ᠳ᠋ᠦᠩ ᠾᠧ ᠲᠣᠭᠤᠷᠢᠭ᠄  ᠬᠥᠮᠥᠨ ᠠᠵᠢᠯᠴᠢ ᠬᠠᠪᠤᠷ ᠡᠷᠲᠡ ᠢᠷᠡᠵᠤ ᠪᠣᠳᠠᠲᠠᠢ ᠠᠵᠢᠯᠯᠠᠬᠤ ᠨᠢ ᠶᠠᠭ ᠴᠠᠭ ᠲᠠᠭᠠᠨ ᠲᠣᠬᠢᠷᠠᠵᠠᠢ
ᠨᠡᠶᠢᠲᠡᠯᠡᠭᠰᠡᠨ ᠴᠠᠭ᠄
2022/2/20
     ᠡᠭᠦᠷᠭᠡ ᠬᠠᠷᠢᠭᠤᠴᠠᠯᠭ᠎ᠠ ᠶᠢᠨ ᠭᠤᠣᠯᠳᠠᠯᠭ᠎ᠠ ᠨᠢ ᠬᠠᠷᠢᠭᠤᠴᠠᠯᠭ᠎ᠠ ᠡᠭᠦᠷᠭᠡᠯᠡᠬᠦ ᠳᠤ ᠪᠤᠢ᠂ ᠪᠣᠳᠠᠲᠠᠢ ᠠᠵᠢᠯᠯᠠᠪᠠᠯ ᠭᠡᠷᠡᠯ ᠰᠠᠴᠤᠷᠠᠩᠭᠤᠢ ᠠᠮᠵᠢᠯᠲᠠ ᠶᠢ ᠣᠯᠣᠨ᠎ᠠ᠃ᠪᠠᠷᠰ ᠵᠢᠯ ᠤᠨ ᠴᠠᠭᠠᠨ ᠰᠠᠷ᠎ᠠ ᠶᠢᠨ ᠡᠬᠢ ᠪᠠᠷ ᠳ᠋ᠦᠩ ᠾᠧ ᠲᠣᠭᠤᠷᠢᠭ ᠤᠨ ᠬᠢᠨ ᠭᠤᠣᠯᠳᠠᠯᠭ᠎ᠠ ᠲᠠᠢ ᠲᠥᠷᠥᠯ ᠵᠦᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠪᠦᠬᠦ ᠬᠤᠲᠠ ᠶᠢᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠳᠠᠶᠢᠴᠢᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠵᠤ ᠠᠬᠤᠢ ᠶᠢᠨ ᠬᠥᠭᠵᠢᠯᠲᠡ ᠪᠣᠯᠣᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠠᠷᠭ᠎ᠠ ᠬᠡᠮᠵᠢᠶ᠎ᠡ ᠶᠢ ᠰᠦᠪᠡᠭᠴᠢᠯᠡᠵᠦ᠂ ᠪᠦᠬᠦ ᠣᠷᠣᠨ ᠤ ᠳᠡᠭᠡᠳᠦ ᠳᠣᠣᠷᠠᠳᠤ ᠱᠠᠲᠤ ᠶᠢ ᠲᠠᠶᠢᠴᠢᠯᠠᠨ ᠪᠠᠶᠢᠳᠠᠯ ᠳᠤ ᠲᠦᠷᠭᠡᠨ ᠲᠣᠬᠢᠷᠠᠭᠤᠯᠤᠯᠲᠠ ᠬᠢᠵᠦ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠬᠤ᠂ ᠡᠭᠦᠷᠢᠳᠡ ᠬᠤᠶᠢᠷᠭᠤᠰᠢᠬᠤ ᠦᠭᠡᠢ ᠤᠶᠤᠨ ᠰᠠᠨᠠᠭᠠᠨ ᠤ ᠳᠦᠷᠰᠦ ᠪᠠᠶᠢᠳᠠᠯ ᠪᠣᠯᠣᠨ ᠵᠣᠷᠢᠭᠲᠠᠢ ᠪᠠᠷ ᠬᠢᠵᠦ ᠵᠣᠷᠢᠭᠲᠠᠢ ᠪᠠᠷ ᠠᠵᠢᠯᠯᠠᠬᠤ᠂ ᠴᠤᠴᠠᠯᠲᠠ ᠦᠭᠡᠢ ᠤᠷᠤᠭᠰᠢᠯᠠᠬᠤ ᠲᠡᠮᠡᠴᠡᠯ ᠤᠨ ᠳᠦᠷᠰᠦ ᠪᠠᠶᠢᠳᠠᠯ ᠢᠶᠠᠷ ᠰᠡᠳᠬᠢᠯ ᠰᠠᠨᠠᠭ᠎ᠠ ᠪᠣᠯᠣᠨ ᠤᠶᠤᠨ ᠴᠢᠳᠠᠯ ᠢᠶᠠᠨ ᠣᠳᠣᠬᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠳᠤ ᠵᠣᠷᠢᠭᠤᠯᠵᠤ᠂ 2022 ᠣᠨ ᠤ ᠡᠯ᠎ᠡ ᠵᠦᠢᠯ ᠤᠨ ᠠᠵᠢᠯ ᠤᠨ ᠰᠠᠶᠢᠨ ᠡᠬᠢᠯᠡᠯᠲᠡ ᠲᠠᠢ ᠪᠣᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠵᠠᠷᠯᠢᠭ ᠨᠢᠭᠡᠨᠲᠡ ᠳᠤᠤᠭᠠᠷᠪᠠ᠂ ᠳ᠋ᠦᠩ ᠾᠧ ᠲᠣᠭᠤᠷᠢᠭ ᠤᠨ ᠥᠷᠭᠡᠨ ᠤᠯᠠᠨ ᠺᠠᠳ᠋ᠷ ᠠᠵᠢᠯᠲᠠᠨ ᠵᠠᠷᠯᠢᠭ ᠢ ᠰᠣᠨᠣᠰᠤᠮᠠᠭᠴᠠ ᠬᠥᠳᠡᠯᠦᠯᠴᠡᠵᠦ᠂ ᠭᠠᠵᠠᠷ ᠣᠷᠣᠨ ᠤ ᠡᠵᠡᠩᠨᠡᠯᠲᠡ ᠶᠢᠨ ᠳᠠᠪᠠᠭᠤᠯᠢᠭ ᠢ ᠳᠡᠯᠭᠡᠨ ᠦᠵᠡᠭᠦᠯᠬᠦ ᠣᠷᠣᠯᠠᠨ ᠥᠭᠦᠯᠡᠭᠴᠢ᠂ ᠪᠡᠯᠡ ᠣᠷᠣᠭᠤᠯᠤᠭᠴᠢᠳ ᠲᠤ︽ᠲᠦᠷᠦᠯ ᠵᠦᠢᠯ ᠤᠨ ᠨᠠᠷᠢᠨ ᠪᠢᠴᠢᠭᠡᠴᠢ︾᠂︽ᠠᠮᠤᠷ ᠲᠦᠪᠰᠢᠨ ᠤ ᠬᠠᠮᠢᠶᠠᠷᠤᠭᠴᠢ︾ᠪᠣᠯᠬᠤ ᠪᠠᠷ ᠴᠢᠷᠮᠠᠶᠢᠵᠤ᠂ ᠲᠦᠷᠦᠯ ᠵᠦᠢᠯ ᠤᠨ ᠲᠦᠷᠭᠡᠨ ᠪᠦᠲᠦᠭᠡᠨ ᠪᠠᠶᠢᠭᠤᠯᠤᠯᠲᠠ᠂ ᠠᠵᠤ ᠠᠬᠤᠶᠢᠯᠠᠯ ᠤᠨ ᠡᠮᠬᠢ ᠵᠢᠷᠤᠮ ᠲᠠᠢ ᠪᠠᠷ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠠᠬᠢᠭᠤᠯᠪᠠ᠃ᠵᠢᠯ ᠤᠨ ᠠᠵᠢᠯ ᠬᠠᠪᠤᠷ ᠲᠠᠭᠠᠨ ᠪᠠᠶᠢᠳᠠᠭ᠂ ᠰᠡᠳᠬᠢᠯ ᠢᠶᠠᠨ ᠬᠤᠷᠢᠶᠠᠵᠤ ᠬᠦᠴᠦ ᠪᠠᠨ ᠬᠠᠮᠲᠤᠳᠬᠠᠨ ᠴᠢᠷᠮᠠᠶᠢᠨ ᠠᠵᠢᠯᠯᠠᠨ᠎ᠠ᠃ᠪᠤᠭᠤᠲᠤ ᠶᠢᠨ ᠬᠥᠩᠭᠡᠨ ᠴᠠᠭᠠᠨ ᠤ ᠦᠢᠯᠡᠰ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ᠂ ᠠᠵᠤ ᠠᠬᠤᠶᠢᠯᠠᠯ ᠤᠳ ᠬᠤᠶᠢᠨ᠎ᠠ ᠬᠤᠶᠢᠨ᠎ᠠ ᠠᠴᠠ ᠪᠠᠨ︽ᠲᠦᠷᠭᠡᠨ ᠳᠠᠷᠤᠪᠴᠢ︾ ᠶᠢ ᠳᠠᠷᠤᠵᠤ᠂ ᠡᠬᠢᠯᠡᠬᠦ ᠳᠡᠭᠡᠨ ᠬᠤᠷᠳᠤᠴᠠ ᠪᠠᠨ ᠲᠦᠷᠭᠡᠳᠬᠡᠵᠦ᠂ ᠡᠬᠢᠯᠡᠬᠦ ᠳᠡᠭᠡᠨ ᠲᠦᠷᠦᠭᠦᠯᠡᠬᠦ ᠪᠠᠷ ᠴᠢᠷᠮᠠᠶᠢᠬᠤ ᠣᠪᠣᠷ ᠪᠠᠶᠢᠳᠠᠯ ᠢᠶᠠᠷ᠂ ᠠᠵᠠ ᠲᠣᠬᠢᠶᠠᠯ ᠢ ᠠᠳᠬᠤᠵᠤ᠂ ᠠᠬᠢᠴᠠ ᠶᠢ ᠠᠳᠬᠤᠵᠤ᠂ ᠪᠦᠬᠦ ᠣᠷᠣᠨ ᠤ ᠠᠵᠤ ᠦᠢᠯᠡᠳᠪᠦᠷᠢ ᠶᠢᠨ ᠠᠵᠤ ᠠᠬᠤᠢ ᠳᠤ︽ᠬᠠᠪᠤᠷ ᠤᠨ ᠠᠭᠤᠷ ᠠᠮᠢᠰᠬᠤᠯ ᠪᠢᠯᠬᠠᠭᠰᠠᠨ︾ᠴᠣ᠋ ᠰᠢᠨ᠎ᠡ ᠪᠠᠶᠢᠳᠠᠯ ᠲᠠᠢ ᠪᠣᠯᠬᠤ ᠶᠢ ᠠᠬᠢᠭᠤᠯᠪᠠ᠃
ᠳᠥᠷᠪᠡ ᠶᠢ ᠨᠡᠪᠲᠡᠷᠡᠭᠦᠯᠬᠦ ᠰᠢᠨ᠎ᠡ ᠮᠠᠲ᠋ᠧᠷᠢᠶᠠᠯ ᠤᠨ ᠵᠢᠯ ᠳᠤ 5 ᠲᠦᠮᠡᠨ ᠲᠣᠨ ᠬᠥᠩᠭᠡᠨ ᠴᠠᠭᠠᠨ ᠤ ᠪᠦᠯᠦᠭ ᠤᠨ ᠬᠤᠪᠣᠷ ᠰᠢᠷᠣᠢ ᠶᠢᠨ ᠴᠢᠳᠠᠮᠵᠢ ᠶᠢᠨ ᠴᠢᠨᠠᠷᠲᠠᠢ ᠵᠠᠪᠰᠠᠷ ᠤᠨ ᠬᠠᠶᠢᠯᠤᠰᠢ ᠶᠢᠨ ᠰᠢᠨ᠎ᠡ ᠮᠠᠲ᠋ᠧᠷᠢᠶᠠᠯ ᠤᠨ ᠦᠢᠯᠡᠳᠪᠦᠷᠢ ᠶᠢᠨ ᠲᠠᠰᠤᠭ      ᠬᠦᠷᠢᠶᠡᠯᠡᠩ ᠲᠣᠭᠤᠷᠢᠭ ᠲᠤ ᠪᠠᠶᠢᠭᠤᠯᠤᠭᠰᠠᠨ ᠵᠢᠯ ᠳᠤ 5 ᠲᠦᠮᠡᠨ ᠲᠣᠨ ᠬᠥᠩᠭᠡᠨ ᠴᠠᠭᠠᠨ ᠤ ᠪᠦᠯᠦᠭ ᠤᠨ ᠬᠤᠪᠣᠷ ᠰᠢᠷᠣᠢ ᠶᠢᠨ ᠴᠢᠳᠠᠮᠵᠢ ᠶᠢᠨ ᠴᠢᠨᠠᠷᠲᠠᠢ ᠵᠠᠪᠰᠠᠷ ᠤᠨ ᠬᠠᠶᠢᠯᠤᠰᠢ ᠶᠢᠨ ᠰᠢᠨ᠎ᠡ ᠮᠠᠲ᠋ᠧᠷᠢᠶᠠᠯ ᠤᠨ ᠦᠢᠯᠡᠳᠪᠦᠷᠢ ᠶᠢᠨ ᠲᠠᠰᠤᠭ ᠢ ᠬᠠᠷᠠᠵᠤ᠂ ᠰᠧ ᠲᠦᠩ ᠰᠢᠨ᠎ᠡ ᠮᠠᠲᠧᠷᠢᠶᠠᠯ ᠤᠨ ᠺᠣᠮᠫᠠᠨᠢ ᠶᠢᠨ ᠶᠡᠷᠦᠩᠬᠡᠢ ᠳᠠᠭᠠᠭᠠᠮᠠᠯ ᠬᠤᠤ ᠯᠢ ᠷᠦᠩ ᠭᠠᠷ ᠭᠦᠢᠴᠡᠳᠬᠡᠯ ᠢ ᠭᠦᠢᠴᠡᠳᠬᠡᠭᠰᠡᠨ︽ᠳ᠋ᠦᠩ ᠾᠧ ᠶᠢᠨ ᠬᠤᠷᠳᠤᠴᠠ︾ ᠶᠢ ᠴᠢᠩ ᠰᠡᠳᠬᠢᠯ ᠠᠴᠠ ᠪᠠᠨ ᠮᠠᠭᠲᠠᠨ ᠰᠠᠶᠢᠰᠢᠶᠠᠵᠤ ᠪᠠᠶᠢᠬᠤ ᠳᠠᠭᠠᠨ᠄ ︽ᠳ᠋ᠦᠩ ᠡᡁᠸ ᠲᠣᠭᠤᠷᠢᠭ ᠤᠨ ᠺᠠᠳ᠋ᠷ ᠤᠨ ᠠᠵᠢᠯ ᠤᠨ ᠦᠷ᠎ᠡ ᠪᠦᠲᠦᠮᠵᠢ ᠮᠠᠰᠢ ᠥᠨᠳᠥᠷ ᠪᠠᠶᠢᠵᠤ᠂ ᠪᠢᠳᠡᠨ ᠳᠤ ᠭᠠᠷ ᠭᠦᠢᠴᠡᠳᠬᠡᠯ ᠬᠢᠬᠦ ᠵᠢᠴᠢ ᠲᠦᠷᠦᠯ ᠵᠦᠢᠯ ᠢ ᠠᠬᠢᠭᠤᠯᠬᠤ ᠶᠠᠪᠤᠴᠠ ᠳᠠᠬᠢ ᠠᠯᠢ ᠤᠯᠠᠨ ᠠᠰᠠᠭᠤᠳᠠᠯ ᠢ ᠰᠢᠢᠳᠪᠦᠷᠢᠯᠡᠵᠦ ᠥᠭᠴᠡᠢ᠂ 6 ᠰᠠᠷ᠎ᠠ ᠭᠠᠷᠤᠢ ᠶᠢᠨ ᠬᠤᠭᠤᠴᠠᠭᠠᠨ ᠳᠤ ᠨᠢᠭᠡ ᠣᠳᠣᠬᠢᠴᠢᠯᠠᠭᠰᠠᠨ ᠦᠢᠯᠡᠳᠪᠦᠷᠢᠯᠡᠯ ᠤᠨ ᠲᠠᠰᠤᠭ ᠢ ᠪᠦᠬᠦ ᠲᠠᠯ᠎ᠠ ᠪᠠᠷ ᠪᠠᠶᠢᠭᠤᠯᠵᠤ᠂ ᠵᠢᠱᠢᠯᠲᠡ ᠪᠠᠷ ᠡᠨᠡ ᠵᠢᠯ 10 ᠳ᠋ᠦᠩᠰᠢᠭᠤᠷ ᠭᠠᠷᠤᠢ ᠲᠥᠭᠦᠷᠢᠭ ᠤᠨ ᠵᠢᠯ ᠤᠨ ᠦᠢᠯᠡᠳᠬᠦᠨ ᠤ ᠦᠷᠳᠡᠭ ᠢ ᠪᠡᠶᠡᠯᠡᠭᠦᠯᠵᠦ᠂ 400 ᠭᠠᠷᠤᠢ ᠬᠥᠮᠥᠨ ᠤ ᠠᠵᠢᠯ ᠣᠯᠭᠤᠯᠲᠠ ᠶᠢ ᠰᠢᠢᠳᠪᠦᠷᠢᠯᠡᠵᠦ ᠥᠭᠬᠦ ᠪᠣᠯᠣᠨ᠎ᠠ︾᠃
130 ᠲᠦᠮᠡᠨ ᠲᠣᠨ ᠬᠥᠩᠭᠡᠨᠴᠠᠭᠠᠨ ᠤ ᠬᠠᠶᠢᠯᠤᠰᠢ ᠶᠢᠨ ᠦᠢᠯᠡᠳᠪᠦᠷᠢᠯᠡᠯ ᠤᠨ ᠠᠬᠤᠢ ᠲᠠᠯᠠᠪᠠᠢ      ᠪᠦᠦ ᠬᠥᠩᠭᠡᠨ ᠴᠠᠭᠠᠨ ᠤ 130 ᠲᠦᠮᠡᠨ ᠲᠣᠨ ᠬᠥᠩᠭᠡᠨ ᠴᠠᠭᠠᠨ ᠤ ᠬᠠᠶᠢᠯᠤᠰᠢ ᠦᠢᠯᠡᠳᠪᠦᠷᠢᠯᠡᠬᠦ ᠲᠤᠬᠠᠢ ᠶᠢᠨ ᠲᠠᠯᠠᠪᠠᠶ ᠳᠤ᠂ ᠪᠦᠬᠦ ᠺᠠᠳ᠋ᠷ ᠠᠵᠢᠯᠲᠠᠨ ᠠᠵᠢᠯᠴᠢᠨ ᠤ ︽ᠡᠬᠢᠯᠡᠯᠲᠡ ᠪᠣᠯ ᠰᠢᠪᠲᠤᠯᠤᠯᠲᠠ᠂ ᠡᠬᠢᠯᠡᠯᠲᠡ ᠪᠣᠯ ᠰᠢᠢᠳᠪᠦᠷᠢᠲᠦ ᠪᠠᠶᠢᠯᠳᠤᠭᠠᠨ︾ ᠭᠡᠬᠦ ᠠᠵᠢᠯ ᠤᠨ ᠣᠪᠣᠷ ᠪᠠᠶᠢᠳᠠᠯ ᠢᠶᠠᠷ᠂ ᠦᠢᠯᠡᠳᠪᠦᠷᠢᠯᠡᠯ ᠤᠨ︽ᠬᠤᠷᠳᠤᠳᠬᠠᠬᠤ ᠳᠠᠷᠤᠪᠴᠢ︾ ᠶᠢ ᠳᠠᠷᠤᠵᠤ᠂ ᠡᠯ᠎ᠡ ᠵᠦᠢᠯ ᠤᠨ ᠭᠦᠢᠴᠡᠳᠬᠡᠬᠦ ᠲᠤᠭ᠎ᠠ ᠶᠢ ᠪᠦᠬᠦ ᠲᠠᠯ᠎ᠠ ᠪᠠᠷ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠪᠤᠭᠤᠲᠤ ᠶᠢᠨ ᠬᠥᠩᠭᠡᠨ ᠴᠠᠭᠠᠨ᠂ ᠬᠤᠸᠠ ᠶᠦᠨ ᠶᠤᠸᠠᠨ ᠬᠥᠩᠭᠡᠨ ᠴᠠᠭᠠᠨ ᠤ ᠰᠢᠩᠭᠡᠨ ᠤ ᠬᠤᠪᠢᠰᠤᠮᠠᠯ ᠭᠦᠶᠦᠳᠡᠯᠲᠦ ᠴᠠᠬᠢᠯᠭᠠᠨ ᠤ ᠬᠤᠷᠣᠭᠳᠠᠯ ᠤᠨ ᠭᠠᠷᠬᠠᠨ ᠬᠠᠷᠢᠴᠠᠯ ᠢ ᠲᠤᠰ ᠲᠤᠰ 129kwh/t ᠪᠠ 138kwh/t ᠪᠠᠭᠤᠷᠠᠭᠤᠯᠵᠤ᠂ ᠦᠢᠯᠡᠳᠬᠦ ᠥᠪᠡᠷ ᠤᠨ ᠦᠷᠲᠡᠭ ᠢ ᠭᠠᠷᠬᠠᠨ ᠬᠠᠷᠢᠴᠠᠯ ᠢ ᠲᠤᠰ ᠲᠤᠰ 2539 ᠲᠥᠭᠦᠷᠢᠭ/ ᠲᠣᠨ ᠪᠠ 1069 ᠲᠥᠭᠦᠷᠢᠭ/ ᠲᠣᠨ ᠪᠣᠯᠭᠠᠨ ᠰᠠᠶᠢᠵᠢᠷᠠᠭᠤᠯᠵᠤ᠂ ᠪᠤᠭᠤᠲᠤ ᠶᠢᠨ ᠬᠥᠩᠭᠡᠨ ᠴᠠᠭᠠᠨ ᠤ ᠪᠦᠬᠦ ᠰᠢᠰᠲ᠋ᠧᠮ ᠤᠨ 1320 ᠴᠠᠬᠢᠯᠭᠠᠨ ᠵᠠᠳᠠᠯᠤᠯᠲᠠ ᠶᠢᠨ ᠣᠩᠭᠤᠴᠠ ᠶᠢ ᠳᠦᠭᠦᠷᠡᠩ ᠦᠢᠯᠡᠳᠪᠦᠷᠢᠯᠡᠵᠦ᠂ 1 ᠳ᠋ᠦᠭᠡᠷ ᠰᠠᠷ᠎ᠠ ᠳᠤ 20 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠦᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 34.7% ᠨᠡᠮᠡᠭᠳᠡᠵᠡᠢ᠃
ᠪᠤᠭᠤᠲᠤ ᠶᠢᠨ ᠱᠧᠩ ᠲᠠᠢ ᠮᠠᠰᠢᠨ ᠲᠡᠷᠭᠡᠨ ᠤ ᠰᠡᠯᠪᠢᠭ ᠲᠣᠨᠤᠭ ᠦᠶᠯᠡᠳᠬᠦ ᠬᠢᠵᠠᠭᠠᠷᠲᠤ ᠺᠣᠮᠫᠠᠨᠢ ᠶᠢᠨ ᠬᠥᠩᠭᠡᠨ ᠴᠠᠭᠠᠨ ᠤ ᠪᠤᠯᠤ ᠦᠢᠯᠡᠳᠪᠦᠷᠢᠯᠡᠬᠦ ᠦᠢᠯᠡᠳᠪᠦᠷᠢ ᠶᠢᠨ ᠲᠠᠰᠤᠭ      ᠪᠤᠭᠤᠲᠤ ᠶᠢᠨ ᠱᠧᠩ ᠲᠠᠢ ᠮᠠᠰᠢᠨ ᠲᠡᠷᠭᠡᠨ ᠤ ᠰᠡᠯᠪᠢᠭ ᠲᠤᠨᠤᠭ ᠦᠢᠯᠡᠳᠬᠦ ᠬᠢᠵᠠᠭᠠᠷᠲᠤ ᠺᠣᠮᠫᠠᠨᠢ ᠶᠢᠨ ᠬᠥᠩᠭᠡᠨ ᠴᠠᠭᠠᠨ ᠤ ᠬᠦᠷᠳᠦᠨ ᠪᠤᠯᠤ ᠦᠢᠯᠡᠳᠪᠦᠷᠢᠯᠡᠬᠦ ᠦᠢᠯᠡᠳᠪᠦᠷᠢ ᠶᠢᠨ ᠲᠠᠰᠤᠭ ᠲᠤ ᠣᠷᠣᠬᠤ ᠳᠤ᠂ ᠮᠠᠰᠢᠨ ᠬᠥᠮᠥᠨ ᠤ ᠣᠶᠤᠨᠲᠤ ᠦᠢᠯᠡᠳᠪᠦᠷᠢᠯᠡᠯ ᠤᠨ ᠱᠤᠭᠤᠮ ᠤᠳ ᠢ ᠥᠨᠳᠥᠷ ᠬᠤᠷᠳᠤᠴᠠ ᠪᠠᠷ ᠠᠵᠢᠯᠯᠠᠭᠤᠯᠵᠤ᠂ ᠴᠢᠳᠬᠤᠭᠰᠠᠨ᠂ ᠬᠠᠯᠠᠭᠠᠯᠲᠠ ᠲᠤᠭᠤᠯᠤᠭᠤᠯᠤᠭᠰᠠᠨ᠂ ᠮᠠᠰᠢᠨ ᠢᠶᠠᠷ ᠡᠳ᠋ᠰᠢᠭᠦᠯᠦᠭᠰᠡᠨ᠂ ᠲᠦᠷᠬᠢᠨ ᠤᠭᠰᠠᠷᠠᠬᠤ ᠦᠢᠯᠡᠳᠪᠦᠷᠢ ᠶᠢᠨ ᠲᠠᠰᠤᠭ ᠪᠦᠬᠦᠨ ᠢᠶᠠᠷ ᠢᠶᠠᠨ ᠠᠴᠢᠶ᠎ᠠ ᠳᠦᠭᠦᠷᠡᠩ ᠠᠵᠢᠯᠯᠠᠨ᠂ ᠲᠤᠬᠠᠢ ᠶᠢᠨ ᠲᠠᠯᠠᠪᠠᠢ ᠳᠤ ᠶᠠᠭᠠᠷᠠᠯᠲᠠᠢ ᠦᠢᠯᠡᠳᠪᠦᠷᠢᠯᠡᠯ ᠤᠨ ᠪᠠᠶᠢᠳᠠᠯ ᠢᠯᠡᠷᠡᠵᠡᠢ᠃ ︽ᠣᠳᠣᠬᠠᠨ ᠳᠤ ᠪᠢᠳᠡ ᠨᠢᠭᠡᠨᠲᠡ 540 ᠲᠦᠮᠡᠨ ᠬᠥᠩᠭᠡᠨ ᠴᠠᠭᠠᠨ ᠤ ᠬᠦᠷᠳᠦᠨ ᠪᠤᠯᠤ ᠪᠣᠯᠣᠨ 70 ᠲᠦᠮᠡᠨ ᠺᠠᠪᠠ ᠨᠡᠷᠡᠮᠵᠢᠲᠦ ᠬᠥᠯᠭᠡ ᠣᠩᠭᠤᠴᠠᠨ ᠤ ᠦᠢᠯᠡᠳᠪᠦᠷᠢᠯᠡᠬᠦ ᠴᠢᠳᠠᠪᠤᠷᠢ  ᠶᠢ ᠪᠤᠶ ᠪᠣᠯᠭᠠᠵᠤ᠂ ᠳᠤᠮᠳᠠ ᠬᠡᠰᠡᠭ ᠪᠠᠷᠠᠭᠤᠨ ᠬᠡᠰᠡᠭ ᠤᠨ ᠭᠠᠵᠠᠷ ᠣᠷᠣᠨ ᠤ ᠬᠠᠮᠤᠭ ᠤᠨ ᠲᠣᠮᠣ ᠬᠥᠩᠭᠡᠨ ᠴᠠᠭᠠᠨ ᠤ ᠬᠦᠷᠳᠦᠨ ᠪᠤᠯᠤ ᠦᠢᠯᠡᠳᠪᠦᠷᠢᠯᠡᠬᠦ ᠰᠠᠭᠤᠷᠢᠨ ᠭᠠᠵᠠᠷ ᠪᠣᠯᠤᠭᠰᠠᠨ ᠪᠠᠶᠢᠨ᠎ᠠ᠃ ᠡᠨᠡ ᠵᠢᠯ ᠪᠢᠳᠡ ᠪᠡᠯᠡ ᠣᠷᠣᠭᠤᠯᠤᠯᠲᠠ  ᠶᠢᠨ ᠡᠷᠴᠢᠮ  ᠢᠶᠠᠨ ᠴᠢᠩᠭᠠᠷᠠᠭᠤᠯᠵᠤ᠂ ᠲᠡᠷᠭᠡᠨ ᠬᠦᠷᠳᠦ  ᠶᠢ ᠥᠷᠭᠡᠳᠬᠡᠨ ᠪᠠᠶᠢᠭᠤᠯᠬᠤ᠂ ᠥᠩᠭᠡᠲᠦ ᠲᠡᠮᠦᠷᠯᠢᠭ  ᠢ ᠡᠭᠡᠭᠦᠯᠦᠨ ᠬᠤᠷᠢᠶᠠᠵᠤ ᠳᠠᠬᠢᠨ ᠠᠰᠢᠭᠯᠠᠬᠤ ᠵᠦᠢᠯᠡᠰ ᠤᠨ ᠪᠦᠲᠦᠭᠡᠨ ᠪᠠᠶᠢᠭᠤᠯᠤᠯᠲᠠ  ᠶᠢ ᠲᠦᠷᠭᠡᠪᠴᠢᠯᠡᠨ ᠠᠬᠢᠭᠤᠯᠤᠨ᠎ᠠ︾᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠠᠨᠢᠯᠴᠠᠭᠤᠯᠭ᠎ᠠ᠃
ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠬᠢᠵᠠᠭᠠᠷᠯᠠᠬᠤ      ᠭᠠᠳᠠᠨ᠎ᠠ ᠣᠷᠣᠨ ᠤ ᠠᠵᠢᠯᠲᠠᠨ ᠠᠵᠢᠯᠴᠢᠨ᠂ ᠲᠡᠷᠭᠡ ᠬᠥᠰᠬᠡ ᠶᠢ ᠵᠠᠪᠠᠯ ᠰᠢᠭᠰᠢᠨ ᠪᠠᠶᠢᠴᠠᠭᠠᠵᠤ᠂ ᠨᠣᠮᠧᠷ ᠢ ᠨᠢ ᠰᠢᠷᠪᠢᠵᠦ᠂ ᠳᠠᠩᠰᠠᠯᠠᠭᠤᠯᠬᠤ ᠬᠡᠷᠡᠭᠲᠡᠢ᠃】 【ᠪᠢᠲᠡᠭᠦᠮᠵᠢᠯᠡᠭᠰᠡᠨ ᠣᠷᠣᠨ ᠳᠤ ᠣᠷᠣᠬᠤ ᠳᠠᠭᠠᠨ ᠡᠷᠬᠡᠪᠰᠢ ᠠᠮᠠᠪᠴᠢ ᠵᠡᠭᠦᠵᠦ᠂ ᠪᠡᠶ᠎ᠡ ᠶᠢᠨ ᠳᠤᠯᠠᠭᠠᠨ ᠢᠶᠠᠨ ᠴᠠᠭ ᠲᠤᠬᠠᠢ ᠳᠤᠨᠢ ᠬᠡᠮᠵᠢᠬᠦ ᠬᠡᠷᠡᠭᠲᠡᠢ᠃】 【ᠭᠤᠣᠯᠳᠠᠯᠭ᠎ᠠ ᠲᠠᠢ ᠣᠷᠣᠨ ᠪᠦᠰᠡ ᠶᠢ ᠴᠠᠭ ᠲᠤᠬᠠᠢ ᠳᠤᠨᠢ ᠤᠰᠠᠳᠬᠠᠵᠤ᠂ ᠬᠤᠭ ᠨᠣᠪᠰᠢ ᠶᠢ ᠨᠢᠭᠲᠠ ᠪᠢᠲᠡᠭᠦᠮᠵᠢᠯᠡᠨ ᠲᠡᠭᠡᠭᠡᠪᠦᠷᠢᠯᠡᠬᠦ ᠬᠡᠷᠡᠭᠲᠡᠢ᠃】 ᠰᠤᠷᠪᠤᠯᠵᠢᠯᠠᠭᠴᠢ ᠶᠢᠨ ᠣᠯᠵᠤ ᠦᠵᠡᠭᠰᠡᠨ ᠢᠶᠠᠷ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢᠨ ᠵᠡᠷᠭᠡ ᠳᠤ᠂ ᠳ᠋ᠦᠩ ᠾᠧ ᠲᠣᠭᠤᠷᠢᠭ ᠤᠨ ᠳᠣᠷᠣᠭᠰᠢ ᠰᠠᠭᠤᠭᠰᠠᠨ ᠺᠠᠳ᠋ᠷᠴᠤᠳ ᠠᠵᠤ ᠠᠬᠤᠶᠢᠯᠠᠯ ᠢ ᠰᠢᠪᠠᠳᠠᠨ ᠪᠠᠶᠢᠩᠭᠤ ᠶᠢᠨ ᠴᠢᠨᠠᠷᠲᠠᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠵᠤ ᠪᠠᠶᠢᠨ᠎ᠠ  ᠃      ︽ᠪᠢᠳᠡ ᠬᠢᠵᠢᠭ ᠤᠨ ᠪᠠᠶᠢᠳᠠᠯ  ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ  ᠶᠢᠨ ᠬᠥᠭᠵᠢᠯᠲᠡ  ᠶᠢ ᠬᠤᠶᠠᠷ ᠲᠠᠯ᠎ᠠ ᠪᠠᠷ ᠠᠳᠬᠤᠵᠤ᠂ ᠬᠤᠶᠠᠷ ᠲᠠᠯ᠎ᠠ ᠪᠠᠷ ᠴᠢᠩᠭ᠎ᠠ ᠠᠳᠬᠤᠬᠤ  ᠶᠢ ᠪᠠᠷᠢᠮᠲᠠᠯᠠᠨ᠂ ᠠᠵᠤ ᠠᠬᠤᠶᠢᠯᠠᠯ  ᠢ ᠠᠵᠢᠯ ᠢᠶᠠᠨ ᠰᠡᠷᠭᠦᠭᠡᠬᠦ ᠴᠠᠭ ᠢᠶᠠᠨ ᠵᠣᠬᠢᠰᠲᠠᠢ ᠲᠣᠬᠢᠷᠠᠭᠤᠯᠵᠤ᠂ ᠠᠵᠢᠯᠲᠠᠨ ᠠᠵᠢᠯᠴᠢᠨ  ᠢ ᠬᠥᠲᠥᠯᠥᠨ ᠵᠢᠯᠤᠭᠤᠳᠴᠤ ᠪᠠᠶᠢᠭᠠᠳ ᠨᠤᠲᠤᠭ ᠲᠠᠭᠠᠨ ᠪᠤᠴᠠᠵᠤ ᠠᠵᠢᠯ ᠤᠨ ᠪᠠᠶᠢᠷᠢ ᠳᠠᠭᠠᠨ ᠪᠤᠴᠠᠬᠤ  ᠶᠢ ᠬᠥᠲᠥᠯᠥᠨ ᠵᠢᠯᠤᠭᠤᠳᠴᠤ᠂ ᠣᠷᠣᠨ ᠰᠠᠭᠤᠴᠠ ᠪᠠ ᠳᠤᠮᠳᠠ ᠠᠶᠤᠯ ᠲᠦᠭᠰᠢᠭᠦᠷᠢ ᠶᠡᠬᠡᠲᠡᠢ ᠭᠠᠵᠠᠷ ᠣᠷᠣᠨ ᠤ ᠲᠡᠦᠬᠡ ᠪᠠᠶᠢᠬᠤ ᠡᠰᠡᠬᠦ ᠲᠤᠬᠠᠢ ᠬᠡᠪᠢᠰ ᠤᠨ ᠬᠡᠯᠪᠡᠷᠢ ᠪᠠᠷ ᠵᠢᠭᠰᠠᠭᠠᠨ ᠪᠠᠶᠢᠴᠠᠭᠠᠵᠤ᠂ ᠡᠳᠦᠷ ᠲᠤ ᠮᠡᠳᠡᠭᠦᠯᠬᠦ᠂ ᠮᠡᠳᠡᠭᠦᠯᠬᠦ ᠦᠭᠡᠢ ᠪᠠᠶᠢᠬᠤ ᠳᠦᠷᠢᠮ  ᠢ ᠬᠡᠷᠡᠭᠵᠢᠭᠦᠯᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠠᠮᠤᠷ ᠲᠦᠪᠰᠢᠨ  ᠢ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠵᠠᠢ︾᠃ ᠭᠡᠵᠦ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠢᠯᠡᠳᠬᠡᠪᠡ᠃      ᠪᠠᠷᠰ ᠵᠢᠯ ᠤᠨ ᠳ᠋ᠦᠩ ᠾᠧ ᠶᠢᠨ ᠡᠬᠡ ᠭᠠᠵᠠᠷ ᠲᠤ᠂ ᠥᠷᠯᠥᠭᠡ ᠦᠳᠡᠰᠢ ᠶᠢ ᠲᠡᠮᠡᠴᠡᠵᠦ᠂ ᠠᠵᠢᠯ ᠶᠠᠪᠤᠳᠠᠯ ᠬᠢᠵᠦ ᠦᠢᠯᠡᠰ ᠪᠣᠰᠬᠠᠬᠤ ᠥᠳᠬᠡᠨ ᠵᠤᠵᠠᠭᠠᠨ ᠠᠭᠤᠷ ᠠᠮᠢᠰᠬᠤᠯ ᠢ ᠭᠠᠵᠠᠷ ᠪᠣᠯᠭᠠᠨ ᠳᠤ ᠣᠶᠢᠯᠠᠭᠠᠵᠤ᠂ ᠳ᠋ᠦᠩ ᠾᠧ ᠲᠣᠭᠤᠷᠢᠭ ᠤᠨ ᠬᠢᠨ ᠰᠦᠷ ᠬᠦᠴᠦᠨ ᠢ ᠪᠠᠳᠠᠷᠠᠭᠤᠯᠬᠤ᠂ ᠯᠣᠣ ᠪᠠᠷᠰ ᠢ ᠬᠥᠭᠵᠢᠭᠡᠬᠦ᠂ ᠯᠣᠣ ᠪᠠᠷᠰ ᠢ ᠳᠡᠭᠦᠯᠢᠨ ᠳᠡᠭᠦᠯᠢᠬᠦ ᠰᠦᠷ ᠵᠢᠪᠬᠤᠭ᠎ᠠ ᠲᠠᠢ ᠡᠷᠴᠢ ᠵᠣᠷᠢᠭ ᠪᠠ ᠣᠮᠤᠭ ᠵᠣᠷᠢᠭ ᠢᠶᠠᠷ ᠲᠦᠮᠡᠨ ᠭᠠᠵᠠᠷ ᠤᠨ ᠪᠠᠷᠰ ᠢ ᠵᠠᠯᠭᠢᠬᠤ ᠵᠣᠷᠢᠭ ᠰᠠᠨᠠᠭ᠎ᠠ ᠪᠠᠷ ᠡᠳᠦᠷ ᠪᠣᠯᠭᠠᠨ ᠢ ᠰᠠᠶᠢᠲᠤᠷ ᠠᠳᠬᠤᠵᠤ᠂ ᠪᠦᠬᠦ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ 2022 ᠣᠨ ᠤ ᠠᠮᠵᠢᠯᠲᠠ ᠶᠢ ᠣᠯᠬᠤ ᠳᠤ ᠰᠠᠶᠢᠨ ᠡᠬᠢᠯᠡᠯᠲᠡ ᠲᠠᠢ ᠪᠣᠯᠵᠤ ᠪᠠᠶᠢᠨ᠎ᠠ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1