ᠳ᠋ᠦᠩ ᠾᠧ ᠲᠣᠭᠤᠷᠢᠭ ᠤᠨ ᠠᠷᠠᠳ ᠤᠨ ᠶᠠᠪᠤᠳᠠᠯ ᠤᠨ ᠬᠦᠷᠢᠶᠡᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠮᠡᠳᠡᠭᠡ ᠵᠠᠩᠭᠢ ᠶᠢᠨ ᠲᠤᠰᠬᠠᠢ
ᠨᠡᠶᠢᠲᠡᠯᠡᠭᠰᠡᠨ ᠴᠠᠭ᠄
2022/2/14
ᠳ᠋ᠦᠩ ᠾᠧ ᠲᠣᠭᠤᠷᠢᠭ ᠤᠨ ᠠᠷᠠᠳ ᠤᠨ ᠶᠠᠪᠤᠳᠠᠯ ᠤᠨ ᠬᠦᠷᠢᠶᠡᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠮᠡᠳᠡᠭᠡ ᠵᠠᠩᠭᠢ ᠶᠢᠨ ᠲᠤᠰᠬᠠᠢ      2022 ᠣᠨ ᠤ 2 ᠰᠠᠷ᠎ᠠ ᠶᠢᠨ 6 ᠤ ᠡᠳᠦᠷ᠂ ᠳ᠋ᠦᠩ ᠾᠧ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠵᠢᠦ ᠹᠦ᠋ ᠶᠢᠨ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠵᠡᠷᠭᠡ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠪᠠᠶᠢᠴᠠᠭᠠᠯᠲᠠ ᠬᠢᠪᠡ᠃ᠪᠠᠶᠢᠴᠠᠭᠠᠬᠤ ᠳᠤᠭᠤᠶᠢᠯᠠᠩ ᠤᠨ ᠬᠢᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠳᠣᠲᠣᠭᠠᠳᠤ ᠶᠢᠨ ᠬᠠᠮᠢᠶᠠᠷᠤᠯᠲᠠ ᠡᠵᠡᠮᠳᠡᠯ᠂ ᠪᠡᠶ᠎ᠡ ᠶᠢᠨ ᠳᠤᠯᠠᠭᠠᠨ ᠤ ᠳᠠᠩᠰᠠᠯᠠᠯᠲᠠ᠂ ᠡᠳ᠋ ᠪᠣᠳᠠᠰ ᠤᠨ ᠠᠷᠢᠭᠤᠳᠬᠠᠯ ᠤᠨ ᠲᠡᠮᠳᠡᠭᠯᠡᠯ ᠵᠡᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠨᠠᠷᠢᠨ ᠪᠠᠶᠢᠴᠠᠭᠠᠯᠲᠠ ᠬᠢᠵᠦ᠂ ᠡᠯ᠎ᠡ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ ᠠᠷᠠᠳ ᠤᠨ ᠶᠠᠪᠤᠳᠠᠯ ᠤᠨ ᠬᠦᠷᠢᠶᠡᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠨᠢᠮᠪᠠᠢ ᠪᠥᠭᠡᠳ ᠪᠣᠳᠠᠲᠠᠢ ᠪᠠᠷ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠭᠰᠠᠨ ᠪᠥᠭᠡᠳ ᠨᠠᠰᠤᠲᠠᠶᠢᠴᠤᠳ ᠪᠣᠯ ᠠᠮᠠᠷᠬᠠᠨ ᠬᠠᠯᠳᠠᠪᠤᠷᠢᠯᠠᠭᠳᠠᠬᠤ ᠬᠥᠮᠥᠰ ᠮᠥᠨ ᠪᠣᠯᠬᠤᠷ ᠡᠷᠬᠡᠪᠰᠢ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠮᠢᠨᠴᠦᠭᠦᠷᠡᠬᠦ ᠦᠵᠡᠯ ᠰᠠᠨᠠᠭ᠎ᠠ ᠪᠠᠨ ᠲᠡᠪᠴᠢᠵᠦ᠂ ᠠᠵᠢᠯ ᠤᠨ ᠪᠠᠶᠢᠷᠢ ᠪᠠᠨ ᠪᠠᠲᠤ ᠰᠠᠬᠢᠵᠤ᠂ ᠬᠢᠵᠢᠭ ᠢ ᠰᠡᠷᠭᠡᠶᠢᠯᠡᠬᠦ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1