ᠳ᠋ᠦᠩ ᠰᠢᠩ ᠵᠡᠭᠡᠯᠢ ᠭᠤᠳᠤᠮᠵᠢ ᠳᠤ ᠴᠠᠰᠤ ᠴᠡᠪᠡᠷᠯᠡᠬᠦ ᠠᠵᠢᠯᠯᠠᠭ᠎ᠠ ᠥᠷᠨᠢᠭᠦᠯᠵᠦ ᠪᠣᠳᠠᠲᠤ ᠠᠵᠢᠯᠯᠠᠭ᠎ᠠ ᠪᠠᠷ ᠢᠶᠠᠨ ᠰᠠᠭᠤᠭᠠᠯᠢ ᠠᠷᠠᠳ ᠤᠨ ᠶᠠᠪᠤᠵᠤ ᠰᠠᠭᠤᠬᠤ ᠶᠢᠨ ᠠᠮᠤᠷ ᠲᠦᠪᠰᠢᠨ ᠢ ᠪᠠᠲᠤᠯᠠᠨ᠎ᠠ
ᠨᠡᠶᠢᠲᠡᠯᠡᠭᠰᠡᠨ ᠴᠠᠭ᠄
2022/2/15
   2 ᠰᠠᠷ᠎ᠠ  ᠶᠢᠨ 13 ᠤ ᠡᠳᠦᠷ᠂ ᠨᠢᠭᠡ ᠤᠳᠠᠭᠠᠨ ᠤ ᠰᠢᠷᠦᠭᠦᠨ ᠴᠠᠰᠤ ᠣᠷᠣᠭᠰᠠᠨ ᠤ ᠳᠠᠷᠠᠭ᠎ᠠ᠂ ᠵᠠᠮ ᠵᠣᠪ ᠵᠤᠵᠠᠭᠠᠨ ᠴᠠᠰᠤᠨ ᠳᠤ ᠬᠤᠴᠢᠭᠳᠠᠵᠤ᠂ ᠲᠡᠷᠭᠡ ᠬᠥᠰᠬᠡ ᠠᠯᠭᠤᠷ ᠤᠳᠠᠭᠠᠨ ᠶᠠᠪᠤᠵᠤ᠂ ᠶᠠᠪᠠᠭᠠᠨ ᠬᠥᠮᠥᠨ ᠬᠠᠶᠢᠪᠠᠯᠵᠠᠨ ᠳᠠᠶᠢᠪᠠᠯᠵᠠᠵᠤ᠂ ᠨᠠᠰᠢ ᠴᠠᠰᠢ ᠥᠩᠭᠡᠷᠡᠬᠦ ᠶᠠᠪᠠᠭᠠᠨ ᠬᠥᠮᠥᠨ᠂ ᠲᠡᠷᠭᠡ ᠬᠥᠰᠬᠡ ᠳᠤ ᠲᠤᠶᠢᠯ ᠤᠨ ᠳᠥᠭᠦᠮ ᠦᠭᠡᠢ ᠪᠥᠭᠡᠳ ᠠᠮᠤᠷ ᠲᠦᠪᠰᠢᠨ ᠤ ᠳᠠᠯᠳᠠ ᠭᠡᠮ  ᠢ ᠠᠪᠴᠢᠷᠠᠭᠰᠠᠨ ᠪᠠᠶᠢᠨ᠎ᠠ᠃ ᠦᠷᠭᠦᠯᠵᠢᠯᠡᠭᠰᠡᠨ ᠴᠢᠨᠠᠷᠲᠠᠢ ᠴᠠᠰᠤ ᠣᠷᠣᠬᠤ ᠨᠢ ᠰᠠᠭᠤᠭᠠᠯᠢ ᠠᠷᠠᠳ ᠤᠨ ᠭᠠᠳᠠᠭᠰᠢ ᠭᠠᠷᠬᠤ ᠳᠤ ᠦᠵᠡᠭᠦᠯᠬᠦ ᠨᠥᠯᠥᠭᠡ  ᠶᠢ ᠪᠠᠭᠠᠰᠬᠠᠬᠤ  ᠶᠢᠨ ᠲᠥᠯᠥᠭᠡ ᠳ᠋ᠦᠩ ᠰᠢᠩ ᠵᠡᠭᠡᠯᠢ ᠭᠤᠳᠤᠮᠵᠢ  ᠶᠢᠨ ᠪᠦᠬᠦ ᠠᠵᠢᠯᠲᠠᠳ ᠴᠠᠰᠤ ᠠᠷᠢᠯᠭᠠᠬᠤ ᠠᠵᠢᠯᠯᠠᠭ᠎ᠠ ᠬᠢᠭᠰᠡᠨ ᠪᠠᠶᠢᠨ᠎ᠠ᠃      ᠬᠠᠬᠢᠷ ᠬᠦᠢᠲᠡᠨ ᠣᠷᠴᠢᠨ ᠲᠣᠭᠤᠷᠢᠨ ᠳᠤ ᠣᠯᠠᠨ ᠢᠶᠠᠷ ᠢᠶᠠᠨ ᠪᠦᠯᠬᠦᠮᠳᠡᠨ ᠬᠠᠮᠵᠢᠯᠴᠠᠵᠤ᠂ ᠬᠠᠬᠢᠷ ᠬᠦᠢᠲᠡᠨ ᠠᠴᠠ ᠠᠶᠤᠬᠤ ᠦᠭᠡᠢ ᠪᠠᠷ ᠵᠠᠮ ᠤᠨ ᠬᠤᠷᠠᠭᠰᠠᠨ ᠴᠠᠰᠤ  ᠶᠢ ᠡᠮᠬᠢ ᠵᠢᠷᠤᠮ  ᠲᠠᠢ ᠪᠠᠷ ᠴᠡᠪᠡᠷᠯᠡᠵᠡᠢ᠃ᠵᠠᠷᠢᠮ ᠨᠢ ᠲᠡᠮᠦᠷ ᠬᠦᠷᠵᠡ ᠬᠤᠷᠤᠶᠢᠯᠠᠵᠤ᠂ ᠵᠠᠷᠢᠮ ᠨᠢ ᠱᠦᠭᠦᠷ ᠪᠠᠷᠢᠵᠤ ᠵᠠᠮ ᠤᠨ ᠭᠠᠳᠠᠷᠭᠤ ᠶᠢ ᠴᠡᠪᠡᠷᠯᠡᠳᠡᠭ᠂ ᠨᠢᠭᠡ ᠴᠠᠭ ᠭᠠᠷᠤᠢ ᠴᠢᠷᠮᠠᠶᠢᠨ ᠴᠡᠪᠡᠷᠯᠡᠭᠰᠡᠨ ᠠᠴᠠ ᠨᠡᠶᠢᠭᠡᠮ ᠲᠣᠭᠤᠷᠢᠭ ᠤᠨ ᠬᠤᠶᠠᠷ ᠲᠠᠯ᠎ᠠ ᠪᠠ ᠣᠶᠢᠷ᠎ᠠ ᠬᠠᠪᠢ ᠶᠢᠨ ᠰᠠᠭᠤᠭᠠᠯᠢ ᠠᠷᠠᠳ ᠤᠨ ᠠᠰᠠᠷ ᠤᠨ ᠵᠠᠮ ᠳᠡᠭᠡᠷᠡᠬᠢ ᠬᠤᠷᠠᠭᠰᠠᠨ ᠴᠠᠰᠤ ᠶᠢ ᠦᠨᠳᠦᠰᠦᠨ ᠳᠡᠭᠡᠨ ᠠᠷᠢᠯᠭᠠᠵᠤ᠂ ᠴᠠᠰᠤ ᠱᠦᠭᠦᠷᠳᠡᠬᠦ ᠳᠤ ᠣᠷᠣᠯᠴᠠᠭᠰᠠᠨ ᠬᠥᠮᠥᠰ ᠤᠨ ᠴᠢᠷᠠᠢ ᠨᠢ ᠭᠠᠯ ᠤᠯᠠᠭᠠᠨ᠂ ᠪᠠᠶᠠᠷ ᠬᠥᠷ ᠲᠠᠢ ᠢᠨᠢᠶᠡᠮᠰᠦᠭᠯᠡᠯ ᠢᠶᠠᠷ ᠪᠢᠯᠬᠠᠨ᠎ᠠ᠃
     ᠡᠨᠡ ᠤᠳᠠᠭ᠎ᠠ  ᠶᠢᠨ ᠴᠠᠰᠤ ᠠᠷᠢᠯᠭᠠᠬᠤ ᠠᠵᠢᠯᠯᠠᠭ᠎ᠠ ᠨᠢ ᠣᠯᠠᠨ ᠤ ᠶᠠᠪᠤᠵᠤ ᠰᠠᠭᠤᠬᠤ ᠳᠤ ᠳᠥᠭᠦᠮ ᠦᠵᠡᠭᠦᠯᠵᠦ᠂ ᠨᠠᠰᠢ ᠴᠠᠰᠢ ᠵᠣᠷᠴᠢᠬᠤ ᠲᠡᠷᠭᠡ ᠪᠣᠯᠣᠨ ᠶᠠᠪᠠᠭᠠᠨ ᠬᠥᠮᠥᠨ ᠤ ᠠᠮᠤᠷ ᠲᠦᠪᠰᠢᠨ ᠤ ᠪᠠᠲᠤᠯᠠᠭ᠎ᠠ  ᠶᠢ ᠨᠡᠮᠡᠭᠳᠡᠭᠦᠯᠦᠭᠰᠡᠨ  ᠢᠶᠠᠷ ᠪᠠᠷᠠᠬᠤ ᠦᠭᠡᠢ ᠪᠠᠰᠠ ᠬᠠᠬᠢᠷ ᠬᠦᠢᠲᠡᠨ ᠠᠭᠤᠷ ᠠᠮᠢᠰᠬᠤᠯ ᠳᠤ ᠣᠯᠠᠨ ᠳᠤ ᠬᠠᠯᠠᠭᠤᠨ ᠳᠤᠯᠠᠭᠠᠨ  ᠢ ᠡᠷᠭᠦᠵᠦ᠂ ᠨᠡᠶᠢᠭᠡᠮ ᠤᠨ ᠪᠣᠯᠪᠠᠰᠤᠨ ᠡᠶ᠎ᠡ ᠵᠣᠬᠢᠴᠠᠯ  ᠲᠠᠢ ᠡᠶᠡᠷᠭᠦ ᠡᠨᠧᠷᠭᠢ  ᠶᠢ ᠤᠯᠠᠮᠵᠢᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ  ᠶᠢ ᠦᠢᠯᠡᠳᠦᠯᠭᠡᠵᠢᠭᠦᠯᠦᠭᠰᠡᠨ ᠪᠠᠶᠢᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠳ᠋ᠦᠩ ᠰᠢᠩ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1