠠᠭᠠᠨ ᠰᠢᠨᠡᠯᠡᠬᠦ ᠨᠢ ᠶᠠᠭ ᠳ᠋ᠦᠩ ᠾᠧ ᠲᠣᠭᠤᠷᠢᠭ ᠤᠨ ᠬᠤᠲᠠ ᠶᠢᠨ ᠠᠷᠠᠳ ᠤᠨ ᠴᠠᠭᠠᠨ ᠰᠠᠷ᠎ᠠ ᠪᠠᠨ ᠪᠠᠶᠠᠷ ᠬᠥᠷ ᠲᠠᠢ ᠥᠩᠭᠡᠷᠡᠭᠦᠯᠬᠦ ᠰᠢᠨ᠎ᠡ ᠬᠡᠪ ᠰᠤᠷᠲᠠᠯ ᠪᠣᠯᠵᠤ ᠪᠠᠶᠢᠨ᠎ᠠ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1