ᠴᠤᠭ ᠪᠠᠳᠠᠷᠠᠩᠭᠤᠢ ᠲᠡᠮᠡᠴᠡᠯ ᠤᠨ ᠵᠣᠷᠢᠭ ᠢᠶᠠᠨ ᠪᠠᠳᠠᠷᠠᠭᠤᠯᠤᠨ ᠳ᠋ᠦᠩ ᠾᠧ ᠠᠴᠠ ᠭᠦᠶᠦᠨ ᠭᠠᠷᠴᠤ︽ᠬᠤᠷᠳᠤᠴᠠ ᠪᠠᠨ ᠨᠡᠮᠡᠭᠳᠡᠭᠦᠯᠦᠨ᠎ᠡ︾᠃
ᠨᠡᠶᠢᠲᠡᠯᠡᠭᠰᠡᠨ ᠴᠠᠭ᠄
2022/2/20
     ᠰᠠᠯᠬᠢᠨ ᠤ ᠬᠦᠴᠦᠲᠦ ᠳᠠᠷᠪᠠᠭᠤᠯ ᠰᠢᠨ᠎ᠡ ᠵᠣᠷᠢᠭ ᠢ ᠬᠥᠪᠴᠢᠯᠡᠵᠦ᠂ ᠡᠷᠴᠢ ᠵᠣᠷᠢᠭ ᠲᠠᠢ ᠤᠷᠤᠭᠰᠢᠯᠠᠨ ᠲᠠᠪᠰᠢᠬᠤ ᠲᠤᠬᠠᠢ ᠶᠢᠨ ᠴᠠᠭ ᠦᠶ᠎ᠡ ᠳᠤ ᠬᠦᠷᠴᠦ ᠢᠷᠡᠨ᠎ᠡ᠃ᠴᠠᠭᠠᠨ ᠰᠠᠷ᠎ᠠ ᠶᠢᠨ ᠡᠬᠢᠨ ᠳᠤ᠂ ᠳ᠋ᠦᠩ ᠾᠧ ᠲᠣᠭᠤᠷᠢᠭ ᠤᠨ ᠬᠢᠨ ᠥᠪᠡᠷᠲᠡᠭᠡᠨ ᠵᠠᠰᠠᠬᠤ ᠣᠷᠣᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ ᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠤᠭᠤᠲᠤ ᠬᠤᠳᠠ ᠶᠢᠨ ᠬᠢᠨ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠳᠠᠶᠢᠴᠢᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠤᠭᠤᠲᠤ ᠬᠤᠲᠠ ᠶᠢᠨ 2022 ᠣᠨ ᠤ ᠨᠢᠭᠡᠳᠦᠭᠡᠷ ᠪᠦᠯᠦᠭ ᠤᠨ ᠭᠤᠣᠯᠳᠠᠯᠭ᠎ᠠ ᠲᠠᠢ ᠡᠭᠦᠷᠭᠡ ᠪᠣᠯᠬᠤ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ 100 ᠵᠤᠷᠪᠤᠰ︾ ᠲᠤ ᠴᠢᠭᠯᠡᠭᠦᠯᠦᠨ᠂ ᠦᠷᠭᠦᠯᠵᠢᠯᠡᠨ ᠬᠦᠴᠦᠯᠡᠵᠦ᠂ ᠤᠨᠢᠨ ᠳᠡᠭᠡᠷ᠎ᠡ ᠨᠢ ᠬᠦᠴᠦᠯᠡᠵᠦ᠂ ᠴᠠᠭ  ᠢ ᠠᠮᠵᠢᠨ᠂ ᠲᠡᠷᠢᠭᠦᠨ ᠤ ᠬᠢ  ᠶᠢ ᠲᠡᠮᠡᠴᠡᠨ ᠣᠯᠵᠤ᠂ ︽ᠬᠠᠮᠤᠭ ᠤᠨ ᠲᠥᠬᠦᠮ ᠬᠢᠨᠠᠨ ᠵᠥᠪᠰᠢᠶᠡᠷᠡᠬᠦ᠂ ᠬᠠᠮᠤᠭ ᠤᠨ ᠥᠷᠭᠡᠨ ᠣᠷᠣᠬᠤ ᠵᠥᠪᠰᠢᠶᠡᠷᠡᠯ᠂ ᠬᠠᠮᠤᠭ ᠤᠨ ᠰᠢᠯᠢᠳᠡᠭ ᠦᠢᠯᠡᠴᠢᠯᠡᠭᠡ᠂ ᠬᠠᠮᠤᠭ ᠤᠨ ᠥᠨᠳᠥᠷ ᠦᠷ᠎ᠡ ᠪᠦᠲᠦᠮᠵᠢ᠂ ᠬᠠᠮᠤᠭ ᠤᠨ ᠠᠷᠪᠢᠲᠠᠢ ᠵᠠᠷᠤᠳᠠᠯ᠂ ᠬᠠᠮᠤᠭ ᠤᠨ ᠵᠢᠷᠤᠮᠵᠢᠭᠰᠠᠨ ᠬᠢᠨᠠᠯᠲᠠ ᠬᠠᠮᠢᠶᠠᠷᠤᠯᠲᠠ︾ ᠶᠢᠨ ᠬᠠᠷᠠᠯᠲᠠ  ᠶᠢᠨ ᠲᠣᠭᠤᠷᠢᠨ ᠳᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ  ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠡᠷᠢᠭᠦᠨ ᠤ ᠡᠵᠡᠩᠨᠡᠯᠲᠡ  ᠶᠢᠨ ᠣᠷᠴᠢᠨ ᠨᠥᠬᠦᠴᠡᠯ  ᠢ ᠪᠥᠬᠦ ᠬᠦᠴᠦᠨ  ᠢᠶᠠᠷ  ᠢᠶᠠᠨ ᠪᠣᠶ ᠪᠣᠯᠭᠠᠬᠤ ᠵᠠᠮ ᠳᠤ ᠬᠤᠷᠳᠤᠨ ᠮᠣᠷᠢᠨ ᠳᠤ ᠲᠠᠰᠢᠭᠤᠷ ᠨᠡᠮᠡᠵᠦ᠂ ᠬᠦᠴᠢᠷ ᠠᠰᠠᠭᠤᠳᠠᠯ᠂ ᠰᠠᠭᠠᠳ ᠲᠣᠳᠬᠠᠷ  ᠢ ᠠᠷᠢᠯᠭᠠᠬᠤ᠂ ᠡᠪᠡᠷᠰᠢᠶᠡᠯ  ᠢ ᠲᠠᠶᠢᠯᠬᠤ ᠴᠡᠭ  ᠢ ᠪᠥᠬᠦ ᠬᠦᠴᠦᠨ  ᠢᠶᠠᠷ  ᠢᠶᠠᠨ ᠪᠣᠶ ᠪᠣᠯᠭᠠᠵᠤ᠂ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ  ᠢ ᠪᠥᠬᠦ ᠬᠦᠴᠦᠨ  ᠢᠶᠠᠷ  ᠢᠶᠠᠨ ᠪᠣᠶ ᠪᠣᠯᠭᠠᠬᠤ ᠬᠡᠷᠡᠭᠲᠡᠢ᠃      ︽ᠥᠩᠭᠡᠷᠡᠭᠰᠡᠨ ᠳᠤ ᠡᠵᠡᠩᠨᠡᠯᠲᠡ  ᠶᠢᠨ ᠦᠨᠡᠮᠯᠡᠯ ᠭᠤᠶᠤᠴᠢᠯᠠᠨ ᠠᠪᠬᠤ ᠳᠠᠭᠠᠨ ᠬᠡᠷᠡᠭᠰᠡᠬᠦ ᠮᠠᠲ᠋ᠧᠷᠢᠶᠠᠯ ᠪᠣᠯᠣᠨ ᠭᠦᠢᠴᠡᠳᠬᠡᠬᠦ ᠶᠠᠪᠤᠴᠠ  ᠶᠢ ᠣᠶᠢᠯᠠᠭᠠᠬᠤ ᠦᠭᠡᠢ ᠪᠣᠯ ᠣᠨᠴᠠᠭᠠᠶ ᠴᠠᠭ ᠵᠠᠷᠤᠴᠠᠭᠤᠯᠤᠨ᠎ᠠ᠂ ᠣᠳᠣ ᠰᠠᠶᠢᠨ ᠪᠣᠯᠵᠠᠢ᠂ ︿ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ﹀ ᠦᠢᠯᠡᠴᠢᠯᠡᠭᠡᠨ ᠤ ᠠᠵᠢᠯᠲᠠᠨ ᠤ ᠬᠠᠪᠰᠤᠷᠤᠯᠭ᠎ᠠ  ᠶᠢ ᠣᠯᠣᠭᠰᠠᠨ ᠪᠣᠯᠬᠤᠷ ᠨᠢᠭᠡ ᠴᠠᠭ ᠪᠣᠯᠣᠯ ᠦᠭᠡᠢ ᠪᠠᠷ ᠡᠵᠡᠩᠨᠡᠯᠲᠡ  ᠶᠢᠨ ᠦᠨᠡᠮᠯᠡᠯ ᠭᠤᠶᠤᠴᠢᠯᠠᠨ ᠠᠪᠴᠤ ᠪᠣᠯᠣᠨ᠎ᠠ᠂ ᠢᠩᠭᠢᠭᠡᠳ ᠳ᠋ᠦᠩ ᠾᠧ  ᠶᠢᠨ ᠬᠤᠷᠳᠤᠴᠠ  ᠶᠢ ᠦᠨᠡᠬᠡᠷ ᠮᠡᠳᠡᠷᠡᠵᠦ ᠪᠠᠶᠢᠨ᠎ᠠ︾᠃ ᠴᠠᠭᠠᠨ ᠰᠠᠷ᠎ᠠ ᠶᠢᠨ ᠠᠵᠢᠯ ᠳᠤ ᠭᠠᠷᠤᠭᠰᠠᠨ ᠠᠩᠬᠠᠨ ᠤ ᠡᠳᠦᠷ᠂ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ︽ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠭᠡᠷ · ·ᠨᠢᠭᠡᠳᠦᠭᠡᠷ ᠤᠳᠠᠭ᠎ᠠ ᠶᠢᠨ ᠠᠯᠪᠠᠨ ᠭᠡᠷ︾ ᠤᠨ ᠦᠢᠯᠡᠴᠢᠯᠡᠭᠡᠨ ᠤ ᠲᠤᠰᠬᠠᠢ ᠲᠣᠭᠤᠷᠢᠭ ᠲᠤ᠂ ᠡᠵᠡᠩᠨᠡᠯᠲᠡ ᠶᠢᠨ ᠦᠨᠡᠮᠯᠡᠯ ᠢᠶᠠᠨ ᠰᠠᠶ᠋ᠢᠬᠠᠨ ᠣᠯᠣᠭᠰᠠᠨ ᠵᠣᠣ ᠠᠪᠠᠭ᠋ᠠᠢ ᠵᠠᠯᠭᠠᠭ᠎ᠠ ᠪᠠᠷ ᠮᠠᠭᠲᠠᠨ ᠰᠠᠶᠢᠰᠢᠶᠠᠵᠤ ᠪᠠᠶᠢᠯ᠎ᠠ᠃
ᠭᠠᠶᠢᠯᠢ ᠲᠤᠰᠢᠶᠠᠬᠤ ᠦᠢᠯᠡᠴᠢᠯᠡᠭᠡ ᠶᠢ ᠰᠢᠯᠢᠳᠡᠭᠵᠢᠭᠦᠯᠦᠨ᠎ᠡ      ︽ᠴᠠᠬᠢᠯᠭᠠᠨ ᠴᠠᠬᠢᠯᠠᠬᠤ︾ ᠮᠡᠲᠦ ᠶᠢᠨ ᠰᠢᠢᠳᠪᠦᠷᠢᠯᠡᠬᠦ ᠬᠤᠷᠳᠤᠴᠠ ᠨᠢ ᠳ᠋ᠦᠩ ᠾᠧ ᠲᠣᠭᠤᠷᠢᠭ ᠤᠨ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠦᠭᠰᠡᠨ ᠠᠴᠠ ᠪᠣᠯᠤᠭᠰᠠᠨ ᠶᠤᠮ᠃︽ᠪᠢᠳᠡ ᠪᠦᠬᠦ ᠬᠤᠲᠠ ᠶᠢᠨ ᠠᠩᠬᠠᠳᠠᠭᠴᠢ 7×24 ×24ᠴᠠᠭ ᠤᠨ ᠥᠪᠡᠷᠲᠡᠭᠡᠨ ᠦᠢᠯᠡᠴᠢᠯᠡᠬᠦ ᠣᠶᠤᠨᠴᠢ ᠲᠢᠩᠬᠢᠮ ᠢ ᠪᠠᠶᠢᠭᠤᠯᠵᠤ᠂ ᠡᠭᠦᠨ ᠤ ᠬᠠᠮᠲᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ  ᠢ ᠰᠢᠯᠢᠳᠡᠭᠵᠢᠭᠦᠯᠬᠦ ᠵᠢᠴᠢ ᠠᠷᠠᠳ ᠲᠤ ᠦᠢᠯᠡᠴᠢᠯᠡᠬᠦ ᠲᠤᠰᠬᠠᠢ ᠣᠷᠣᠨ ᠭᠠᠷᠭᠠᠵᠤ᠂ ᠲᠥᠷᠥ  ᠶᠢᠨ ᠪᠣᠳᠣᠯᠭ᠎ᠠ  ᠶᠢ ᠬᠡᠷᠡᠭᠵᠢᠭᠦᠯᠬᠦ᠂ ᠬᠥᠬᠡᠬᠤᠲᠠ ᠪᠤᠭᠤᠲᠤ ᠣᠷᠳᠣᠰ ᠲᠡᠮᠡᠭᠡᠲᠦ  ᠶᠢᠨ ᠬᠠᠷᠢᠯᠴᠠᠨ ᠡᠷᠭᠢᠯᠡᠬᠦ᠂ ᠬᠥᠬᠡᠬᠤᠲᠠ ᠪᠤᠭᠤᠲᠤ ᠢᠷᠭᠠᠢ ᠲᠡᠮᠡᠭᠡᠲᠦ  ᠶᠢᠨ ᠬᠠᠷᠢᠯᠴᠠᠨ ᠡᠷᠭᠢᠯᠡᠬᠦ᠂ ᠮᠤᠵᠢ ᠠᠯᠤᠰᠯᠠᠨ ᠨᠡᠶᠢᠳᠡᠮ ᠡᠷᠭᠢᠯᠡᠬᠦ᠂ ᠪᠥᠬᠦ ᠬᠤᠲᠠ  ᠶᠢᠨ ᠨᠡᠶᠢᠳᠡᠮ ᠡᠷᠭᠢᠯᠡᠬᠦ ᠬᠠᠷᠢᠯᠴᠠᠨ ᠡᠷᠭᠢᠯᠡᠬᠦ᠂ ︿ᠳᠡᠭᠡᠳᠦ ᠲᠠᠰ ᠳᠠᠪᠬᠤᠷᠭ᠎ᠠ  ᠶᠢᠨ ᠴᠢᠳᠠᠪᠤᠷᠢᠲᠠᠨ﹀ ᠤ ᠰᠠᠭᠠᠳ ᠦᠭᠡᠢ ᠨᠡᠪᠲᠡᠷᠡᠬᠦ ᠵᠠᠮ ᠵᠡᠷᠭᠡ ᠴᠣᠩᠬᠤ ᠭᠠᠷᠭᠠᠵᠤ᠂ ᠣᠶᠤᠨᠴᠢ ᠪᠠᠷ ᠬᠠᠪᠰᠤᠷᠤᠨ ᠡᠷᠭᠢᠯᠡᠬᠦ᠂ ᠭᠡᠷᠡᠴᠢᠯᠡᠯ ᠬᠢᠵᠦ ᠬᠠᠷᠭᠤᠭᠤᠯᠤᠨ ᠰᠢᠯᠭᠠᠬᠤ᠂ ᠮᠠᠲ᠋ᠧᠷᠢᠶᠠᠯ ᠤᠨ ᠣᠶᠤᠨᠴᠢ ᠪᠠᠷ ᠬᠢᠨᠠᠨ ᠪᠠᠶᠢᠴᠠᠭᠠᠬᠤ ᠬᠠᠷᠠᠭᠠᠨ ᠳᠠᠪᠲᠠᠮᠵᠢ ᠪᠠᠷ ᠠᠰᠠᠭᠤᠨ ᠯᠠᠪᠯᠠᠬᠤ ᠵᠡᠷᠭᠡ ᠴᠢᠳᠠᠮᠵᠢ  ᠶᠢ ᠠᠰᠢᠭᠯᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ  ᠶᠢ 24 ᠴᠠᠭ ᠲᠤ ᠡᠭᠦᠳᠡ ᠪᠠᠨ ᠬᠠᠭᠠᠬᠤ ᠦᠭᠡᠢ ᠪᠠᠶᠢᠬᠤ  ᠶᠢ ᠦᠨᠡᠨᠬᠦ ᠪᠡᠶᠡᠯᠡᠭᠦᠯᠦᠨ᠎ᠡ︾ ᠭᠡᠵᠡᠢ᠃ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠨᠢᠯᠴᠠᠭᠤᠯᠪᠠ᠃      ᠡᠨᠡ ᠰᠠᠭᠤᠷᠢᠨ ᠳᠡᠭᠡᠷ᠎ᠡ᠂ ᠳ᠋ᠦᠩ ᠾᠧ ᠲᠣᠭᠤᠷᠢᠭ ᠤᠨ ᠬᠢᠨ ᠢᠨᠲ᠋ᠥᠷ ᠰᠦᠯᠵᠢᠶ᠎ᠡ ᠪᠣᠯᠣᠨ ᠲᠣᠮᠣ ᠳ᠋ᠠᠶᠢᠲ᠋ᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ︽ᠨᠢᠭᠡ ᠯᠡ ᠤᠳᠠᠭ᠎ᠠ ᠳᠤ ᠭᠦᠢᠴᠡᠳᠬᠡᠬᠦ︾ ᠦᠢᠯᠡᠴᠢᠯᠡᠭᠡ ᠶᠢ ᠭᠦᠨᠵᠡᠭᠡᠶᠢᠷᠡᠭᠦᠯᠵᠦ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠥᠷᠨᠢᠭᠦᠯᠦᠨ᠂ ᠲᠤᠭ᠎ᠠ ᠪᠠᠷᠢᠮᠲᠠ ᠶᠢᠨ ᠪᠠᠬᠢᠯᠡᠯᠲᠡ ᠶᠢ ᠨᠠᠪᠲᠠᠷᠡᠭᠦᠯᠵᠦ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠲᠤᠬᠠᠶᠢᠯᠠᠭᠰᠠᠨ ᠠᠵᠢᠯ ᠤᠨ ᠲᠠᠯ᠎ᠠ ᠪᠠᠷ ᠬᠠᠮᠵᠢᠯᠴᠠᠬᠤ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠪᠡᠶᠡᠯᠡᠭᠦᠯᠦᠨ᠂ ᠠᠳᠠᠯᠢ ᠪᠤᠰᠤ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠴᠤᠪᠤᠷᠠᠯ ᠤᠨ ᠬᠤᠭᠤᠷᠣᠨᠳᠣᠬᠢ ᠪᠡᠶ᠎ᠡ ᠬᠡᠮ ᠢ ᠳᠠᠬᠢᠨ ᠳᠠᠪᠲᠠᠨ ᠰᠢᠯᠭᠠᠨ ᠪᠠᠲᠤᠯᠠᠬᠤ᠂ ᠮᠠᠲ᠋ᠧᠷᠢᠶᠠᠯ ᠢ ᠳᠠᠬᠢᠨ ᠳᠠᠪᠲᠠᠨ ᠲᠤᠰᠢᠶᠠᠬᠤ᠂ ᠭᠤᠭᠴᠤᠭ᠎ᠠ ᠶᠢ ᠬᠠᠷᠢᠯᠴᠠᠨ ᠬᠢᠵᠠᠭᠠᠷᠯᠠᠬᠤ ᠵᠡᠷᠭᠡ ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠪᠦᠬᠦᠨ ᠢ ᠬᠠᠮᠤᠷᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃2021 ᠣᠨ ᠳᠤ᠂ ᠶᠡᠭᠡ ᠲᠢᠩᠬᠢᠮ ᠳᠤ ᠨᠡᠶᠢᠲᠡ 35.1 ᠲᠦᠮᠡᠨ ᠬᠤᠪᠢ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠵᠦ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ  ᠨᠢ 100% ᠳᠤ ᠬᠥᠷᠪᠡ᠃
ᠬᠠᠪᠰᠤᠷᠤᠨ ᠬᠢᠵᠦ ᠣᠷᠣᠯᠠᠨ ᠭᠦᠢᠴᠡᠳᠬᠡᠬᠦ ᠦᠢᠯᠡᠴᠢᠯᠡᠭᠡ ᠥᠷᠨᠢᠭᠦᠯᠬᠦ      ᠰᠢᠢᠳᠪᠦᠷᠢᠯᠡᠬᠦ ᠴᠠᠭ ᠨᠢ ᠶᠡᠭᠡ ᠬᠡᠮᠵᠢᠶ᠎ᠡ ᠪᠠᠷ ᠪᠠᠭᠠᠰᠤᠭᠰᠠᠨ  ᠠᠴᠠ ᠪᠣᠯᠵᠠᠢ᠃ᠳ᠋ᠦᠩ ᠾᠧ ᠲᠣᠭᠤᠷᠢᠭ ᠲᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠰᠠᠶᠢᠨ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠᠳᠠᠷᠠᠭᠰᠠᠨ ᠰᠢᠨ᠎ᠡ ᠪᠠᠶᠢᠳᠠᠯ ᠢᠯᠡᠷᠡᠵᠡᠢ᠃ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 1 ᠳ᠋ᠦᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠨᠢᠭᠡᠨᠲᠡ 11 ᠪᠠᠶᠢᠵᠤ᠂ 132.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ 5 ᠲᠥᠷᠥᠯ ᠵᠦᠢᠯ ᠢ ᠳᠠᠩᠰᠠᠯᠠᠭᠤᠯᠤᠨ ᠨᠠᠶᠢᠳᠠᠪᠤᠷᠢᠵᠢᠭᠤᠯᠵᠠᠢ᠃ᠡᠭᠦᠨ ᠤ ᠬᠠᠮᠲᠤ᠂ ᠪᠥᠬᠦ ᠣᠷᠣᠨ ᠳᠤ 49057 ᠲᠦᠮᠡᠨ ᠲᠥᠭᠦᠷᠢᠭ ᠤᠨ ᠳᠠᠩᠰᠠᠯᠠᠭᠤᠯᠤᠭᠰᠠᠨ ᠬᠥᠷᠥᠩᠭᠡ ︵ᠮᠥᠩᠭᠦ︶ ᠰᠢᠨ᠎ᠡ ᠪᠠᠷ ᠨᠡᠮᠡᠭᠳᠡᠵᠦ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ 360 ᠡᠷᠦᠬᠡ ᠰᠢᠨ᠎ᠡ ᠪᠠᠷ ᠳᠠᠩᠰᠠᠯᠠᠭᠤᠯᠵᠤ᠂ ᠠᠵᠢᠯ ᠡᠷᠬᠢᠯᠡᠭᠰᠡᠳ ᠢ ᠮᠢᠩᠭ᠎ᠠ ᠰᠢᠬᠠᠮ ᠰᠢᠨ᠎ᠡ ᠪᠠᠷ ᠨᠡᠮᠡᠭᠳᠡᠭᠦᠯᠪᠡ᠃ᠡᠳᠡᠭᠡᠷ ᠲᠤᠭ᠎ᠠ ᠪᠠᠷᠢᠮᠲᠠ ᠨᠢ ᠥᠷᠭᠡᠨ ᠤᠯᠠᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠥᠷᠢᠰᠦᠯᠳᠦᠭᠡᠨ ᠢ ᠠᠷᠭᠠᠴᠠᠬᠤ᠂ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠭᠦᠢᠴᠡᠳ ᠢᠯᠡᠷᠡᠭᠦᠯᠵᠦ᠂ ᠳ᠋ᠦᠩ ᠾᠧ ᠲᠣᠭᠤᠷᠢᠭ ᠤᠨ ᠠᠵᠤ ᠠᠬᠤᠢ ᠶᠢᠨ ᠬᠥᠭᠵᠢᠯᠲᠡ ᠶᠢᠨ ᠢᠳᠡ ᠬᠦᠴᠦᠨ ᠢ ᠲᠤᠰᠬᠠᠵᠠᠢ᠃
ᠬᠤᠸᠠ ᠶᠦᠨ ᠴᠠᠬᠢᠯᠭᠠᠨ ᠵᠠᠳᠠᠯᠤᠯᠲᠠ ᠶᠢᠨ ᠨᠢᠭᠡᠳᠦᠭᠡᠷ ᠦᠢᠯᠡᠳᠪᠦᠷᠢ ᠶᠢᠨ ᠦᠢᠯᠡᠳᠪᠦᠷᠢᠯᠡᠯ ᠤᠨ ᠲᠠᠰᠤᠭ      ᠡᠵᠡᠩᠨᠡᠯᠲᠡ ᠶᠢᠨ ᠣᠷᠴᠢᠨ ᠲᠣᠭᠤᠷᠢᠨ ᠤ ᠦᠷᠭᠦᠯᠵᠢᠯᠡᠨ ᠰᠢᠯᠢᠳᠡᠭᠵᠢᠬᠦ ᠶᠢ ᠳᠠᠭᠠᠯᠳᠤᠨ᠂ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠴᠦ ᠲᠣᠭᠲᠠᠭᠤᠨ ᠤ ᠳᠤᠮᠳᠠ ᠰᠠᠶᠢᠵᠢᠷᠠᠪᠠ᠃ᠬᠥᠩᠭᠡᠨᠴᠠᠭᠠᠨ ᠤ ᠦᠢᠯᠡᠰ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠬᠦᠷᠬᠦ ᠳᠤ᠂ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ ᠰᠦᠨᠳᠡᠷᠯᠡᠨ ᠪᠣᠰᠴᠤ᠂ ᠣᠳᠣᠬᠢᠴᠢᠯᠠᠭᠰᠠᠨ ᠦᠢᠯᠡᠳᠪᠦᠷᠢᠯᠡᠯ ᠤᠨ ᠱᠤᠭᠤᠮ ᠲᠦᠷᠭᠡᠨ ᠢᠶᠠᠷ ᠡᠷᠭᠢᠯᠳᠦᠵᠦ᠂ ᠴᠢᠬᠤᠯᠠ ᠶᠡᠭᠡ ᠲᠦᠷᠦᠯ ᠵᠦᠢᠯ ᠢ ᠱᠠᠯᠠᠪᠳᠠᠨ ᠠᠬᠢᠭᠤᠯᠵᠤ᠂ ᠢᠯᠠᠩᠭᠤᠶ᠎ᠠ ᠭᠠᠷ ᠭᠦᠢᠴᠡᠳᠬᠡᠯ ᠭᠦᠢᠴᠡᠳᠬᠡᠬᠦ ᠲᠠᠯ᠎ᠠ ᠪᠠᠷ ᠨᠡᠩ ᠴᠤ ︽ᠳ᠋ᠦᠩ ᠾᠧ ᠶᠢᠨ ᠬᠤᠷᠳᠤᠴᠠ︾ ᠶᠢ ᠢᠯᠡᠷᠡᠭᠦᠯᠵᠦ᠂ ᠪᠠᠶᠠᠷ ᠤᠨ ᠳᠠᠷᠠᠭᠠᠬᠢ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠳᠤ︽ᠵᠢᠷᠦᠬᠡ ᠴᠢᠩᠭᠠᠷᠠᠭᠤᠯᠬᠤ ᠡᠮ︾ ᠨᠡᠮᠡᠷᠢᠯᠡᠵᠡᠢ᠃ᠣᠶᠢᠯᠠᠭᠠᠭᠰᠠᠨ ᠢᠶᠠᠷ᠂ ᠪᠥᠬᠦ ᠣᠷᠣᠨ ᠤ 103 ᠭᠤᠣᠯᠳᠠᠯᠭ᠎ᠠ ᠲᠠᠢ ᠲᠥᠷᠥᠯ ᠵᠦᠢᠯ ᠤᠨ ᠳᠣᠲᠣᠷ᠎ᠠ᠂ ᠲᠥᠷᠥᠯ ᠵᠦᠢᠯ ᠲᠣᠭᠲᠠᠭᠠᠬᠤ᠂ ᠲᠥᠯᠥᠪᠵᠢᠭᠦᠯᠬᠦ᠂ ᠤᠯᠤᠰ ᠤᠨ ᠭᠠᠵᠠᠷ ᠰᠢᠷᠣᠢ᠂ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ ᠦᠨᠡᠯᠡᠯᠲᠡ ᠵᠡᠷᠭᠡ ᠳᠥᠷᠪᠡᠨ ᠵᠦᠢᠯ ᠤᠨ ᠭᠠᠷᠳᠠᠮ ᠢ ᠪᠦᠬᠦᠨ ᠢ ᠭᠦᠢᠴᠡᠳᠬᠡᠵᠦ ᠳᠠᠭᠤᠰᠬᠠᠭᠰᠠᠨ ᠲᠥᠷᠥᠯ ᠵᠦᠢᠯ 89 ᠪᠠᠶᠢᠵᠤ᠂ ᠭᠦᠢᠴᠡᠳᠬᠡᠵᠦ ᠳᠠᠭᠤᠰᠬᠠᠭᠰᠠᠨ ᠨᠣᠷᠮ᠎ᠠ ᠨᠢ 86.41% ᠪᠠᠶᠢᠵᠤ᠂ ᠣᠳᠣᠬᠠᠨ ᠳᠤ ᠪᠥᠬᠦ ᠬᠤᠲᠠ ᠳᠤ ᠨᠢᠭᠡᠳᠦᠭᠡᠷ ᠲᠤ ᠵᠢᠭᠰᠠᠭᠠᠭᠳᠠᠵᠤ ᠪᠠᠶᠢᠨ᠎ᠠ᠃ᠪᠤᠭᠤᠲᠤ ᠶᠢᠨ ᠱᠧᠩ ᠲᠠᠢ ᠬᠥᠩᠭᠡᠨᠴᠠᠭᠠᠨ ᠤ ᠪᠤᠯᠤ ᠶᠢᠨ ᠦᠢᠯᠡᠳᠪᠦᠷᠢᠯᠡᠯ ᠤᠨ ᠱᠤᠭᠤᠮ      2021ᠣᠨ ᠳᠤ᠂ ᠳ᠋ᠦᠩ ᠾᠧ ᠲᠣᠭᠤᠷᠢᠭ ᠤᠨ ᠬᠢᠨ ︽ᠬᠥᠩᠭᠡᠨ ᠴᠠᠭᠠᠨ ᠤ ᠦᠢᠯᠡᠰ ᠤᠨ ᠬᠦᠷᠢᠶᠡᠯᠡᠩ ᠲᠣᠭᠤᠷᠢᠭ ᠤᠨ ᠪᠦᠯᠬᠦᠮ︾ ᠤᠨ ᠪᠦᠲᠦᠭᠡᠨ ᠪᠠᠶᠢᠭᠤᠯᠤᠯᠲᠠ  ᠶᠢ ᠯᠠᠪᠳᠠᠭᠤᠨ ᠪᠠᠲᠤᠲᠠᠢ ᠠᠬᠢᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠪᠣᠳᠠᠲᠤ ᠴᠣᠭᠴᠠ ᠶᠢᠨ ᠠᠵᠤ ᠠᠬᠤᠢ ᠶᠢ ᠪᠣᠶᠢᠵᠢᠭᠤᠯᠤᠨ ᠪᠤᠵᠠᠭᠠᠶᠢᠷᠠᠭᠤᠯᠬᠤ ᠪᠠᠷ ᠭᠠᠷᠳᠠᠴᠠ ᠪᠣᠯᠭᠠᠵᠤ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ᠂ ᠣᠶᠤᠨᠲᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠᠷ ᠠᠴᠢᠶᠠᠯᠠᠪᠤᠷᠢ ᠪᠣᠯᠭᠠᠵᠤ᠂ ᠲᠥᠷᠥᠯ ᠵᠦᠶᠯᠴᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠬᠦ᠂ ᠣᠷᠴᠢᠨ ᠲᠣᠭᠤᠷᠢᠨ ᠢ ᠰᠢᠯᠢᠳᠡᠭᠵᠢᠭᠦᠯᠦᠨ ᠦᠢᠯᠡᠴᠢᠯᠡᠭᠡ ᠶᠢ ᠴᠢᠩᠭᠠᠷᠠᠭᠤᠯᠬᠤ ᠪᠠᠷ ᠪᠠᠲᠤᠯᠠᠭ᠎ᠠ ᠪᠣᠯᠭᠠᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠦᠨ᠂ ᠤᠯᠠᠮᠵᠢᠯᠠᠯᠲᠤ ᠠᠵᠤ ᠦᠢᠯᠡᠰ ᠤᠨ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠲᠦᠷᠭᠡᠳᠬᠡᠵᠦ᠂ ᠰᠢᠨ᠎ᠡ ᠬᠠᠭᠤᠴᠢᠨ ᠬᠥᠳᠡᠯᠭᠡᠭᠦ ᠬᠦᠴᠦᠨ ᠢ ᠤᠯᠠᠷᠢᠭᠤᠯᠬᠤ ᠠᠯᠬᠤᠴᠠ ᠶᠢ ᠲᠠᠰᠤᠷᠠᠯᠲᠠ ᠦᠭᠡᠢ ᠲᠦᠷᠭᠡᠳᠬᠡᠨ᠂ ᠬᠦᠷᠢᠶᠡᠯᠡᠩ ᠲᠣᠭᠤᠷᠢᠭ ᠤᠨ ᠠᠵᠤ ᠠᠬᠤᠢ ᠶᠢᠨ ᠪᠣᠳᠠᠲᠤ ᠬᠦᠴᠦᠨ ᠪᠠ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠢ ᠢᠯᠡᠳᠲᠡ ᠴᠢᠩᠭᠠᠷᠠᠭᠤᠯᠤᠨ᠎ᠠ᠃      ᠮᠥᠩᠭᠦᠨ ᠭᠦᠢᠯᠭᠡᠭᠡᠨ ᠤ ᠳᠡᠮᠵᠢᠯᠭᠡ ᠶᠢᠨ ᠲᠠᠯ᠎ᠠ ᠪᠠᠷ᠂ ᠪᠠᠩᠬᠢ ᠶᠢ ᠵᠣᠬᠢᠴᠠᠭᠤᠯᠤᠨ ᠠᠵᠤ ᠠᠬᠤᠶᠢᠯᠠᠯ ᠳᠤ 2.6 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ᠂ ᠠᠵᠤ ᠠᠬᠤᠶᠢᠯᠠᠯ ᠳᠤ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠥᠲᠥᠯᠥᠨ ᠵᠢᠯᠤᠭᠤᠳᠴᠤ ᠱᠠᠩᠨᠠᠬᠤ ᠪᠡᠯᠡ ᠮᠥᠩᠭᠦ ᠵᠡᠷᠭᠡ ᠡᠯ᠎ᠡ ᠲᠥᠷᠥᠯ ᠤᠨ ᠳᠡᠮᠵᠢᠯᠭᠡ ᠶᠢᠨ ᠪᠡᠯᠡ ᠮᠥᠩᠭᠦ ᠶᠢ 3000 ᠭᠠᠷᠤᠢ ᠲᠦᠮᠡᠨ ᠲᠥᠭᠦᠷᠢᠭ ᠣᠯᠬᠤ ᠪᠠᠷ ᠴᠢᠷᠮᠠᠶᠢᠪᠠ᠃ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ᠂ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ᠂ ᠠᠵᠤ ᠠᠬᠤᠶᠢᠯᠠᠯ ᠤᠨ ᠢᠨᠵᠧᠨᠧᠷᠢᠩ ᠤᠨ ᠮᠡᠷᠭᠡᠵᠢᠯ ᠤᠨ ᠲᠥᠪ ᠤᠨ ᠭᠤᠶᠤᠴᠢᠯᠠᠨ ᠮᠡᠳᠡᠭᠦᠯᠬᠦ ᠲᠤᠰᠬᠠᠢ ᠵᠦᠢᠯ ᠤᠨ ᠪᠣᠯᠪᠠᠰᠤᠷᠠᠭᠤᠯᠤᠯ ᠤᠨ ᠬᠤᠷᠠᠯ ᠢ ᠬᠤᠷᠠᠯᠳᠤᠭᠤᠯᠵᠤ᠂ ︽ᠤᠰᠤᠲᠥ᠋ᠷᠥᠭᠴᠢ ᠡᠨᠧᠷᠭᠢ ᠶᠢᠨ ᠠᠺᠠᠳᠧᠮᠢᠴᠢ ᠶᠢᠨ ᠠᠵᠢᠯ ᠤᠨ ᠥᠷᠲᠡᠭᠡ︾ ᠶᠢ ᠪᠠᠶᠢᠭᠤᠯᠤᠨ ᠪᠦᠲᠦᠭᠡᠵᠦ᠂ ᠠᠵᠤ ᠠᠬᠤᠶᠢᠯᠠᠯ ᠢ ᠬᠠᠪᠰᠤᠷᠤᠨ 33 ᠵᠦᠢᠯ ᠤᠨ ᠡᠭᠦᠳᠦᠯᠲᠡ᠂ ᠬᠡᠷᠡᠭᠯᠡᠭᠡᠨ ᠤ ᠰᠢᠨ᠎ᠡ ᠬᠡᠯᠪᠡᠷᠢ ᠶᠢᠨ ᠲᠤᠰᠬᠠᠢ ᠠᠰᠢᠭ ᠢ ᠠᠮᠵᠢᠯᠲᠠ ᠲᠠᠢ ᠭᠤᠶᠤᠴᠢᠯᠠᠨ ᠮᠡᠳᠡᠭᠦᠯᠵᠦ᠂ ᠠᠵᠤ ᠠᠬᠤᠶᠢᠯᠠᠯ ᠤᠨ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠳᠤ ᠰᠣᠯᠢᠯᠴᠠᠭᠠᠨ ᠤ ᠲᠠᠪᠴᠠᠩ ᠬᠠᠩᠭᠠᠨ᠎ᠠ᠃ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠥᠷᠭᠡᠷᠢᠭ ᠳᠥᠷᠪᠡᠳᠦᠭᠡᠷ ᠵᠠᠮ ᠤᠨ ᠵᠠᠮ ᠢ ᠳᠠᠬᠢᠨ ᠵᠠᠰᠠᠵᠤ ᠥᠭᠡᠷᠡᠴᠢᠯᠡᠬᠦ ᠢᠨᠵᠧᠨᠧᠷᠢᠩ᠂ ᠪᠤᠰᠤᠳ ᠭᠤᠣᠯ ᠪᠣᠯᠬᠤ ᠵᠠᠮ ᠢ ᠳᠠᠬᠢᠨ ᠵᠠᠰᠠᠵᠤ ᠥᠭᠡᠷᠡᠴᠢᠯᠡᠬᠦ ᠢᠨᠵᠧᠨᠧᠷᠢᠩ ᠢ ᠪᠥᠬᠦ ᠲᠠᠯ᠎ᠠ ᠪᠠᠷ ᠡᠬᠢᠯᠡᠭᠦᠯᠵᠦ᠂ ᠬᠡᠰᠡᠭ ᠠᠵᠤ ᠠᠬᠤᠶᠢᠯᠠᠯ ᠤᠨ ᠣᠶᠤᠨᠲᠤ ᠦᠢᠯᠡᠳᠪᠦᠷᠢ ᠶᠢ ᠨᠢᠭᠡᠨᠲᠡ ᠦᠨᠳᠦᠰᠦᠨ ᠳᠡᠭᠡᠨ ᠪᠠᠶᠢᠭᠤᠯᠵᠤ ᠳᠠᠭᠤᠰᠬᠠᠭᠠᠳ᠂ ︽5G + ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ︾ ᠶᠢᠨ ᠲᠥᠷᠥᠯ ᠵᠦᠢᠯ ᠳᠤ ᠨᠢᠭᠡᠨᠲᠡ 5G ᠶᠢᠨ ᠰᠠᠭᠤᠷᠢ ᠥᠷᠲᠡᠭᠡ ᠶᠢ 9 ᠪᠠᠶᠢᠭᠤᠯᠵᠤ ᠳᠠᠭᠤᠰᠬᠠᠪᠠ᠃      ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠰᠠᠶᠢᠨ ᠪᠣᠯ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠲᠡᠭᠦᠯᠳᠡᠷ ᠪᠣᠯᠣᠨ᠎ᠠ;ᠡᠵᠡᠩᠨᠡᠯᠲᠡ ᠶᠢᠨ ᠣᠷᠴᠢᠨ ᠲᠣᠭᠤᠷᠢᠨ ᠰᠢᠯᠢᠳᠡᠭ ᠪᠠᠶᠢᠪᠠᠯ ᠬᠥᠭᠵᠢᠯᠲᠡ ᠶᠢᠨ ᠨᠥᠭᠡᠴᠡ ᠬᠦᠴᠦᠨ ᠴᠢᠩᠭ᠎ᠠ ᠪᠠᠶᠢᠵᠤ ᠴᠢᠳᠠᠨ᠎ᠠ᠃ᠰᠢᠨ᠎ᠡ ᠨᠢᠭᠡ ᠵᠢᠯ ᠲᠡᠰᠢ ᠤᠷᠤᠭᠰᠢᠯᠠᠬᠤ ᠳᠤ᠂ ᠳ᠋ᠦᠩ ᠡᡁᠸ ᠲᠣᠭᠤᠷᠢᠭ ᠤᠨ  ᠬᠢᠨ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠶᠢ ᠴᠢᠩᠭ᠎ᠠ ᠠᠳᠬᠤᠵᠤ᠂ ᠲᠡᠷᠢᠭᠦᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠪᠤᠢ ᠪᠣᠯᠭᠠᠬᠤ ᠲᠠᠯ᠎ᠠ ᠪᠠᠷ ᠴᠥᠬᠦᠷᠡᠰᠢ ᠦᠭᠡᠢ ᠴᠢᠷᠮᠠᠶᠢᠵᠤ᠂ ᠲᠦᠷᠪᠡᠨ ︽ᠬᠠᠮᠤᠭ ᠤᠨ ᠲᠦᠷᠦᠭᠦᠨ︾ ᠤ ᠱᠠᠭᠠᠷᠳᠠᠯᠭ᠎ᠠ ᠶᠣᠰᠣᠭᠠᠷ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠬᠤᠰᠢᠭᠤᠴᠢ ᠪᠣᠯᠬᠤ ᠪᠠᠷ ᠴᠢᠷᠮᠠᠶᠢᠵᠤ᠂ ᠴᠡᠴᠡᠭᠯᠡᠨ ᠬᠥᠭᠵᠢᠭᠰᠡᠨ᠂ ᠴᠡᠴᠡᠭᠯᠡᠨ ᠬᠥᠭᠵᠢᠭᠰᠡᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠰᠢᠨ᠎ᠡ ᠪᠤᠭᠤᠲᠤ ᠶᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃
 
ᠢᠷᠡᠯᠲᠡ᠄ ᠥᠨᠥᠳᠥᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1