ᠰᠢ ᠨᠣᠣ ᠪᠦᠦ ᠵᠡᠭᠡᠯᠢ ᠭᠤᠳᠤᠮᠵᠢ ᠳᠤ ᠪᠠᠭᠠᠴᠤᠳ ᠤᠨ ᠬᠤᠰᠢᠭᠤᠴᠢ ᠠᠩᠭᠢ ᠶᠢᠨ ᠰᠠᠶᠢᠨ ᠳᠤᠷ᠎ᠠ ᠶᠢᠨ ᠠᠵᠢᠯᠯᠠᠭᠴᠢ ᠶᠢᠨ ᠠᠮᠤᠷ ᠲᠦᠪᠰᠢᠨ ᠤ ᠬᠠᠤᠯᠢ ᠲᠦᠭᠡᠮᠡᠯᠵᠢᠭᠦᠯᠬᠦ
ᠨᠡᠶᠢᠲᠡᠯᠡᠭᠰᠡᠨ ᠴᠠᠭ᠄
2022/2/15
     2022ᠣᠨ ᠤ 2 ᠰᠠᠷ᠎ᠠ ᠶᠢᠨ 11  ᠤ ᠡᠳᠦᠷ᠂ ᠰᠢ ᠨᠣᠣ ᠪᠦᠦ ᠵᠡᠭᠡᠯᠢ ᠭᠤᠳᠤᠮᠵᠢ ᠶᠢᠨ ᠬᠢᠨ ᠠᠮᠤᠷ ᠲᠦᠪᠰᠢᠨ ᠤ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠪᠠᠭᠠᠴᠤᠳ ᠤᠨ ᠬᠤᠰᠢᠭᠤᠴᠢ ᠠᠩᠭᠢ ᠶᠢᠨ 15 ᠰᠠᠶᠢᠨ ᠳᠤᠷ᠎ᠠ ᠶᠢᠨ ᠠᠵᠢᠯᠯᠠᠭᠴᠢ ᠵᠢᠴᠢ ᠲᠡᠭᠦᠨ ᠤ ᠪᠠᠷ᠎ᠠ ᠪᠣᠯᠤᠭᠰᠠᠨ ᠭᠡᠷ ᠤᠨ ᠠᠬᠠᠮᠠᠳ ᠢ ᠤᠷᠢᠵᠤ ᠣᠷᠣᠯᠴᠠᠭᠤᠯᠵᠠᠢ᠃      ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤᠮᠳᠠ᠂ ᠰᠤᠷᠤᠭᠴᠢᠳ ᠲᠤ ᠴᠠᠬᠢᠯᠭᠠᠨ ᠬᠡᠷᠡᠭᠯᠡᠬᠦ ᠠᠮᠤᠷ ᠲᠦᠪᠰᠢᠨ᠂ ᠵᠠᠮ ᠬᠠᠷᠢᠯᠴᠠᠭᠠᠨ ᠤ ᠠᠮᠤᠷ ᠲᠦᠪᠰᠢᠨ᠂ ᠭᠠᠯ ᠰᠡᠷᠭᠡᠶᠢᠯᠡᠬᠦ ᠠᠮᠤᠷ ᠲᠦᠪᠰᠢᠨ᠂ ᠰᠤᠷᠭᠠᠭᠤᠯᠢ ᠶᠢᠨ ᠬᠦᠷᠢᠶᠡᠨ ᠤ ᠬᠦᠴᠦᠷᠬᠡᠭᠯᠡᠯ ᠢ ᠰᠡᠷᠭᠡᠶᠢᠯᠡᠬᠦ ᠠᠮᠤᠷ ᠲᠦᠪᠰᠢᠨ᠂ ᠮᠠᠭᠤ ᠬᠥᠮᠥᠨ ᠢ ᠰᠡᠷᠭᠡᠶᠢᠯᠡᠬᠦ ᠠᠮᠤᠷ ᠲᠦᠪᠰᠢᠨ᠂ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠠᠮᠤᠷ ᠲᠦᠪᠰᠢᠨ ᠵᠡᠷᠭᠡ ᠠᠮᠤᠷ ᠲᠦᠪᠰᠢᠨ ᠤ ᠮᠡᠳᠡᠯᠭᠡ ᠶᠢ ᠭᠤᠣᠯᠳᠠᠯᠭ᠎ᠠ ᠲᠠᠢ ᠲᠠᠶᠢᠯᠪᠤᠷᠢᠯᠠᠨ ᠥᠭᠴᠡᠢ᠃ᠲᠣᠰ ᠤᠳᠠᠭᠠᠨ ᠤ ᠲᠠᠶᠢᠯᠤᠮᠵᠢ ᠨᠢ ᠰᠤᠷᠤᠭᠴᠢᠳ ᠢ ᠬᠠᠪᠰᠤᠷᠤᠨ ᠰᠠᠶᠢᠨ ᠰᠠᠶᠢᠬᠠᠨ ᠦᠶᠯᠡ ᠠᠵᠢᠯᠯᠠᠭᠠᠨ ᠤ ᠳᠠᠳᠬᠠᠯ ᠲᠠᠢ ᠪᠣᠯᠭᠠᠵᠤ᠂ ᠰᠤᠷᠤᠭᠴᠢᠳ ᠲᠤ ᠦᠨᠳᠦᠰᠦᠨ ᠠᠮᠤᠷ ᠲᠦᠪᠰᠢᠨ ᠤ ᠮᠡᠳᠡᠯᠭᠡ ᠶᠢ ᠡᠵᠡᠮᠰᠢᠭᠦᠯᠵᠦ᠂ ︽ᠠᠮᠤᠷ ᠲᠦᠪᠰᠢᠨ ᠢ ᠲᠡᠷᠢᠭᠦᠨ ᠳᠤ ᠲᠠᠯᠪᠢᠬᠤ︾ ᠦᠵᠡᠯ ᠰᠠᠨᠠᠭ᠎ᠠ ᠶᠢ ᠪᠣᠶ ᠪᠣᠯᠭᠠᠵᠠᠢ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠰᠢ ᠨᠣᠣ ᠪᠦᠦ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1