ᠰᠢ ᠨᠣᠣ ᠪᠦᠦ ᠵᠡᠭᠡᠯᠢ ᠭᠤᠳᠤᠮᠵᠢ ᠶᠢᠨ ᠠᠵᠢᠯ ᠤᠨ ᠨᠠᠷᠢᠨ ᠨᠢᠮᠪᠠᠢ ᠨᠢ ᠰᠠᠭᠤᠭᠠᠯᠢ ᠠᠷᠠᠳ ᠤᠨ ᠵᠥᠪᠰᠢᠶᠡᠷᠡᠯ ᠢ ᠣᠯᠵᠠᠢ
ᠨᠡᠶᠢᠲᠡᠯᠡᠭᠰᠡᠨ ᠴᠠᠭ᠄
2022/2/15
     2 ᠰᠠᠷ᠎ᠠ ᠶᠢᠨ 14  ᠤ ᠥᠷᠯᠥᠭᠡ ᠡᠷᠲᠡ᠂ ᠰᠢ ᠨᠣᠣ ᠪᠦᠦ ᠵᠡᠭᠡᠯᠢ ᠶᠢᠨ ᠰᠢ ᠡᡁᠸ ᠶᠢᠨ ᠵᠢᠩ ᠶᠤᠸᠠᠨ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠴᠢ ᠯᠢ ᠹᠥ᠋ᠨ ᠰᠢ ᠨᠣᠣ ᠪᠦᠦ ᠵᠡᠭᠡᠯᠢ ᠶᠢᠨ ᠵᠢᠩ ᠶᠤᠸᠠᠨ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ ᠢᠷᠡᠵᠦ᠂ ︽ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠲᠠᠢ ᠰᠡᠳᠬᠢᠯ ᠵᠢᠷᠦᠬᠡ ᠪᠠᠨ ᠬᠤᠯᠪᠣᠵᠤ ᠠᠷᠠᠳ ᠤᠨ ᠬᠦᠴᠢᠷᠳᠡᠯ ᠢ ᠠᠷᠢᠯᠭᠠᠵᠤ ᠬᠦᠴᠢᠷ ᠵᠣᠪᠠᠭᠤᠷᠢ ᠶᠢ ᠠᠷᠢᠯᠭᠠᠶ᠎ᠠ︾ᠭᠡᠬᠦ ᠬᠡᠮᠡᠷᠯᠢᠭ ᠲᠤᠭ ᠢ ᠰᠢ ᠨᠣᠣ ᠪᠦᠦ ᠵᠡᠭᠡᠯᠢ ᠶᠢᠨ ᠵᠢᠩ ᠶᠤᠸᠠᠨ ᠨᠡᠶᠢᠭᠡᠮ ᠲᠣᠭᠤᠷᠢᠭ ᠤᠨ ᠺᠠᠳ᠋ᠷ ᠸᠠᠩ ᠬᠤᠢ ᠶᠢᠨ ᠭᠠᠷ ᠲᠤ ᠬᠦᠷᠭᠡᠵᠦ᠂ ᠸᠠᠩ ᠬᠤᠢ ᠶᠢᠨ ᠲᠡᠳᠡᠨ ᠤ ᠭᠡᠷ ᠢ ᠬᠠᠯᠠᠮᠵᠢᠯᠠᠨ ᠬᠠᠷᠠᠭᠠᠯᠵᠠᠭᠰᠠᠭᠠᠷ ᠢᠷᠡᠭᠰᠡᠨ ᠳᠤ ᠲᠠᠯᠠᠷᠬᠠᠪᠠ᠃      ᠴᠢ ᠯᠢ ᠹᠥ᠋ᠨ ᠲᠠᠢ ᠬᠠᠮᠲᠤ ᠰᠠᠭᠤᠵᠤ ᠪᠠᠶᠢᠭ᠎ᠠ ᠬᠥᠮᠥᠰ ᠲᠤ ᠪᠠᠰᠠ ᠲᠡᠭᠦᠨ ᠤ 98 ᠨᠠᠰᠤᠲᠠᠢ ᠡᠵᠢ ᠪᠤᠢ᠂ ᠨᠠᠰᠤᠲᠠᠨ ᠨᠠᠰᠤ ᠠᠬᠠᠰᠢᠷᠠᠭᠠᠳ ᠬᠥᠳᠡᠯᠵᠦ ᠪᠠᠷᠢᠬᠤ ᠳᠤ ᠳᠥᠭᠦᠮ ᠦᠭᠡᠢ᠂ ᠳᠡᠷᠭᠡᠳᠡ ᠨᠢ ᠬᠥᠮᠥᠨ ᠠᠴᠠ ᠰᠠᠯᠵᠤ ᠴᠢᠳᠠᠬᠤ ᠦᠭᠡᠢ᠂ ᠸᠠᠩ ᠬᠤᠢ ᠲᠡᠭᠦᠨ ᠤ ᠭᠡᠷ ᠤᠨ ᠪᠠᠶᠢᠳᠠᠯ ᠢ ᠣᠶᠢᠯᠠᠭᠠᠵᠤ᠂ ᠡᠳᠦᠷ ᠲᠤᠳᠤᠮ ᠤᠨ ᠨᠠᠰᠤᠲᠠᠶᠢᠴᠤᠳ ᠤᠨ ᠨᠥᠬᠦᠪᠦᠷᠢ᠂ ᠸᠠᠺᠼᠢᠨ ᠤ ᠲᠠᠷᠢᠯᠭ᠎ᠠ ᠵᠡᠷᠭᠡ ᠠᠵᠢᠯ ᠢ ᠬᠢᠬᠦ ᠴᠢᠬᠤᠯᠠᠲᠠᠢ ᠦᠶ᠎ᠡ ᠳᠤ ᠪᠦᠷ ᠭᠡᠷ  ᠲᠤᠨᠢ ᠬᠦᠷᠴᠦ ᠭᠦᠢᠴᠡᠳᠬᠡᠳᠡᠭ᠃ᠵᠢᠩ ᠶᠤᠸᠠᠨ ᠨᠡᠶᠢᠭᠡᠮ ᠲᠣᠭᠤᠷᠢᠭ ᠤᠨ ᠤᠯᠠᠨ ᠵᠢᠯ ᠤᠨ ᠬᠠᠯᠠᠮᠵᠢᠯᠠᠯ ᠪᠠ ᠬᠠᠷᠠᠭᠠᠯᠵᠠᠯ ᠳᠤ ᠴᠢ ᠯᠢ ᠹᠥ᠋ᠨ ᠤ ᠰᠡᠳᠬᠢᠯ ᠮᠠᠰᠢ ᠳᠣᠭᠳᠣᠯᠵᠤ᠂ ︽ᠲᠠᠨᠠᠷ ᠡᠳᠡᠭᠡᠷ ᠵᠢᠯ ᠤᠳ ᠲᠤ ᠨᠠᠳᠠ ᠶᠢ ᠤᠯᠠᠨ ᠲᠠᠯ᠎ᠠ ᠪᠠᠷ ᠬᠠᠪᠰᠤᠷᠤᠭᠰᠠᠭᠠᠷ ᠢᠷᠡᠵᠠᠢ᠂ ᠢᠯᠠᠩᠭᠤᠶ᠎ᠠ ᠸᠠᠩ ᠬᠤᠢ ᠡᠷᠬᠢᠯᠡᠭᠴᠢ ᠪᠢᠳᠡᠨ ᠳᠤ ᠳᠣᠲᠣᠨᠣ ᠬᠥᠮᠥᠨ ᠰᠢᠭ ᠬᠠᠨᠳᠤᠵᠤ᠂ ᠪᠢᠳᠡ ᠬᠡᠮᠡᠷᠯᠢᠭ ᠲᠤᠭ ᠬᠦᠷᠭᠡᠵᠦ ᠴᠢᠩ ᠰᠡᠳᠬᠢᠯ ᠤᠨ ᠲᠠᠯᠠᠷᠬᠠᠯ ᠢᠶᠠᠨ ᠢᠯᠡᠳᠬᠡᠬᠦ ᠶᠢ ᠪᠤᠳᠤᠭᠰᠠᠭᠠᠷ ᠢᠷᠡᠵᠠᠢ︾᠃ ᠴᠢ ᠯᠢ ᠹᠥ᠋ᠨ ᠴᠢᠩ ᠰᠡᠳᠬᠢᠯ ᠠᠴᠠ ᠪᠠᠨ ᠵᠢᠩ ᠶᠤᠸᠠᠨ ᠨᠡᠶᠢᠭᠡᠮ ᠲᠣᠭᠤᠷᠢᠭ ᠤᠨ ᠺᠠᠳ᠋ᠷᠴᠤᠳ ᠲᠤ ᠬᠡᠯᠡᠪᠡ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠰᠢ ᠨᠣᠣ ᠪᠦᠦ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1