ᠡᠬᠢᠯᠡᠨ ᠭᠦᠶᠦᠵᠦ ᠰᠢᠪᠲᠤᠯᠤᠯᠲᠠ ᠬᠢᠵᠦ ᠳ᠋ᠦᠩ ᠾᠧ ᠲᠣᠭᠤᠷᠢᠭ ᠤᠨ ᠬᠢᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠴᠣᠭᠴᠠᠯᠠᠨ᠎ᠠ
ᠨᠡᠶᠢᠲᠡᠯᠡᠭᠰᠡᠨ ᠴᠠᠭ᠄
2022/2/10
     ᠥᠨᠥᠳᠥᠷ ᠪᠣᠯ ᠴᠠᠭᠠᠨ ᠰᠠᠷ᠎ᠠ ᠶᠢᠨ ᠳᠠᠷᠠᠭᠠᠬᠢ ᠠᠵᠢᠯ ᠳᠤ ᠭᠠᠷᠤᠭᠰᠠᠨ ᠠᠩᠬᠠᠨ ᠤ ᠡᠳᠦᠷ ᠪᠣᠯᠣᠨ᠎ᠠ᠂ ᠡᠷᠬᠢᠨ ᠬᠠᠷᠠᠬᠤᠶ᠎ᠠ᠂ 2021 ᠣᠨ ᠠᠴᠠ ᠤᠳᠤ ᠪᠣᠯᠲᠠᠯ᠎ᠠ᠂ ᠳ᠋ᠦᠩ ᠡᡁᠸ ᠲᠣᠭᠤᠷᠢᠭ ᠤᠨ︽ᠲᠠᠯᠪᠢᠬᠤ ᠬᠠᠮᠢᠶᠠᠷᠬᠤ ᠦᠢᠯᠡᠴᠢᠯᠡᠬᠦ︾ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠠᠵᠢᠯ ᠤᠨ ᠠᠷᠭ᠎ᠠ ᠬᠡᠮᠵᠢᠶ᠎ᠡ ᠪᠠᠨ ᠢᠳᠡᠪᠬᠢᠲᠡᠢ ᠰᠢᠨᠡᠴᠢᠯᠡᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠠᠯ᠎ᠠ ᠪᠠᠷ ᠠᠯᠢ ᠤᠯᠠᠨ ᠴᠢᠷᠮᠠᠶᠢᠯᠭ᠎ᠠ ᠪᠠ ᠰᠦᠪᠡᠭᠴᠢᠯᠡᠯᠲᠡ ᠬᠢᠵᠦ᠂ ᠮᠡᠳᠡᠭᠳᠡᠮ᠎ᠡ ᠦᠷ᠎ᠡ ᠪᠦᠲᠦᠮᠵᠢ ᠣᠯᠵᠠᠢ᠃ᠵᠢᠯ ᠤᠨ ᠠᠵᠢᠯ ᠬᠠᠪᠤᠷ ᠲᠠᠭᠠᠨ ᠰᠢᠨ᠎ᠡ ᠡᠬᠢᠯᠡᠯᠲᠡ ᠶᠢᠨ ᠴᠡᠭ ᠳᠡᠭᠡᠷ᠎ᠡ ᠵᠣᠭᠰᠣᠵᠤ᠂ ᠳ᠋ᠦᠩ ᠾᠧ ᠲᠣᠭᠤᠷᠢᠭ ᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠦᠷᠭᠦᠯᠵᠢᠯᠡᠨ ᠡᠷᠴᠢ ᠵᠣᠷᠢᠭ ᠢᠶᠠᠨ ᠬᠥᠪᠴᠢᠯᠡᠵᠦ᠂ ᠬᠡᠩᠭᠡᠷᠭᠡ ᠳᠡᠯᠡᠳᠦᠨ ᠠᠶᠠᠨ ᠳᠠᠶᠢᠨ ᠳᠤ ᠮᠣᠷᠳᠠᠬᠤ ᠪᠠᠷ ᠱᠠᠭᠠᠷᠳᠠᠵᠤ᠂ ︽ᠡᠬᠢᠯᠡᠯᠲᠡ ᠶᠢᠨ ᠠᠵᠢᠯ ᠪᠣᠯ ᠰᠢᠪᠲᠤᠯᠤᠯᠲᠠ ᠮᠥᠨ᠂ ᠡᠬᠢᠯᠡᠯᠲᠡ ᠶᠢᠨ ᠠᠵᠢᠯ ᠪᠣᠯ ᠰᠢᠢᠳᠪᠦᠷᠢᠲᠦ ᠳᠠᠶᠢᠯᠠᠯᠳᠤᠭᠠᠨ ᠮᠥᠨ︾ᠭᠡᠬᠦ ᠣᠪᠣᠷ ᠢᠶᠠᠷ᠂ 2022 ᠣᠨ ᠤ ᠳ᠋ᠦᠩ ᠡᡁᠸ ᠲᠣᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠪᠦᠬᠦ ᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠢ ᠪᠣᠳᠠᠲᠠᠢ ᠱᠠᠭᠠᠷᠳᠠᠯᠭ᠎ᠠ ᠶᠣᠰᠣᠭᠠᠷ᠂ ᠢᠮᠠᠭᠲᠠ ᠬᠠᠮᠤᠭ ᠤᠨ ᠥᠨᠳᠥᠷ ᠪᠠᠷᠢᠮᠵᠢᠶ᠎ᠠ ᠪᠠᠷ ᠰᠠᠶᠢᠵᠢᠷᠠᠭᠤᠯᠬᠤ ᠴᠢᠭᠯᠡᠯ ᠪᠣᠯᠭᠠᠵᠤ᠂ ᠠᠵᠤ ᠠᠬᠤᠶᠢᠯᠠᠯ᠂ ᠤᠯᠠᠨ ᠲᠦᠮᠡᠨ ᠤ ᠬᠠᠨᠤᠮᠵᠢᠲᠠᠢ ᠪᠠᠶᠢᠬᠤ ᠪᠠᠷ ᠬᠡᠮᠵᠢᠭᠦᠷ ᠪᠣᠯᠭᠠᠵᠤ᠂ ᠦᠢᠯᠡᠴᠢᠯᠡᠭᠡᠨ ᠤ ᠦᠷ᠎ᠡ ᠪᠦᠲᠦᠮᠵᠢ ᠪᠣᠯᠣᠨ ᠶᠠᠰᠤ ᠴᠢᠨᠠᠷ ᠤᠨ ᠳᠡᠭᠡᠭᠰᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠠᠵᠤ ᠠᠬᠤᠶᠢᠯᠠᠯ ᠪᠣᠯᠣᠨ ᠤᠯᠠᠨ ᠲᠦᠮᠡᠨ ᠤ ᠪᠡᠶᠡᠴᠢᠯᠡᠨ ᠣᠶᠢᠯᠠᠭᠠᠬᠤ ᠬᠡᠮᠵᠢᠶ᠎ᠡ᠂ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ᠲᠡᠷᠢᠭᠦᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠵᠠᠮ ᠳᠡᠭᠡᠷ᠎ᠡ ᠡᠷᠡᠮᠡᠬᠡᠶᠢᠯᠡᠨ ᠤᠷᠤᠭᠰᠢᠯᠠᠵᠤ᠂ ᠰᠢᠨᠲᠠᠷᠠᠰᠢ ᠦᠭᠡᠢ ᠴᠢᠷᠮᠠᠶᠢᠨ ᠠᠵᠢᠯᠯᠠᠵᠤ᠂ ︽ᠡᠭᠦᠳᠡ ᠪᠠᠨ ᠯᠠᠪᠳᠠᠭᠤᠨ ᠨᠡᠭᠡᠭᠡᠵᠦ᠂ ᠡᠭᠦᠳᠡ ᠪᠠᠨ ᠰᠠᠶᠢᠲᠤᠷ ᠨᠡᠭᠡᠭᠡᠬᠦ︾ ᠶᠢ ᠴᠢᠷᠮᠠᠶᠢᠨ ᠪᠡᠶᠡᠯᠡᠭᠦᠯᠵᠦ᠂ ᠠᠮᠢᠵᠢᠷᠠᠯ ᠤᠨ ᠬᠦᠴᠦᠨ ᠲᠠᠢ ᠪᠤᠭᠤᠲᠤ ᠶᠢ ᠪᠦᠲᠦᠭᠡᠨ ᠪᠠᠶᠢᠭᠤᠯᠬᠤ ᠳᠤ ᠳ᠋ᠦᠩ ᠾᠧ ᠶᠢᠨ ᠬᠦᠴᠦᠨ ᠴᠢᠳᠠᠯ ᠢ ᠨᠡᠮᠡᠷᠢᠯᠡᠨ᠎ᠡ᠃      ︽ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠳᠤ ᠦᠨᠡᠬᠡᠷ ᠲᠠᠯᠠᠷᠬᠠᠵᠤ ᠪᠠᠶᠢᠨ᠎ᠠ᠂ ᠪᠢᠳᠡᠨ ᠳᠤ ᠭᠠᠳᠠᠭᠠᠳᠤ ᠠᠷᠠᠯᠵᠢᠶᠠᠨ ᠤ ᠪᠡᠯᠡ ᠮᠥᠩᠭᠦ ᠣᠯᠵᠤ ᠥᠭᠭᠦᠭᠡᠳ᠂ ᠠᠵᠤ ᠠᠬᠤᠶᠢᠯᠠᠯ ᠤᠨ ᠬᠥᠭᠵᠢᠯᠲᠡ  ᠶᠢᠨ ᠲᠤᠯᠭᠠᠮ᠎ᠠ ᠠᠰᠠᠭᠤᠳᠠᠯ  ᠢ ᠰᠢᠢᠳᠪᠦᠷᠢᠯᠡᠵᠡᠢ︾᠃ ᠭᠡᠵᠦ ᠺᠠᠢ ᠫᠤ ᠰᠦᠩ ᠡᠯᠧᠺᠲᠷᠣᠨ ᠰᠢᠨᠵᠢᠯᠡᠬᠦ ᠤᠬᠠᠭᠠᠨ ᠮᠡᠷᠭᠡᠵᠢᠯ ︵ᠪᠤᠭᠤᠲᠤ︶  ᠤᠨ ᠬᠢᠵᠠᠭᠠᠷᠲᠤ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠡᠯᠡᠪᠡ᠃
ᠺᠠᠶᠢᠫᠰᠤᠨ ᠡᠯᠧᠺᠲᠷᠣᠨ ᠰᠢᠨᠵᠢᠯᠡᠬᠦ ᠤᠬᠠᠭᠠᠨ ᠮᠡᠷᠭᠡᠵᠢᠯ︵ᠪᠤᠭᠤᠲᠤ︶ ᠤᠨ ᠬᠢᠵᠠᠭᠠᠷᠲᠤ ᠺᠣᠮᠫᠠᠨᠢ      ᠪᠡᠯᠡ ᠲᠣᠬᠢᠷᠠᠭᠤᠯᠬᠤ ᠳᠤ ᠬᠦᠴᠢᠷᠲᠡᠢ ᠪᠠᠶᠢᠬᠤ ᠠᠰᠠᠭᠤᠳᠠᠯ ᠪᠣᠯ ᠠᠵᠤ ᠠᠬᠤᠶᠢᠯᠠᠯ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠲᠦᠷᠭᠡᠪᠴᠢᠯᠡᠨ ᠬᠥᠭᠵᠢᠬᠦ ᠶᠢ ᠬᠢᠵᠠᠭᠠᠷᠯᠠᠵᠤ ᠪᠠᠶᠢᠭ᠎ᠠ ︽ᠬᠠᠷᠰᠢ ᠰᠠᠭᠠᠳ︾ ᠮᠥᠨ᠃ᠡᠨᠡᠬᠦ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠶᠢᠨ ᠲᠥᠯᠥᠭᠡ᠂ ᠳ᠋ᠦᠩ ᠾᠧ ᠲᠣᠭᠤᠷᠢᠭ ᠤᠨ ᠬᠢᠨ ︽ᠭᠤᠣᠯᠳᠠᠯᠭ᠎ᠠ  ᠲᠠᠢ ᠠᠵᠤ ᠦᠢᠯᠡᠰ ᠤᠨ ᠬᠥᠭᠵᠢᠯᠲᠡ  ᠶᠢ ᠳᠡᠮᠵᠢᠬᠦ ᠲᠤᠬᠠᠢ ᠬᠡᠷᠡᠭᠵᠢᠭᠦᠯᠬᠦ ᠰᠠᠨᠠᠯ︾ ᠢ ᠲᠣᠭᠲᠠᠭᠠᠵᠤ ᠂ ᠠᠵᠤ ᠦᠢᠯᠡᠰ ᠤᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠠᠪᠴᠠᠩ ᠢ ᠰᠢᠯᠢᠳᠡᠭᠵᠢᠭᠦᠯᠵᠦ᠂ ︽ᠪᠡᠯᠡ ᠲᠣᠬᠢᠷᠠᠭᠤᠯᠭ᠎ᠠ ᠶᠢ ᠣᠶᠤᠨᠴᠢ ᠪᠠᠷ ᠨᠡᠶᠢᠯᠡᠭᠦᠯᠬᠦ︾᠂ ︽ᠠᠵᠤ ᠦᠢᠯᠡᠰ ᠤᠨ ᠮᠥᠩᠭᠦᠨ ᠭᠦᠢᠯᠭᠡᠭᠡᠨ ᠤ ᠦᠢᠯᠡᠴᠢᠯᠡᠭᠡ ︾ ᠶᠢᠨ ᠴᠢᠳᠠᠮᠵᠢ ᠶᠢ ᠪᠡᠶᠡᠯᠡᠭᠦᠯᠵᠦ᠂ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠢᠴᠢ ᠠᠵᠤ ᠠᠬᠤᠶᠢᠯᠠᠯ ᠳᠤ ᠮᠥᠩᠭᠦᠨ ᠭᠦᠢᠯᠭᠡᠭᠡᠨ ᠤ ᠦᠢᠯᠡᠳᠬᠦᠨ᠂ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠵᠡᠷᠭᠡ ᠠᠷᠭ᠎ᠠ ᠬᠡᠮᠵᠢᠶ᠎ᠡ ᠶᠢ ᠨᠡᠶᠢᠲᠡᠯᠡᠬᠦ ᠨᠢᠭᠡᠳᠦᠯᠲᠡᠢ ᠠᠷᠭ᠎ᠠ ᠵᠠᠮ ᠢ ᠬᠠᠩᠭᠠᠨ ᠥᠭᠴᠦ᠂ ᠪᠠᠩᠬᠢ ᠪᠠ ᠠᠵᠤ ᠠᠬᠤᠶᠢᠯᠠᠯ ᠤᠨ ᠥᠨᠳᠥᠷ ᠦᠷ᠎ᠡ ᠪᠦᠲᠦᠮᠵᠢᠲᠡᠶ ᠪᠠᠷ ᠵᠣᠯᠭᠠᠭᠤᠯᠬᠤ ᠶᠢ ᠪᠡᠶᠡᠯᠡᠭᠦᠯᠦᠨ᠂ ᠪᠣᠳᠠᠲᠤ ᠴᠣᠭᠴᠠ ᠶᠢᠨ ᠠᠵᠤ ᠠᠬᠤᠢ ᠶᠢᠨ ᠲᠦᠷᠭᠡᠨ ᠬᠥᠭᠵᠢᠯᠲᠡ ᠳᠤ ᠬᠦᠴᠦᠨ ᠨᠡᠮᠡᠷᠢᠯᠡᠪᠡ᠃      ︽ᠪᠢᠳᠡ ᠲᠠᠪᠴᠠᠩ ᠢᠶᠠᠷ ᠳᠠᠮᠵᠢᠭᠤᠯᠤᠨ᠂ ᠬᠠᠮᠤᠭ ᠤᠨ ᠲᠡᠷᠢᠭᠦᠨ ᠳᠤ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠶᠢ ᠨᠡᠶᠢᠲᠡᠯᠡᠵᠦ᠂ ᠥᠷᠭᠡᠨ ᠣᠯᠠᠨ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢᠨ ᠬᠠᠨᠳᠤᠰᠢ ᠶᠢ ᠡᠷᠲᠡᠬᠡᠨ ᠣᠯᠭᠤᠵᠤ᠂ ᠡᠷᠲᠡᠬᠡᠨ ᠪᠣᠳᠣᠯᠬᠢᠯᠠᠨ ᠤᠬᠠᠭᠠᠯᠠᠵᠤ᠂ ᠠᠵᠤ ᠠᠬᠤᠶᠢᠯᠠᠯ ᠤᠨ ︿ᠵᠠᠮᠴᠢᠯᠠᠭᠴᠢ﹀ ᠶᠢ ᠰᠠᠶᠢᠲᠤᠷ ᠬᠢᠨ᠎ᠡ︾ ᠭᠡᠵᠡᠢ᠃ ᠭᠡᠵᠦ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠨᠢᠯᠴᠠᠭᠤᠯᠪᠠ᠃
ᠪᠠᠩᠬᠢ ᠪᠠ ᠠᠵᠤ ᠠᠬᠤᠶᠢᠯᠠᠯ ᠤᠨ ᠶᠠᠷᠢᠯᠴᠠᠬᠤ ᠬᠤᠷᠠᠯ      ᠮᠥᠩᠭᠦᠨ ᠭᠦᠢᠯᠭᠡᠭᠡ ᠪᠣᠯ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠴᠢᠬᠤᠯᠠ ᠬᠦᠴᠦᠨ ᠮᠥᠨ᠃ᠠᠵᠤ ᠠᠬᠤᠶᠢᠯᠠᠯ ᠪᠡᠯᠡ ᠮᠥᠩᠭᠦ ᠪᠠᠴᠢᠮ ᠬᠡᠷᠡᠭᠰᠡᠬᠦ ᠦᠶ᠎ᠡ ᠳᠤ ᠲᠡᠭᠦᠨ ᠳᠤ ᠴᠠᠭ ᠲᠤᠬᠠᠢ ᠳᠤᠨᠢ ᠪᠦᠲᠦᠮᠵᠢᠲᠡᠶ ᠮᠥᠩᠭᠦᠨ ᠭᠦᠢᠯᠭᠡᠭᠡᠨ ᠤ ᠳᠡᠮᠵᠢᠯᠭᠡ ᠬᠠᠩᠭᠠᠬᠤ ᠨᠢ ᠠᠵᠤ ᠠᠬᠤᠶᠢᠯᠠᠯ ᠳᠤ ᠠᠪᠴᠤ ᠬᠡᠯᠡᠪᠡᠯ ᠳᠠᠭᠠᠷᠠᠭᠰᠠᠨ ᠬᠥᠮᠥᠨ ᠳᠤ ᠳᠠᠬᠤ ᠬᠦᠷᠭᠡᠭᠰᠡᠨ ᠲᠠᠢ ᠠᠳᠠᠯᠢ ᠶᠤᠮ᠃2021 ᠣᠨ ᠳᠤ᠂ ᠣᠷᠣᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ  ᠠᠴᠠ 2 ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ 400 ᠲᠦᠮᠡᠨ ᠲᠥᠭᠦᠷᠢᠭ ᠤᠨ ᠭᠠᠳᠠᠭᠠᠳᠤ ᠠᠷᠠᠯᠵᠢᠶᠠᠨ ᠤ ᠪᠡᠯᠡ ᠮᠥᠩᠭᠦ ᠣᠯᠵᠤ ᠥᠭᠪᠡ︔ᠨᠢᠰᠬᠡᠯ ᠤᠨ ᠪᠠᠭᠤᠳᠠᠯ ᠤᠨ ᠪᠣᠭᠤᠮᠲᠠ ᠶᠢᠨ ᠬᠢᠨᠠᠨ ᠬᠠᠮᠢᠶᠠᠷᠤᠯᠲᠠ ᠶᠢᠨ ᠬᠥᠮᠥᠷᠭᠡ ᠪᠠᠶᠢᠭᠤᠯᠬᠤ ᠳᠤ ᠪᠣᠭᠤᠮᠲᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠨᠥᠬᠦᠪᠦᠷᠢ ᠮᠥᠩᠭᠦ 207 ᠲᠦᠮᠡᠨ ᠲᠥᠭᠦᠷᠢᠭ ᠣᠯᠬᠤ ᠪᠠᠷ ᠴᠢᠷᠮᠠᠶᠢᠨ᠎ᠠ︔ᠥᠭᠡᠷᠡᠴᠢᠯᠡᠨ ᠲᠠᠰ ᠳᠡᠪᠰᠢᠭᠦᠯᠦᠭᠰᠡᠨ ᠭᠡᠷ ᠤᠨ ᠴᠠᠬᠢᠯᠭᠠᠨ ᠬᠡᠷᠡᠭᠰᠡᠯ ᠤᠨ ᠬᠤᠳᠠᠯᠳᠤᠭᠠᠨ ᠤ 1 ᠠᠵᠤ ᠠᠬᠤᠶᠢᠯᠠᠯ ᠪᠣᠯᠣᠨ ᠲᠠᠷᠢᠶᠠᠯᠠᠩ ᠤᠨ ᠠᠷᠠᠯᠵᠢᠶ᠎ᠠ ᠶᠢᠨ ᠪᠥᠭᠡᠮ ᠢᠶᠠᠷ ᠬᠤᠳᠠᠯᠳᠤᠬᠤ 2 ᠵᠠᠬ᠎ᠠ ᠳᠡᠯᠭᠡᠭᠦᠷ ᠲᠤ ᠳᠣᠲᠣᠭᠠᠳᠤ ᠠᠷᠠᠯᠵᠢᠶ᠎ᠠ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠲᠤᠰᠬᠠᠢ ᠪᠡᠯᠡ ᠮᠥᠩᠭᠦ ᠶᠢ 47 ᠲᠦᠮᠡᠨ ᠲᠥᠭᠦᠷᠢᠭ ᠣᠯᠬᠤ ᠪᠠᠷ ᠴᠢᠷᠮᠠᠶᠢᠨ᠎ᠠ᠃ᠪᠦᠬᠦ ᠵᠢᠯ ᠳᠤ ᠨᠡᠶᠢᠲᠡ 658.26 ᠲᠦᠮᠡᠨ ᠲᠥᠭᠦᠷᠢᠭ ᠤᠨ ᠪᠡᠯᠡ ᠮᠥᠩᠭᠦ ᠣᠯᠵᠠᠢ᠃      ᠠᠵᠤ ᠠᠬᠤᠶᠢᠯᠠᠯ ᠤᠨ ᠠᠵᠢᠯ ᠶᠠᠪᠤᠳᠠᠯ ᠰᠢᠢᠳᠪᠦᠷᠢᠯᠡᠬᠦ ᠶᠢᠨ ᠳᠥᠭᠦᠮ ᠳᠥᠲᠡ ᠬᠡᠮᠵᠢᠶ᠎ᠡ ᠪᠣᠯ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠨᠡᠯᠡᠬᠦ ᠴᠢᠬᠤᠯᠠ ᠭᠦᠢᠴᠡᠳᠬᠡᠯ ᠲᠤᠭ᠎ᠠ ᠮᠥᠨ᠂ ᠪᠠᠰᠠ ᠴᠤ ᠠᠵᠤ ᠠᠬᠤᠶᠢᠯᠠᠯ ᠪᠠ ᠪᠡᠯᠡ ᠣᠷᠣᠭᠤᠯᠤᠭᠴᠢᠳ ᠤᠨ ᠠᠩᠬᠠᠷᠴᠤ ᠪᠠᠶᠢᠭ᠎ᠠ ᠴᠢᠬᠤᠯᠠ ᠵᠦᠢᠯᠡᠰ ᠮᠥᠨ᠂ ᠭᠡᠬᠦ ᠳᠡᠭᠡᠨ ᠠᠵᠤ ᠠᠬᠤᠶᠢᠯᠠᠯ ᠤᠨ ᠰᠠᠶᠢᠨ ᠦᠨᠡᠯᠡᠯᠲᠡ ᠨᠢ ᠳ᠋ᠦᠩ ᠾᠧ ᠲᠣᠭᠤᠷᠢᠭ ᠤᠨ ᠦᠷᠭᠦᠯᠵᠢᠯᠡᠨ ᠰᠢᠯᠢᠳᠡᠭᠵᠢᠵᠦ ᠪᠠᠶᠢᠭ᠎ᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠠᠴᠠ ᠢᠷᠡᠯᠲᠡ ᠲᠠᠢ ᠶᠤᠮ᠃      【ᠥᠩᠭᠡᠷᠡᠭᠰᠡᠨ ᠳᠤ ︽ᠢᠳᠡᠭᠡᠨ ᠤ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ︾ ᠢ ᠠᠪᠬᠤ ᠳᠤ ᠬᠤᠲᠠ ᠪᠠᠯᠭᠠᠰᠤᠨ ᠳᠤ ᠣᠴᠢᠵᠤ᠂ ᠨᠠᠰᠢ ᠴᠠᠰᠢ ᠭᠦᠶᠦᠯᠳᠦᠵᠦ ᠪᠠᠶᠢᠭᠰᠠᠨ ᠨᠢ ᠳᠠᠩᠴᠤ ᠶᠠᠷᠰᠢᠭ ᠲᠠᠢ ᠶᠤᠮ᠂ ᠣᠳᠣ ᠪᠣᠯᠬᠤ ᠳᠤ ᠲᠣᠭᠤᠷᠢᠭ ᠠᠴᠠ ᠡᠷᠡᠮᠡᠯᠵᠡᠵᠦ ᠪᠣᠯᠣᠨ᠎ᠠ᠂ ᠡᠨᠡ ᠨᠢ ᠦᠨᠡᠬᠡᠷ ᠣᠳᠣᠬᠠᠨ ᠤ ᠠᠵᠢᠯ ᠤᠨ ᠦᠷ᠎ᠡ ᠪᠦᠲᠦᠭᠡᠯ ᠢ ᠮᠠᠭᠲᠠᠨ ᠰᠠᠶᠢᠰᠢᠶᠠᠬᠤ ᠶᠢᠨ ᠲᠥᠯᠥᠭᠡ ᠶᠤᠮ︾ ᠭᠡᠵᠦ ᠬᠡᠯᠡᠵᠡᠢ᠃ {ᠤᠳᠤ ᠶᠢᠨ ᠢᠳᠡᠭᠡᠨ ᠤ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ︾ ᠢ ᠠᠪᠬᠤ ᠳᠤ ᠦᠨᠡᠬᠡᠷ ᠳᠥᠭᠦᠮ ᠪᠣᠯᠵᠠᠢ᠃】 ᠣᠶᠢᠷ᠎ᠠ ᠳᠤ᠂ ᠳ᠋ᠦᠩ ᠾᠧ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠢᠨᠠᠨ ᠣᠯᠭᠤᠭᠰᠠᠨ ᠠᠩᠬᠠᠳᠠᠭᠴᠢ ︽ᠢᠳᠡᠭᠡᠨ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ︾ ᠢ ᠠᠪᠤᠭᠰᠠᠨ ᠥᠪᠥᠷ ᠮᠣᠩᠭᠤᠯ ᠤᠨ ᠾᠧᠩ ᠲᠠᠢ ᠶᠢᠦ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠢᠩᠭᠢᠵᠦ ᠬᠡᠯᠡᠪᠡ᠃
ᠰᠢᠯᠢᠳᠡᠭ ᠦᠢᠯᠡᠴᠢᠯᠡᠭᠡ ᠨᠤᠲᠠᠯᠠᠭᠳᠠᠬᠤ      ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠪᠤᠭᠤᠲᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ︽ᠢᠳᠡᠭᠡᠨ ᠤ ᠨᠡᠮᠡᠯᠲᠡ ᠡᠳ᠋ ᠪᠠ ᠬᠡᠰᠡᠭ ᠢᠳᠡᠭᠡᠨ ᠤ ᠦᠢᠯᠡᠳᠪᠦᠷᠢᠯᠡᠯ ᠤᠨ ᠵᠥᠪᠰᠢᠶᠡᠷᠡᠯ ᠤᠨ ᠬᠠᠮᠢᠶᠠᠷᠤᠯᠲᠠ ᠶᠢᠨ ᠡᠷᠬᠡ ᠮᠡᠳᠡᠯ ᠳᠤ ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯᠲᠠᠨ ᠢ ᠦᠳᠲᠡᠷ ᠲᠦᠷᠭᠡᠨ ᠵᠣᠬᠢᠶᠠᠨ ᠪᠠᠶᠢᠭᠤᠯᠵᠤ ᠲᠤᠬᠠᠶᠢᠯᠠᠭᠰᠠᠨ ᠠᠵᠢᠯ ᠤᠨ ᠴᠤᠪᠤᠷᠠᠯ ᠢ ᠵᠢᠷᠤᠮᠵᠢᠭᠤᠯᠤᠨ ᠰᠤᠷᠤᠯᠴᠠᠭᠤᠯᠵᠤ᠂ ᠬᠠᠮᠢᠶ᠎ᠠ ᠪᠦᠬᠦᠢ ᠠᠵᠢᠯ ᠢ ᠵᠠᠯᠭᠠᠨ ᠠᠪᠴᠤ᠂ ᠣᠳᠣᠬᠠᠨ ᠳᠤ ᠲᠣᠰ ᠲᠥᠷᠥ ᠶᠢᠨ ᠪᠣᠳᠣᠯᠭ᠎ᠠ ᠶᠢ ᠨᠢᠭᠡᠨᠲᠡ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ ᠬᠡᠷᠡᠭᠵᠢᠭᠦᠯᠪᠡ᠃ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠤᠳ ᠳ᠋ᠦᠩ ᠾᠧ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠯᠠ ᠪᠠᠶᠢᠪᠠᠯ ᠳᠠᠷᠤᠢ ᠪᠣᠶ ᠪᠦᠬᠦᠢ ᠬᠢᠨᠠᠨ ᠵᠥᠪᠰᠢᠶᠡᠷᠡᠬᠦ ᠶᠠᠪᠤᠴᠠ ᠶᠢ ᠪᠡᠶᠡᠯᠡᠭᠦᠯᠵᠦ᠂ ᠰᠢᠭᠤᠳ ︽ᠢᠳᠡᠭᠡᠨ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ︾ ᠢ ᠠᠪᠴᠤ ᠪᠣᠯᠣᠨ᠎ᠠ᠃      ᠠᠯᠢ ᠤᠯᠠᠨ ᠠᠷᠭ᠎ᠠ ᠬᠡᠮᠵᠢᠶ᠎ᠡ ᠨᠢ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠠᠳ ᠲᠤ ᠠᠰᠢᠭ ᠬᠦᠷᠲᠡᠭᠡᠬᠦ ᠲᠣᠮᠣ ᠪᠡᠯᠡᠭ ᠪᠣᠯᠬᠤ ᠪᠥᠭᠡᠳ ᠨᠡᠩ ᠴᠤ ᠠᠮᠠᠯᠳᠠᠭᠰᠠᠨ ᠳᠠᠭᠠᠨ ᠬᠦᠷᠬᠦ ᠲᠥᠪ ᠴᠢᠩᠭ᠎ᠠ ᠠᠮᠠᠯᠠᠯᠲᠠ ᠪᠣᠯᠬᠤ ᠶᠤᠮ᠃ᠣᠶᠢᠷ᠎ᠠ ᠶᠢᠨ ᠵᠢᠯ ᠠᠴᠠ᠂ ᠳ᠋ᠦᠩ ᠡᡁᠸ ᠲᠣᠭᠤᠷᠢᠭ︽ᠲᠠᠯᠪᠢᠬᠤ ᠬᠠᠮᠢᠶᠠᠷᠬᠤ ᠦᠢᠯᠡᠴᠢᠯᠡᠬᠦ︾ᠥᠭᠡᠷᠡᠴᠢᠯᠡᠯᠲᠡ ᠪᠠᠷ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠴᠢᠨᠠᠭᠰᠢᠳᠠ ᠶᠠᠪᠤᠴᠠ ᠶᠢ ᠪᠠᠭᠠᠰᠬᠠᠬᠤ᠂ ᠴᠠᠭ ᠤᠨ ᠬᠢᠵᠠᠭᠠᠷ ᠢ ᠪᠠᠭᠠᠰᠬᠠᠬᠤ᠂ ᠥᠪᠡᠷ ᠤᠨ ᠦᠷᠳᠡᠭ ᠢ ᠪᠠᠭᠤᠷᠠᠭᠤᠯᠬᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠪᠠᠷᠢᠮᠲᠠᠯᠠᠵᠤ᠂ ᠬᠢᠨᠠᠨ ᠵᠥᠪᠰᠢᠶᠡᠷᠡᠬᠦ ᠨᠢ ᠨᠡᠩ ᠴᠥᠭᠡᠨ᠂ ᠲᠣᠭᠲᠠᠴᠠ ᠨᠢ ᠨᠡᠩ ᠠᠮᠢᠳᠤᠯᠢᠭ᠂ ᠦᠷ᠎ᠡ ᠪᠦᠲᠦᠮᠵᠢ ᠨᠢ ᠨᠡᠩ ᠥᠨᠳᠥᠷ᠂ ᠦᠢᠯᠡᠴᠢᠯᠡᠭᠡ ᠨᠢ ᠨᠡᠩ ᠰᠢᠯᠢᠳᠡᠭ ᠡᠵᠡᠩᠨᠡᠯᠲᠡ ᠶᠢᠨ ᠣᠷᠴᠢᠨ ᠲᠣᠭᠤᠷᠢᠨ ᠢ ᠢᠳᠡᠪᠬᠢᠲᠡᠢ ᠪᠤᠢ ᠪᠣᠯᠭᠠᠪᠠ᠃      ︽ᠤᠴᠢᠷ ᠶᠠᠪᠤᠳᠠᠯ ᠤᠨ ᠶᠡᠭᠡ ᠪᠠᠭ᠎ᠠ  ᠶᠢ ᠢᠯᠭᠠᠬᠤ ᠦᠭᠡᠢ᠂ ᠬᠠᠤᠯᠢ ᠴᠠᠭᠠᠵᠠ ᠬᠠᠤᠯᠢ ᠲᠣᠭᠲᠠᠭᠠᠯ ᠲᠥᠷᠥ  ᠶᠢᠨ ᠪᠣᠳᠣᠯᠭ᠎ᠠ  ᠶᠢᠨ ᠵᠥᠪᠰᠢᠶᠡᠷᠡᠬᠦ ᠬᠡᠪᠴᠢᠶᠡᠨ ᠳᠤ ᠯᠡ ᠪᠢᠳᠡ ᠴᠥᠮ ᠠᠵᠤ ᠠᠬᠤᠶᠢᠯᠠᠯ ᠤᠨ ᠲᠥᠯᠥᠭᠡ ᠴᠢᠷᠮᠠᠶᠢᠨ ᠵᠣᠬᠢᠴᠠᠭᠤᠯᠤᠨ᠎ᠠ︾᠃ ᠭᠡᠵᠦ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠬᠠᠷᠢᠭᠤᠴᠠᠯᠭᠠᠲᠠᠨ ᠬᠡᠯᠡᠪᠡ᠃
ᠥᠪᠡᠷ ᠢᠶᠠᠨ ᠦᠢᠯᠡᠴᠢᠯᠡᠬᠦ ᠲᠠᠪᠴᠠᠩ      ᠠᠵᠤ ᠠᠬᠤᠶᠢᠯᠠᠯ ᠤᠨ ︽ᠬᠠᠮᠤᠭ ᠤᠨ ᠵᠣᠪᠠᠭᠤᠷᠢ ᠲᠠᠢ ᠭᠠᠵᠠᠷ︾ ︽ᠬᠠᠮᠤᠭ ᠤᠨ ᠬᠦᠰᠡᠵᠦ ᠪᠠᠶᠢᠭ᠎ᠠ ᠭᠠᠵᠠᠷ ︾ ᠢ ᠬᠠᠷᠠᠭᠠᠯᠠᠨ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠪᠢ ᠶᠢᠨ ᠢᠳᠡᠭᠡᠨ ᠤ ᠶᠡᠷᠦᠩᠬᠡᠶᠢᠯᠡᠭᠰᠡᠨ ᠴᠣᠩᠬᠤ ᠭᠠᠷᠭᠠᠵᠤ᠂ ᠬᠤᠪᠢ ᠶᠢᠨ ᠪᠠ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠤᠨ ᠲᠠᠯ᠎ᠠ ᠶᠢᠨ ᠲᠤᠬᠠᠶᠢᠯᠠᠭᠰᠠᠨ ᠠᠵᠢᠯ ᠢ ᠨᠡᠶᠢᠯᠡᠭᠦᠯᠦᠨ ᠭᠦᠢᠴᠡᠳᠬᠡᠵᠦ᠂ ︽ᠨᠢᠭᠡ ᠴᠣᠩᠬᠤ ᠪᠠᠷ ᠭᠦᠢᠴᠡᠳᠬᠡᠬᠦ︾ ᠪᠠᠷ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠲᠤᠬᠠᠶᠢᠯᠠᠭᠰᠠᠨ ᠠᠵᠢᠯ᠂ ᠲᠤᠰᠬᠠᠢ ᠮᠡᠷᠭᠡᠵᠢᠯ ᠠᠯᠤᠰᠯᠠᠨ ᠬᠢᠨᠠᠨ ᠵᠥᠪᠰᠢᠶᠡᠷᠡᠬᠦ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ᠂ ︽ᠲᠤᠰᠬᠠᠢ ᠰᠠᠯᠠᠭᠠᠨ ᠤ ᠡᠮᠴᠢ︾ ᠶᠢ ︽ᠶᠡᠷᠦᠩᠬᠡᠢ ᠰᠠᠯᠠᠭᠠᠨ ᠤ ᠡᠮᠴᠢ︾ ᠪᠣᠯᠭᠠᠨ ᠬᠤᠪᠢᠷᠠᠭᠤᠯᠵᠤ᠂ ᠣᠯᠠᠨ ᠲᠦᠮᠡᠨ ︽ᠨᠢᠭᠡ ᠰᠠᠯᠠᠭ᠎ᠠ ᠮᠥᠴᠢᠷ︾ ᠲᠤ ᠣᠷᠣᠭᠰᠠᠨ ᠤ ᠳᠠᠷᠠᠭ᠎ᠠ ᠪᠠᠰᠠ ︽ᠰᠠᠯᠠᠭ᠎ᠠ ᠮᠥᠴᠢᠷ ᠡᠷᠢᠬᠦ︾ ᠠᠰᠠᠭᠤᠳᠠᠯ ᠢ ᠰᠢᠢᠳᠪᠦᠷᠢᠯᠡᠪᠡ᠃ᠪᠠᠰᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠲᠤᠬᠠᠶᠢᠯᠠᠭᠰᠠᠨ ᠠᠵᠢᠯ ᠢ ᠭᠦᠢᠴᠡᠳᠬᠡᠬᠦ‍ ᠨᠢᠭᠡ ᠴᠣᠭᠴᠠᠲᠤ ᠮᠠᠰᠢᠨ ᠢ ᠲᠣᠬᠢᠷᠠᠭᠤᠯᠵᠤ᠂ 24 ᠴᠠᠭ ᠤᠨ ᠳᠣᠲᠣᠷ᠎ᠠ ᠰᠢᠢᠳᠪᠦᠷᠢᠯᠡᠬᠦ ᠲᠤᠬᠠᠶᠢᠯᠠᠭᠰᠠᠨ ᠠᠵᠢᠯ ᠢ ᠲᠠᠰᠤᠯᠳᠠᠭᠤᠯᠬᠤ ᠦᠭᠡᠢ ᠪᠠᠶᠢᠵᠤ᠂ ᠴᠣᠩᠬᠤᠪᠴᠢ ᠲᠤᠬᠠᠶᠢᠯᠠᠭᠰᠠᠨ ᠠᠵᠢᠯ ᠢ ᠪᠦᠲᠦᠮᠵᠢᠲᠡᠢ ᠰᠠᠯᠭᠠᠬᠤ ᠶᠢᠨ ᠬᠠᠮᠲᠤ᠂ ᠠᠵᠢᠯ ᠡᠷᠬᠢᠯᠡᠭᠰᠡᠳ ᠢ ᠲᠠᠬᠢᠨ ᠮᠥᠷᠯᠡᠨ ᠬᠦᠯᠢᠶᠡᠯᠭᠡᠬᠦ ᠦᠭᠡᠢ ᠪᠣᠯᠭᠠᠵᠤ᠂ ᠠᠷᠠᠳ ᠲᠦᠮᠡᠨ ᠳᠤ ᠦᠢᠯᠡᠴᠢᠯᠡᠬᠦ ᠥᠨᠳᠥᠷ ᠪᠦᠲᠦᠮᠵᠢᠲᠡᠢ ᠤᠶᠤᠨ ᠴᠢᠳᠠᠪᠤᠷᠢ ᠶᠢ ᠪᠡᠶᠡᠯᠡᠭᠦᠯᠵᠦ᠂ ᠪᠦᠬᠦ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠵᠡᠢ᠃      ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠭᠰᠡᠨ ᠢᠶᠠᠷ ᠠᠵᠤ ᠠᠬᠤᠶᠢᠯᠠᠯ ᠪᠠ ᠠᠷᠠᠳ ᠢᠷᠭᠡᠳ ᠲᠤ ᠶᠡᠭᠡ ᠬᠡᠮᠵᠢᠶᠡᠨ ᠤ ᠬᠦᠷᠲᠡᠮᠵᠢ ᠶᠢᠨ ᠲᠥᠷᠥᠭᠳᠡᠯ ᠣᠯᠭᠤᠭᠰᠠᠨ ᠢᠶᠠᠷ ᠪᠠᠷᠠᠬᠤ ᠦᠭᠡᠢ ᠪᠠᠰᠠ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠭᠰᠡᠨ ᠪᠠᠶᠢᠨ᠎ᠠ᠃2021 ᠣᠨ ᠳᠤ ᠳ᠋ᠦᠩ ᠾᠧ ᠲᠣᠭᠤᠷᠢᠭ ᠤᠨ ᠰᠢᠨ᠎ᠡ ᠪᠠᠷ ᠨᠡᠮᠡᠭᠳᠡᠭᠰᠡᠨ ᠳᠠᠩᠰᠠᠯᠠᠭᠤᠯᠤᠭᠰᠠᠨ ᠬᠥᠷᠥᠩᠭᠡ ︵ᠠᠯᠲᠠ︶ 111.98 ᠳ᠋ᠦᠩᠰᠢᠭᠤᠷ ᠲᠥᠭᠦᠷᠢᠭ ᠲᠤ ᠬᠦᠷᠴᠦ᠂ ᠰᠢᠨ᠎ᠡ ᠪᠠᠷ ᠳᠠᠩᠰᠠᠯᠠᠭᠤᠯᠤᠭᠰᠠᠨ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ 6424 ᠡᠷᠦᠬᠡ ᠳᠤ ᠬᠦᠷᠴᠦ᠂ ᠰᠢᠨ᠎ᠡ ᠪᠠᠷ ᠳᠠᠩᠰᠠᠯᠠᠭᠤᠯᠤᠭᠰᠠᠨ ᠠᠵᠢᠯᠲᠠᠨ 1.3 ᠲᠦᠮᠡ ᠪᠣᠯᠪᠠ᠃      ᠡᠵᠡᠩᠨᠡᠯᠲᠡ ᠶᠢᠨ ᠣᠷᠴᠢᠨ ᠲᠣᠭᠤᠷᠢᠨ ᠳᠤ᠂ ︽ᠰᠢᠯᠢᠳᠡᠭ︾ ᠪᠣᠯ ᠬᠢᠵᠠᠭᠠᠷ ᠦᠭᠡᠢ ᠶᠤᠮ᠃ᠰᠢᠨ᠎ᠡ ᠨᠢᠭᠡ ᠵᠢᠯ ᠳᠤ᠂ ᠳ᠋ᠦᠩ ᠡᡁᠸ ᠲᠣᠭᠤᠷᠢᠭ ᠤᠨ ᠬᠢᠨ ᠨᠡᠩ ᠡᠷᠡᠰ ᠪᠠᠲᠤ ᠵᠣᠷᠢᠭ ᠪᠠ ᠨᠡᠩ ᠶᠡᠭᠡ ᠰᠥᠰᠥ ᠵᠣᠷᠢᠭ ᠢᠶᠠᠷ ᠬᠠᠷᠰᠢ ᠰᠠᠭᠠᠳ ᠢ ᠢᠯᠠᠨ ᠳᠠᠪᠠᠵᠤ᠂ ᠡᠷᠡᠯᠬᠡᠭᠯᠡᠨ ᠤᠷᠤᠭᠰᠢᠯᠠᠵᠤ᠂ ᠠᠷᠠᠳ ᠤᠯᠠᠨ ᠢ ᠨᠡᠩ ᠲᠦᠭᠦᠮ ᠪᠣᠯᠭᠠᠬᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠨᠡᠩ ᠬᠥᠭᠵᠢᠶᠡᠨᠲᠡᠢ ᠪᠣᠯᠭᠠᠬᠤ᠂ ᠬᠥᠭᠵᠢᠯᠲᠡ ᠶᠢᠨ ᠬᠥᠳᠡᠯᠭᠡᠭᠦ ᠬᠦᠴᠦᠨ ᠢ ᠨᠡᠩ ᠡᠷᠴᠢᠮᠲᠡᠢ ᠪᠣᠯᠭᠠᠬᠤ ᠪᠠᠷ ᠴᠢᠷᠮᠠᠶᠢᠨ᠎ᠠ᠃
 
ᠢᠷᠡᠯᠲᠡ᠄ ᠥᠨᠥᠳᠥᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1