ᠳ᠋ᠦᠩ ᠾᠧ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠴᠠᠭᠠᠨ ᠰᠠᠷ᠎ᠠ ᠶᠢᠨ ᠬᠠᠶᠢᠷ᠎ᠠ ᠬᠠᠯᠠᠮᠵᠢ ᠶᠢᠨ ᠤᠭᠤᠲᠠ ᠲᠠᠷᠬᠠᠭᠠᠵᠤ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2022/2/14
     ᠳ᠋ᠦᠩ ᠾᠧ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠴᠠᠭᠠᠨ ᠰᠠᠷ᠎ᠠ ᠶᠢᠨ ᠬᠠᠶᠢᠷ᠎ᠠ ᠬᠠᠯᠠᠮᠵᠢ ᠶᠢᠨ ᠤᠭᠤᠲᠠ ᠲᠠᠷᠬᠠᠭᠠᠵᠤ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠲᠣᠬᠤᠨᠢᠭᠤᠯᠪᠠ      2022 ᠣᠨ ᠤ ᠴᠠᠭᠠᠨ ᠰᠠᠷ᠎ᠠ ᠠᠴᠠ ᠡᠮᠦᠨᠡᠬᠡᠨ᠂ ᠳ᠋ᠦᠩ ᠡᡁᠸ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠦᠨᠳᠦᠰᠦᠨ ᠱᠠᠲᠤᠨ ᠳᠤ ᠭᠦᠨᠵᠡᠭᠡᠶᠢᠷᠡᠨ ᠡᠷᠬᠢᠨ ᠦᠵᠡᠵᠦ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠬᠠᠷᠢᠶᠠᠲᠤ ᠣᠷᠣᠨ ᠤ ᠥᠨᠥᠴᠢᠨ ᠬᠡᠦᠬᠡᠳ᠂ ᠪᠣᠳᠠᠲᠤ ᠬᠡᠷᠡᠭ ᠳᠡᠭᠡᠷ᠎ᠡ ᠪᠠᠨ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠲᠤ ᠴᠠᠭᠠᠨ ᠰᠠᠷ᠎ᠠ ᠶᠢᠨ ᠵᠥᠩᠨᠡᠯ ᠪᠠ ᠳᠣᠲᠣᠨᠣ ᠬᠠᠯᠠᠮᠵᠢᠯᠠᠯ ᠬᠦᠷᠭᠡᠵᠦ᠂ ᠬᠡᠦᠬᠡᠳ ᠤᠳ ᠲᠤ ᠬᠠᠬᠢᠷ ᠡᠪᠦᠯ ᠤᠨ ᠬᠤᠭᠤᠴᠠᠭᠠᠨ ᠳᠤ ᠭᠦᠨ ᠵᠤᠵᠠᠭᠠᠨ ᠬᠠᠶᠢᠷ᠎ᠠ ᠬᠠᠯᠠᠮᠵᠢ ᠶᠢ ᠬᠦᠷᠲᠡᠭᠡᠵᠡᠢ᠃      1 ᠰᠠᠷ᠎ᠠ ᠶᠢᠨ 29 ᠤ ᠡᠳᠦᠷ᠂ ᠳ᠋ᠦᠩ ᠾᠧ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠠᠵᠢᠯᠲᠠᠨ ᠤᠷᠢᠳ ᠬᠤᠵᠢᠳ ᠥᠨᠥᠴᠢᠨ ᠬᠡᠦᠬᠡᠳ᠂ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠵᠢᠴᠢ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠭᠡᠷ ᠲᠤ ᠬᠦᠷᠴᠦ᠂ ᠬᠡᠦᠬᠡᠳ ᠤᠳ ᠲᠤ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠵᠦ᠂ ᠴᠠᠭᠠᠨ ᠰᠠᠷ᠎ᠠ ᠶᠢ ᠪᠠᠶᠠᠷ ᠬᠥᠷ ᠲᠠᠢ ᠥᠩᠭᠡᠷᠡᠭᠦᠯᠬᠦ ᠶᠢᠨ ᠬᠠᠮᠲᠤ ᠴᠠᠭᠠᠨ ᠰᠠᠷ᠎ᠠ ᠶᠢᠨ ᠬᠠᠶᠢᠷ᠎ᠠ ᠬᠠᠯᠠᠮᠵᠢ ᠶᠢᠨ ᠤᠭᠤᠲᠠ ᠬᠦᠷᠭᠡᠵᠦ᠂ ᠪᠤᠶᠠᠨ ᠤ ᠤᠭᠤᠲᠠ ᠶᠢ ᠳᠤᠮᠳᠠᠳᠤ ᠤᠯᠤᠰ ᠤᠨ ᠬᠡᠦᠬᠡᠳ ᠤᠨ ᠠᠰᠠᠷᠠᠮᠵᠢ ᠪᠠ ᠡᠷᠭᠦᠨ ᠲᠡᠵᠢᠭᠡᠬᠦ ᠲᠥᠪ ᠬᠢᠭᠡᠳ ᠰᠢᠷᠭᠤᠯᠵᠢ ᠶᠢᠨ ᠪᠦᠯᠦᠭᠯᠡᠯ ᠠᠴᠠ ᠬᠠᠨᠳᠢᠪᠯᠡᠬᠤ ᠶᠢ ᠣᠯᠠᠨ ᠳᠤ ᠰᠠᠨᠠᠭᠤᠯᠵᠤ ᠪᠠᠶᠢᠨ᠎ᠠ᠃      ᠡᠷᠦᠬᠡ ᠪᠦᠷᠢ ᠳᠤ ᠳ᠋ᠦᠩ ᠾᠧ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠠᠵᠢᠯᠲᠠᠳ ᠪᠦᠷ ᠬᠡᠦᠬᠡᠳ ᠤᠨ ᠭᠡᠷ ᠪᠦᠯᠢ ᠶᠢᠨ ᠬᠢᠨᠠᠨ ᠬᠠᠮᠠᠭᠠᠯᠠᠯᠲᠠ ᠶᠢᠨ ᠪᠠᠶᠢᠳᠠᠯ ᠪᠠ ᠰᠤᠷᠤᠯᠭ᠎ᠠ ᠶᠢᠨ ᠪᠠᠶᠢᠳᠠᠯ ᠢ ᠨᠠᠷᠢᠨ ᠠᠰᠠᠭᠤᠵᠤ᠂ ᠲᠡᠳᠡᠨ ᠤ ᠭᠡᠷ ᠪᠦᠯᠢ ᠪᠠ ᠠᠮᠢᠳᠤᠷᠠᠯ ᠤᠨ ᠳᠤᠮᠳᠠ ᠣᠷᠣᠰᠢᠵᠤ ᠪᠠᠶᠢᠭ᠎ᠠ ᠪᠣᠳᠠᠲᠠᠢ ᠬᠦᠴᠢᠷᠳᠡᠯ ᠢ ᠣᠶᠢᠯᠠᠭᠠᠵᠤ᠂ ᠬᠡᠦᠬᠡᠳ ᠤᠨ ᠠᠮᠢᠳᠤᠷᠠᠯ ᠤᠨ ᠣᠷᠴᠢᠨ ᠲᠣᠭᠤᠷᠢᠨ ᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠬᠢᠨᠠᠨ ᠬᠠᠮᠠᠭᠠᠯᠠᠭᠴᠢ ᠵᠢᠴᠢ ᠬᠡᠦᠬᠡᠳ ᠤᠨ ᠪᠡᠶ᠎ᠡ ᠮᠠᠬᠠᠪᠤᠳ ᠤᠨ ᠪᠠᠶᠢᠳᠠᠯ ᠢ ᠭᠦᠨᠵᠡᠭᠡᠢ ᠣᠶᠢᠯᠠᠭᠠᠨ᠂ ᠬᠡᠦᠬᠡᠳ ᠤᠳ ᠤᠨ ᠴᠢᠷᠮᠠᠶᠢᠨ ᠰᠤᠷᠤᠯᠴᠠᠵᠤ᠂ ᠪᠠᠶᠠᠰᠤᠩᠭᠤᠢ ᠠᠮᠢᠳᠤᠷᠠᠵᠤ᠂ ᠪᠠᠶᠠᠷ ᠬᠥᠷ ᠲᠠᠢ ᠦᠰᠦᠨ ᠪᠣᠶᠢᠵᠢᠵᠤ᠂ ᠥᠪᠡᠷ ᠢ ᠪᠠᠨ ᠬᠦᠴᠦᠷᠬᠡᠭᠵᠢᠭᠦᠯᠬᠦ᠂ ᠪᠡᠶ᠎ᠡ ᠪᠠᠨ ᠳᠠᠭᠠᠭᠠᠬᠤ᠂ ᠪᠡᠶ᠎ᠡ ᠳᠡᠭᠡᠨ ᠢᠲᠡᠭᠡᠯ ᠲᠠᠢ ᠰᠠᠶᠢᠨ ᠬᠡᠦᠬᠡᠳ ᠪᠣᠯᠬᠤ ᠶᠢ ᠵᠣᠷᠢᠭᠵᠢᠭᠤᠯᠬᠤ ᠬᠡᠷᠡᠭᠲᠡᠢ᠃ᠡᠭᠦᠨ ᠤ ᠬᠠᠮᠲᠤ᠂ ᠬᠢᠨᠠᠨ ᠬᠠᠮᠠᠭᠠᠯᠠᠭᠴᠢ  ᠠᠴᠠ ᠬᠡᠦᠬᠡᠳ  ᠢ ᠬᠠᠪᠰᠤᠷᠤᠨ ᠠᠮᠢᠳᠤᠷᠠᠯ ᠤᠨ ᠢᠲᠡᠭᠡᠯ  ᠢ ᠨᠢ ᠪᠣᠶ ᠪᠣᠯᠭᠠᠵᠤ᠂ ᠡᠳᠦᠷ ᠲᠤᠲᠤᠮ ᠤᠨ ᠠᠮᠢᠳᠤᠷᠠᠯ ᠤᠨ ᠳᠤᠮᠳᠠ ᠤᠰᠤ᠂ ᠭᠠᠯ᠂ ᠴᠠᠬᠢᠯᠭᠠᠨ ᠤ ᠠᠮᠤᠷ ᠲᠦᠪᠰᠢᠨ  ᠢ ᠣᠨᠴᠠᠭᠠᠶᠢᠯᠠᠨ ᠠᠩᠬᠠᠷᠴᠤ᠂ ᠬᠡᠦᠬᠡᠳ  ᠢ ᠬᠦᠢᠲᠡᠨ ᠠᠴᠠ ᠰᠡᠷᠭᠡᠶᠢᠯᠡᠵᠦ ᠳᠤᠯᠠᠭᠠᠨ  ᠢ ᠬᠠᠮᠠᠭᠠᠯᠠᠬᠤ ᠶᠢ ᠠᠩᠬᠠᠷᠬᠤ ᠬᠡᠷᠡᠭᠲᠡᠢ᠂ ᠬᠢᠵᠢᠭ ᠤᠨ ᠪᠠᠶᠢᠳᠠᠯ  ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ ᠬᠤᠪᠢ ᠬᠥᠮᠥᠨ ᠪᠠ ᠭᠡᠷ ᠪᠦᠯᠢ  ᠶᠢᠨ ᠬᠠᠮᠠᠭᠠᠯᠠᠯᠲᠠ  ᠶᠢ ᠨᠠᠩ ᠰᠠᠶᠢᠲᠤᠷ ᠬᠢᠬᠦ ᠬᠡᠷᠡᠭᠲᠡᠢ ᠭᠡᠵᠦ ᠰᠠᠨᠠᠭᠤᠯᠵᠤ ᠪᠠᠶᠢᠨ᠎ᠠ᠃      ᠲᠣᠰ ᠤᠳᠠᠭᠠᠨ ᠤ ᠠᠶᠢᠯᠴᠢᠯᠠᠯᠲᠠ ᠨᠢ ᠬᠦᠴᠢᠷᠳᠡᠯ ᠳᠤ ᠲᠤᠯᠭᠠᠷᠠᠭᠰᠠᠨ 10 ᠬᠡᠦᠬᠡᠳ ᠢ ᠲᠣᠬᠤᠨᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠬᠡᠦᠬᠡᠳ ᠤᠳ ᠲᠤ ᠨᠡᠶᠢᠭᠡᠮ ᠤᠨ ᠶᠡᠭᠡ ᠭᠡᠷ ᠪᠦᠯᠢ ᠶᠢᠨ ᠬᠠᠶᠢᠷ᠎ᠠ ᠬᠠᠯᠠᠮᠵᠢ ᠶᠢ ᠬᠦᠷᠲᠡᠭᠡᠵᠦ᠂ ᠲᠡᠳᠡᠨ ᠤ ᠡᠷᠡᠭᠦᠯ ᠴᠢᠭᠢᠷᠠᠭ ᠪᠠᠶᠠᠷ ᠬᠥᠷ ᠲᠠᠢ ᠦᠰᠦᠨ ᠪᠣᠶᠢᠵᠢᠬᠤ ᠶᠢ ᠠᠬᠢᠭᠤᠯᠪᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1