ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠪᠥᠬᠦ ᠬᠤᠲᠠ ᠶᠢᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠪᠠ
ᠨᠡᠶᠢᠲᠡᠯᠡᠭᠰᠡᠨ ᠴᠠᠭ᠄
2022/2/17
     2 ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ᠂ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠪᠥᠬᠦ ᠺᠠᠳ᠋ᠷ ᠠᠵᠢᠯᠲᠠᠨ ᠤ ᠬᠤᠷᠠᠯ ᠬᠤᠷᠠᠯᠳᠤᠭᠤᠯᠵᠤ᠂ ᠪᠥᠬᠦ ᠬᠤᠲᠠ ᠶᠢᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠲᠤᠰᠬᠠᠢ ᠰᠡᠳᠦᠪ ᠢᠶᠠᠷ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠲᠠᠯ᠎ᠠ ᠶᠢᠨ ᠺᠠᠳ᠋ᠷ ᠪᠦᠬᠦ ᠬᠤᠳᠠ ᠶᠢᠨ ᠬᠤᠶᠠᠷ ᠬᠤᠷᠠᠯ ᠢ ᠰᠠᠶᠢᠲᠤᠷ ᠰᠤᠷᠤᠯᠴᠠᠵᠦ᠂ ᠰᠠᠶᠢᠲᠤᠷ ᠤᠬᠠᠭᠤᠯᠵᠤ᠂ ᠰᠠᠶᠢᠲᠤᠷ ᠲᠤᠤᠱᠯᠠᠭᠤᠯᠬᠤ︾ᠵᠣᠷᠢᠭ ᠰᠠᠨᠠᠭ᠎ᠠ ᠣᠨᠴᠠᠭᠠᠶᠢᠯᠠᠨ ᠮᠥ᠋ᠩ ᠹᠠᠨ ᠯᠢ ᠱᠦᠵᠢ ᠶᠢᠨ ᠶᠠᠷᠢᠶᠠᠨ ᠤ ᠵᠣᠷᠢᠭ ᠰᠠᠨᠠᠭ᠎ᠠ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠭᠤᠣᠯ ᠠᠵᠢᠯ ᠢ ᠵᠡᠷᠭᠡᠪᠡᠷ ᠠᠬᠢᠭᠤᠯᠵᠤ᠂ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠢᠳᠡᠪᠬᠢᠲᠡᠢ ᠥᠷᠨᠢᠭᠦᠯᠦᠨ ᠠᠬᠢᠭᠤᠯᠬᠤ ᠬᠡᠷᠡᠭᠲᠡᠢ᠃ᠨᠢᠭᠡ ᠳᠤ ︽ᠵᠠᠬᠢᠳᠠᠯ ᠰᠣᠷᠪᠤᠯᠵᠢᠯᠠᠭ᠎ᠠ ᠶᠢᠨ ᠳᠦᠷᠢᠮ︾ ᠤᠨ ᠤᠬᠠᠭᠤᠯᠭ᠎ᠠ ᠶᠢ ᠴᠢᠩᠭᠠᠳᠬᠠᠵᠤ᠂ ︽ᠵᠠᠬᠢᠳᠠᠯ ᠰᠣᠷᠪᠤᠯᠵᠢᠯᠠᠭ᠎ᠠ ᠶᠢᠨ ᠳᠦᠷᠢᠮ︾ ᠤᠨ ᠮᠡᠳᠡᠬᠦ ᠨᠤᠷᠮ᠎ᠠ ᠶᠢ ᠥᠷᠭᠡᠳᠬᠡᠵᠦ᠂ ᠬᠠᠤᠯᠢ ᠶᠣᠰᠣᠭᠠᠷ ᠱᠠᠲᠤ ᠱᠠᠲᠤ ᠪᠠᠷ ᠳᠡᠭᠡᠭᠰᠢ ᠰᠤᠷᠪᠤᠯᠵᠢᠯᠠᠬᠤ ᠵᠠᠬᠢᠳᠠᠯ ᠰᠣᠷᠪᠤᠯᠵᠢᠯᠠᠭ᠎ᠠ ᠶᠢᠨ ᠡᠮᠬᠢ ᠵᠢᠷᠤᠮ ᠤᠨ ᠪᠦᠷᠢᠯᠳᠦᠬᠦ ᠶᠢ ᠲᠦᠯᠬᠢᠨ ᠠᠬᠢᠭᠤᠯᠤᠨ᠎ᠠ;ᠬᠤᠶᠠᠷ ᠲᠤ ︽ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠴᠣᠩᠬᠤ︾ ᠶᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠢ ᠥᠷᠨᠢᠭᠦᠯᠵᠦ᠂ ᠤᠯᠠᠨ ᠲᠦᠮᠡᠨ ᠤ ᠥᠨᠳᠥᠷ ᠦᠨᠡᠯᠡᠯᠲᠡ ᠲᠠᠢ᠂ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ︽ᠭᠥᠯᠢᠶᠡᠨ ᠠᠪᠬᠤ ᠴᠣᠩᠬᠤ᠂ ᠰᠣᠷᠪᠤᠯᠵᠢᠯᠠᠭ᠎ᠠ ᠶᠢ ᠭᠥᠯᠢᠶᠡᠨ ᠠᠪᠬᠤ ᠬᠥᠮᠥᠰ︾ ᠢ ᠰᠢᠯᠭᠠᠷᠠᠭᠤᠯᠤᠨ ᠭᠠᠷᠭᠠᠵᠤ᠂ ᠦᠯᠢᠭᠡᠷ ᠵᠢᠱᠢᠶ᠎ᠡ ᠶᠢ ᠪᠤᠢ ᠪᠣᠯᠭᠠᠵᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠵᠢᠷᠤᠮᠵᠢᠭᠤᠯᠤᠯᠲᠠ ᠶᠢ ᠲᠦᠯᠬᠢᠨ ᠠᠬᠢᠭᠤᠯᠤᠨ᠎ᠠ;ᠭᠤᠷᠪᠠ ᠳᠤ ᠠᠷᠠᠳ ᠤᠨ ᠡᠶᠡᠳᠡᠭᠦᠯᠭᠡ ᠪᠠᠷ ᠵᠠᠬᠢᠳᠠᠯ ᠰᠣᠷᠪᠤᠯᠵᠢᠯᠠᠭ᠎ᠠ ᠶᠢᠨ ᠵᠥᠷᠢᠴᠡᠯ ᠵᠢᠭᠤᠷᠠᠯᠳᠤᠭᠠᠨ ᠢ ᠨᠠᠮᠳᠠᠭᠤᠯᠬᠤ ᠳᠤ ᠣᠷᠤᠯᠴᠠᠬᠤ ᠶᠢ ᠭᠦᠨᠵᠡᠭᠡᠢ ᠲᠦᠯᠬᠢᠨ ᠠᠬᠢᠭᠤᠯᠵᠤ᠂ ᠠᠷᠠᠳ ᠤᠨ ᠡᠶᠡᠳᠡᠭᠦᠯᠭᠡ ᠪᠠᠷ ᠵᠠᠬᠢᠳᠠᠯ ᠰᠣᠷᠪᠤᠯᠵᠢᠯᠠᠭ᠎ᠠ ᠶᠢᠨ ᠵᠥᠷᠢᠴᠡᠯ ᠵᠢᠭᠤᠷᠠᠯᠳᠤᠭᠠᠨ ᠢ ᠨᠠᠮᠳᠠᠭᠤᠯᠬᠤ ᠳᠤ ᠣᠷᠤᠯᠴᠠᠬᠤ ᠲᠣᠭᠲᠠᠴᠠ ᠪᠠᠶᠢᠭᠤᠯᠤᠯ ᠢ ᠰᠠᠶᠢᠲᠤᠷ ᠬᠡᠷᠡᠭᠯᠡᠨ ᠠᠮᠢᠳᠤᠯᠢᠭ ᠬᠡᠷᠡᠭᠯᠡᠵᠦ᠂ ᠤᠯᠠᠨ ᠲᠦᠮᠡᠨ ᠤ ᠵᠠᠬᠢᠳᠠᠯ ᠰᠣᠷᠪᠤᠯᠵᠢᠯᠠᠭ᠎ᠠ ᠶᠢᠨ ᠭᠤᠮᠣᠳᠠᠯ ᠱᠠᠭᠠᠷᠳᠠᠯᠭ᠎ᠠ ᠶᠢ ᠦᠨᠡᠨ ᠬᠦ ᠴᠠᠭ ᠲᠤᠬᠠᠢ ᠳᠤᠨᠢ ᠪᠦᠲᠦᠮᠵᠢᠲᠡᠶ ᠪᠠᠷ ᠨᠠᠮᠳᠠᠭᠤᠯᠤᠨ᠎ᠠ      ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠠᠯᠠᠭ᠎ᠠ ᠲᠠᠰᠤᠭ ᠤᠨ ᠬᠢᠨ ᠦᠳᠲᠡᠷ ᠲᠦᠷᠭᠡᠨ ᠬᠠᠯᠠᠭᠤᠨ ᠥᠷᠨᠢᠯᠲᠡ ᠭᠠᠷᠭᠠᠵᠤ᠂ ᠡᠭᠦᠷᠭᠡ ᠶᠢᠨ ᠵᠠᠳᠠᠯᠤᠯᠲᠠ ᠶᠢ ᠦᠨᠡᠨᠬᠦ ᠰᠠᠶᠢᠲᠤᠷ ᠠᠳᠬᠤᠵᠤ᠂ ᠬᠤᠷᠠᠯ ᠤᠨ ᠡᠯ᠎ᠡ ᠵᠦᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠣᠳᠠᠲᠠᠢ ᠶᠢ ᠡᠷᠬᠢᠮᠯᠡᠭᠰᠡᠨ ᠲᠤᠰᠠᠲᠠᠢ ᠠᠵᠢᠯ ᠤᠨ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠨᠢᠭᠡ ᠨᠢᠭᠡ ᠪᠠᠷ ᠪᠣᠳᠠᠲᠠᠢ ᠳᠤ ᠨᠠᠶᠢᠳᠠᠪᠤᠷᠢᠵᠢᠭᠤᠯᠤᠨ᠂ ᠪᠣᠳᠠᠲᠤ ᠦᠷ᠎ᠡ ᠪᠦᠲᠦᠮᠵᠢ ᠣᠯᠵᠤ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠬᠤ᠂ ᠡᠭᠦᠷᠢᠳᠡ ᠬᠤᠶᠢᠷᠭᠤᠰᠢᠬᠤ ᠦᠭᠡᠢ ᠤᠶᠤᠨ ᠰᠠᠨᠠᠭᠠᠨ ᠤ ᠳᠦᠷᠰᠦ ᠪᠠᠶᠢᠳᠠᠯ ᠪᠣᠯᠣᠨ ᠵᠣᠷᠢᠭᠲᠠᠢ ᠪᠠᠷ ᠬᠢᠵᠦ ᠵᠣᠷᠢᠭᠲᠠᠢ ᠪᠠᠷ ᠠᠵᠢᠯᠯᠠᠬᠤ᠂ ᠴᠤᠴᠠᠯᠲᠠ ᠦᠭᠡᠢ ᠤᠷᠤᠭᠰᠢᠯᠠᠬᠤ ᠲᠡᠮᠡᠴᠡᠯ ᠤᠨ ᠳᠦᠷᠰᠦ ᠪᠠᠶᠢᠳᠠᠯ ᠢᠶᠠᠷ ᠡᠷᠡᠯᠬᠡᠭᠯᠡᠨ ᠤᠷᠤᠭᠰᠢᠯᠠᠵᠤ᠂ ᠴᠠᠭ ᠢ ᠠᠮᠵᠢᠵᠤ᠂ ᠲᠡᠷᠢᠭᠦᠨ ᠤ  ᠬᠢ ᠶᠢ ᠲᠡᠮᠡᠴᠡᠨ ᠣᠯᠵᠤ᠂ ᠴᠡᠴᠡᠭᠯᠡᠨ ᠬᠥᠭᠵᠢᠭᠰᠡᠨ᠂ ᠴᠡᠴᠡᠭᠯᠡᠨ ᠬᠥᠭᠵᠢᠭᠰᠡᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠰᠢᠨ᠎ᠡ ᠵᠡᠭᠦᠨ ᠭᠤᠣᠯ ᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1