ᠴᠠᠭᠠᠨ ᠰᠠᠷ᠎ᠠ ᠶᠢᠨ ᠳ᠋ᠦᠩ ᠾᠧ ᠳᠤ᠂ ᠰᠢᠨᠡᠳᠬᠡᠯ ᠰᠠᠯᠬᠢ ᠰᠠᠯᠬᠢᠯᠠᠵᠤ᠂ ᠬᠦᠢᠲᠡᠨ ᠠᠭᠤᠷ ᠠᠮᠢᠰᠬᠤᠯ ᠢᠶᠠᠷ | ᠪᠢᠯᠬᠠᠨ᠎ᠠ᠂ ᠭᠡᠪᠡᠴᠦ ᠬᠥᠩᠭᠡᠨ ᠴᠠᠭᠠᠨ ᠤ ᠦᠢᠯᠡᠰ ᠤᠨ ᠬᠦᠷᠢᠶᠡᠯᠡᠩ ᠲᠣᠭᠤᠷᠢᠭ ᠤᠨ ᠪᠤᠭᠤᠲᠤ ᠶᠢᠨ ᠱᠧᠩ ᠲᠠᠢ | ᠮᠠᠰᠢᠨ ᠲᠡᠷᠭᠡᠨ ᠤ ᠰᠡᠯᠪᠢᠭ ᠲᠤᠨᠤᠭ ᠦᠢᠯᠡᠳᠬᠦ ᠬᠢᠵᠠᠭᠠᠷᠲᠤ ᠺᠣᠮᠫᠠᠨᠢ ᠶᠢᠨ ᠬᠥᠩᠭᠡᠨ ᠴᠠᠭᠠᠨ ᠤ ᠬᠦᠷᠳᠦᠨ ᠪᠤᠯᠤ | ᠦᠢᠯᠡᠳᠪᠦᠷᠢᠯᠡᠬᠦ ᠦᠢᠯᠡᠳᠪᠦᠷᠢ ᠶᠢᠨ ᠲᠠᠰᠤᠭ ᠲᠤ᠂ ᠮᠠᠰᠢᠨ ᠬᠥᠮᠥᠨ ᠤ ᠣᠶᠤᠨᠲᠤ ᠦᠢᠯᠡᠳᠪᠦᠷᠢᠯᠡᠯ ᠤᠨ | ᠱᠤᠭᠤᠮ ᠤᠳ ᠢ ᠥᠨᠳᠥᠷ ᠬᠤᠷᠳᠤᠴᠠ ᠪᠠᠷ ᠠᠵᠢᠯᠯᠠᠭᠤᠯᠵᠤ᠂ ᠴᠢᠳᠬᠤᠭᠰᠠᠨ᠂ ᠬᠠᠯᠠᠭᠠᠯᠲᠠ ᠲᠤᠭᠤᠯᠤᠭᠤᠯᠤᠭᠰᠠᠨ᠂ | ᠮᠠᠰᠢᠨ ᠢᠶᠠᠷ ᠡᠳ᠋ᠰᠢᠭᠦᠯᠦᠭᠰᠡᠨ᠂ ᠲᠦᠷᠬᠢᠨ ᠤᠭᠰᠠᠷᠠᠬᠤ ᠦᠢᠯᠡᠳᠪᠦᠷᠢ ᠶᠢᠨ ᠲᠠᠰᠤᠭ ᠪᠦᠬᠦᠨ ᠢᠶᠠᠷ ᠢᠶᠠᠨ ᠠᠴᠢᠶ᠎ᠠ ᠪᠠᠷ | ᠳᠦᠭᠦᠷᠴᠦ᠂ ᠲᠤᠬᠠᠢ ᠶᠢᠨ ᠲᠠᠯᠠᠪᠠᠢ ᠳᠤ ᠶᠠᠭᠠᠷᠠᠯᠲᠠᠢ ᠦᠢᠯᠡᠳᠪᠦᠷᠢᠯᠡᠯ ᠤᠨ ᠪᠠᠶᠢᠳᠠᠯ ᠢᠯᠡᠷᠡᠵᠡᠢ᠃ | | | | | ᠪᠤᠭᠤᠲᠤ ᠶᠢᠨ ᠱᠧᠩ ᠲᠠᠢ ᠮᠠᠰᠢᠨ ᠲᠡᠷᠭᠡᠨ ᠤ ᠰᠡᠯᠪᠢᠭ ᠲᠣᠨᠤᠭ ᠦᠶᠯᠡᠳᠬᠦ ᠬᠢᠵᠠᠭᠠᠷᠲᠤ ᠺᠣᠮᠫᠠᠨᠢ ᠶᠢᠨ ᠬᠥᠩᠭᠡᠨ | ᠴᠠᠭᠠᠨ ᠤ ᠪᠤᠯᠤ ᠦᠢᠯᠡᠳᠪᠦᠷᠢᠯᠡᠬᠦ ᠦᠢᠯᠡᠳᠪᠦᠷᠢ ᠶᠢᠨ ᠲᠠᠰᠤᠭ | ᠴᠠᠭᠠᠨ ᠰᠠᠷ᠎ᠠ ᠶᠢᠨ ᠬᠤᠭᠤᠴᠠᠭᠠᠨ ᠳᠤ᠂ ᠦᠷ ᠤᠨ ᠭᠡᠭᠡ ᠪᠤᠶᠤ ᠰᠥᠨᠢ ᠶᠢᠨ ᠬᠠᠷᠠᠩᠭᠤᠢ ᠶᠢᠨ ᠠᠯᠢᠨ ᠳᠤᠨᠢ | ᠴᠤ ᠭᠡᠰᠡᠨ᠂ ︽ᠣᠷᠴᠢᠨ ᠲᠣᠭᠤᠷᠢᠨ ᠤ ᠠᠷᠢᠭᠤᠨ ᠴᠡᠪᠡᠷ ᠤᠨ ᠰᠢᠷ᠎ᠠ︾ ︽ᠬᠤᠲᠠ ᠶᠢᠨ ᠬᠠᠮᠢᠶᠠᠷᠤᠯᠲᠠ ᠶᠢᠨ | ᠬᠥᠬᠡ︾ ᠨᠢ ᠡᠮᠦᠨ᠎ᠡ ᠹᠷᠣᠨᠲ ᠲᠠᠬᠢ ᠠᠵᠢᠯ ᠤᠨ ᠪᠠᠶᠢᠷᠢ ᠪᠠᠨ ᠢᠮᠠᠭᠲᠠ ᠪᠠᠲᠤ ᠰᠠᠬᠢᠵᠤ᠂ ᠰᠢᠷᠭᠠᠭᠤ | ᠬᠠᠲᠠᠭᠤᠵᠢᠯᠲᠠᠢ ᠴᠢᠷᠮᠠᠶᠢᠯᠭ᠎ᠠ ᠪᠠᠷ ᠢᠶᠠᠨ ᠣᠯᠠᠨ ᠲᠦᠮᠡᠨ ᠳᠤ ᠠᠷᠢᠭᠤᠨ ᠴᠡᠪᠡᠷ᠂ ᠭᠤᠶᠣ ᠰᠠᠶᠢᠬᠠᠨ᠂ ᠡᠮᠬᠢ | ᠵᠢᠷᠤᠮ ᠲᠠᠢ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ︔ᠲᠦᠷᠭᠡᠨ ᠤ ᠵᠠᠮ ᠢᠶᠠᠷ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠳᠤ ᠴᠤ ᠲᠡᠷᠡ᠂ ᠬᠤᠳᠠᠯᠳᠤᠭᠠᠨ ᠤ ᠲᠠᠯᠠᠪᠤᠷ᠂ ᠬᠡᠳᠦ | ᠳᠡᠯᠭᠡᠭᠦᠷ ᠲᠤ ᠴᠦ ᠲᠡᠷᠡ᠂ ᠠᠵᠢᠯᠲᠠᠳ ᠳᠤᠯᠠᠭᠠᠨ ᠤ ᠬᠡᠮᠵᠢᠯᠲᠡ ᠶᠢᠨ ᠨᠣᠮᠧᠷ ᠤᠨ ᠰᠢᠷᠪᠢᠯᠲᠡ ᠶᠢ ᠰᠠᠶᠢᠲᠤᠷ ᠬᠢᠵᠦ᠂ | ᠪᠦᠬᠦ ᠣᠷᠣᠨ ᠤ ᠠᠷᠠᠳ ᠤᠯᠠᠨ ᠤ ᠠᠮᠢ ᠨᠠᠰᠤ ᠡᠷᠡᠭᠦᠯ ᠮᠡᠨᠳᠤ ᠶᠢ ᠰᠠᠬᠢᠨ ᠬᠠᠮᠠᠭᠠᠯᠠᠵᠤ ᠪᠤᠢ᠃ | | | | ᠠᠵᠢᠯᠲᠠᠳ ᠥᠨᠳᠥᠷ ᠬᠤᠷᠳᠤᠴᠠᠲᠤ ᠵᠠᠰᠠᠮᠠᠯ ᠵᠠᠮ ᠢᠶᠠᠷ ᠣᠷᠣᠭᠤᠯᠵᠤ ᠭᠠᠷᠭᠠᠬᠤ ᠳᠤᠯᠠᠭᠠᠨ ᠤ ᠬᠡᠮᠵᠢᠯᠲᠡ ᠶᠢᠨ | ᠲᠡᠮᠳᠡᠭ | ᠬᠠᠪᠤᠷ ᠤᠨ ᠠᠭᠤᠷ ᠣᠷᠣᠮᠠᠭᠴᠠ᠂ ᠳ᠋ᠦᠩ ᠾᠧ ᠲᠣᠭᠤᠷᠢᠭ ᠤᠨ ᠭᠠᠵᠠᠷ ᠪᠣᠯᠭᠠᠨ ᠳᠤ ᠠᠮᠢᠵᠢᠷᠠᠯ ᠤᠨ | ᠬᠦᠴᠦᠨ ᠢᠶᠠᠷ ᠪᠢᠯᠬᠠᠨ᠎ᠠ᠃ᠵᠠᠮ ᠬᠠᠷᠢᠯᠴᠠᠭᠠᠨ ᠤ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ᠂ | ᠬᠤᠳᠠ ᠶᠢᠨ ᠬᠠᠤᠯᠢ ᠬᠡᠷᠡᠭᠵᠢᠭᠦᠯᠦᠯᠲᠡ ᠵᠡᠷᠭᠡ ᠡᠭᠦᠷᠭᠡ ᠴᠢᠳᠠᠪᠬᠢᠲᠤ ᠰᠠᠯᠠᠭ᠎ᠠ ᠮᠥᠴᠢᠷ ᠠᠴᠠ ᠡᠯ᠎ᠡ ᠵᠡᠭᠡᠯᠢ | ᠭᠤᠳᠤᠮᠵᠢ ᠨᠡᠶᠢᠭᠡᠮ ᠲᠣᠭᠤᠷᠢᠭ ᠬᠦᠷᠲᠡᠯ᠎ᠡ᠂ ᠤᠯᠠᠨ ᠢᠶᠠᠷ ᠢᠶᠠᠨ ᠨᠢᠭᠡᠳᠦᠭᠡᠷ ᠹᠷᠣᠨᠲ ᠲᠤ ᠪᠠᠶᠢᠩᠭᠤᠵᠢᠭᠤᠯᠤᠨ | ᠠᠵᠢᠯ ᠢᠶᠠᠨ ᠥᠷᠨᠢᠭᠦᠯᠬᠦ ᠶᠢ ᠪᠠᠷᠢᠮᠲᠠᠯᠠᠵᠤ᠂ ᠬᠠᠮᠤᠭ ᠲᠡᠷᠢᠭᠦᠨ ᠳᠤ ᠠᠰᠠᠭᠤᠳᠠᠯ ᠢ ᠢᠯᠡᠷᠡᠭᠦᠯᠵᠦ᠂ ᠠᠰᠠᠭᠤᠳᠠᠯ ᠢ | ᠰᠢᠢᠳᠪᠦᠷᠢᠯᠡᠵᠦ᠂ ᠪᠠᠭ᠎ᠠ ᠰᠠᠭ᠎ᠠ ︽ᠪᠠᠭ᠎ᠠ ᠵᠠᠰᠠᠯᠲᠠ︾ ᠪᠠᠷ ᠬᠤᠳᠠ ᠶᠢᠨ ᠪᠣᠯᠪᠠᠰᠤᠨ ᠤ︽ᠶᠡᠭᠡ ᠠᠭᠤᠷ ᠠᠮᠢᠰᠬᠤᠯ︾ ᠢ | ᠨᠢᠭᠲᠠᠷᠠᠭᠤᠯᠵᠠᠢ᠃ | ᠣᠳᠣᠬᠠᠨ ᠤ ᠳ᠋ᠦᠩ ᠾᠧ ᠳᠤ ᠠᠯᠬᠤᠨ ᠣᠷᠣᠪᠠᠯ᠂ ᠭᠠᠵᠠᠷ ᠪᠣᠯᠭᠠᠨ ᠳᠤ ᠡᠶᠢᠮᠦᠷᠬᠦ ᠥᠷᠯᠥᠭᠡ ᠦᠳᠡᠰᠢ ᠶᠢ | ᠲᠡᠮᠡᠴᠡᠵᠦ᠂ ᠠᠵᠢᠯ ᠬᠢᠵᠦ ᠦᠢᠯᠡᠰ ᠪᠣᠰᠬᠠᠬᠤ ᠭᠦᠨ ᠵᠤᠵᠠᠭᠠᠨ ᠠᠭᠤᠷ ᠠᠮᠢᠰᠬᠤᠯ ᠪᠣᠯᠣᠨ ᠰᠡᠳᠬᠢᠯ ᠤᠨ ᠳᠠᠪᠠᠯᠭᠠᠨ | ᠣᠷᠭᠢᠯᠵᠤ᠂ ᠡᠳᠦᠷ ᠠᠴᠠ ᠡᠳᠦᠷ ᠰᠢᠨᠡᠳᠦᠨ ᠬᠤᠪᠢᠷᠠᠵᠤ ᠪᠠᠶᠢᠭ᠎ᠠ ᠬᠥᠭᠵᠢᠯᠲᠡ ᠶᠢᠨ ᠪᠠᠶᠢᠳᠠᠯ ᠢ ᠣᠶᠢᠯᠠᠭᠠᠵᠤ | ᠪᠣᠯᠣᠨ᠎ᠠ᠃ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠪᠥᠬᠦ ᠣᠷᠣᠨ ᠤ 103 ᠭᠤᠣᠯᠳᠠᠯᠭ᠎ᠠ ᠲᠠᠢ ᠲᠥᠷᠥᠯ | ᠵᠦᠢᠯ ᠤᠨ ᠳᠣᠲᠣᠷ᠎ᠠ᠂ ᠲᠥᠷᠥᠯ ᠵᠦᠢᠯ ᠲᠣᠭᠲᠠᠭᠠᠬᠤ᠂ ᠲᠥᠯᠥᠪᠵᠢᠭᠦᠯᠬᠦ᠂ ᠤᠯᠤᠰ ᠤᠨ ᠭᠠᠵᠠᠷ ᠰᠢᠷᠣᠢ᠂ | ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ ᠦᠨᠡᠯᠡᠯᠲᠡ ᠵᠡᠷᠭᠡ ᠳᠥᠷᠪᠡᠨ ᠵᠦᠢᠯ ᠤᠨ ᠭᠠᠷᠳᠠᠮ ᠢ ᠪᠦᠬᠦᠨ ᠢ | ᠭᠦᠢᠴᠡᠳᠬᠡᠵᠦ ᠳᠠᠭᠤᠰᠬᠠᠭᠰᠠᠨ ᠲᠥᠷᠥᠯ ᠵᠦᠢᠯ 89 ᠪᠠᠶᠢᠵᠤ᠂ ᠭᠦᠢᠴᠡᠳᠬᠡᠵᠦ ᠳᠠᠭᠤᠰᠬᠠᠭᠰᠠᠨ ᠨᠣᠷᠮ᠎ᠠ ᠨᠢ 86. | 41% ᠪᠠᠶᠢᠵᠤ᠂ ᠣᠳᠣᠬᠠᠨ ᠳᠤ ᠪᠥᠬᠦ ᠬᠤᠲᠠ ᠳᠤ ᠨᠢᠭᠡᠳᠦᠭᠡᠷ ᠲᠤ ᠵᠢᠭᠰᠠᠭᠠᠭᠳᠠᠵᠤ ᠪᠠᠶᠢᠨ᠎ᠠ᠃ᠡᠳᠡᠭᠡᠷ | ᠬᠤᠪᠢᠷᠠᠯᠲᠠ ᠶᠢᠨ ᠠᠷᠤ ᠳᠤ ᠪᠦᠬᠦ ᠣᠷᠣᠨ ᠢᠶᠠᠷ ᠢᠶᠠᠨ ᠳᠠᠷᠤᠯᠲᠠ ᠥᠭᠴᠦ ᠡᠷᠡᠯᠬᠡᠭᠯᠡᠨ ᠤᠷᠤᠭᠰᠢᠯᠠᠬᠤ᠂ ᠳᠠᠪᠠᠵᠤ | ᠭᠠᠷᠬᠤ ᠶᠢ ᠬᠥᠭᠡᠭᠡᠵᠦ ᠭᠦᠢᠴᠡᠬᠦ ᠴᠥᠬᠦᠷᠡᠰᠢ ᠦᠭᠡᠢ ᠴᠢᠷᠮᠠᠶᠢᠯᠭ᠎ᠠ᠂ ᠴᠠᠭ ᠢ ᠠᠮᠵᠢᠵᠤ᠂ ᠲᠡᠷᠢᠭᠦᠨ ᠤ ᠬᠢ ᠶᠢ | ᠲᠡᠮᠡᠴᠡᠨ ᠣᠯᠬᠤ ᠳ᠋ᠦᠩ ᠾᠧ ᠶᠢᠨ ᠰᠢᠨ᠎ᠡ ᠠᠭᠤᠷ ᠠᠮᠢᠰᠬᠤᠯ ᠪᠤᠢ᠃ | | | | | ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠪᠠᠶᠢᠩᠭᠤᠵᠢᠭᠤᠯᠬᠤ | 2022 ᠣᠨ ᠤ ᠴᠠᠭᠠᠨ ᠰᠠᠷ᠎ᠠ ᠶᠢᠨ ᠳᠠᠷᠠᠭᠠᠬᠢ ᠠᠵᠢᠯ ᠳᠤ ᠭᠠᠷᠤᠭᠰᠠᠨ ᠠᠩᠬᠠᠨ ᠤ ᠡᠳᠦᠷ᠂ ᠳ᠋ᠦᠩ ᠾᠧ | ᠲᠣᠭᠤᠷᠢᠭ ᠤᠨ ᠬᠢᠨ ᠭᠤᠣᠯᠳᠠᠯᠭ᠎ᠠ ᠲᠠᠢ ᠲᠥᠷᠥᠯ ᠵᠦᠢᠯ ᠢ ᠠᠬᠢᠭᠤᠯᠬᠤ ᠬᠤᠷᠠᠯ ᠬᠢᠵᠦ᠂ ᠥᠪᠡᠷᠲᠡᠭᠡᠨ ᠵᠠᠰᠠᠬᠤ | ᠣᠷᠣᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ ᠪᠣᠯᠣᠨ ᠪᠤᠭᠤᠲᠤ ᠬᠤᠳᠠ ᠶᠢᠨ | ᠡᠭᠦᠷᠭᠡᠯᠡᠨ ᠠᠵᠢᠯᠯᠠᠵᠤ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠬᠤ ᠳᠠᠶᠢᠴᠢᠯᠠᠯᠲᠠ ᠶᠢᠨ ᠶᠡᠭᠡ ᠬᠤᠷᠠᠯ ᠤᠨ | ᠵᠣᠷᠢᠭ ᠰᠠᠨᠠᠭ᠎ᠠ ᠶᠢ ᠲᠡᠷᠡ ᠳᠠᠷᠤᠢ ᠳᠤᠨᠢ ᠰᠤᠷᠤᠯᠴᠠᠨ ᠲᠤᠤᠱᠯᠠᠭᠤᠯᠵᠤ᠂ ᠪᠦᠬᠦ ᠣᠷᠣᠨ ᠢᠶᠠᠷ ᠢᠶᠠᠨ ᠪᠠᠷᠰ ᠤᠨ | ᠬᠦᠴᠦᠨ ᠢ ᠭᠦᠢᠴᠡᠳ ᠪᠠᠳᠠᠷᠠᠭᠤᠯᠵᠤ᠂ ᠵᠣᠷᠢᠭᠲᠠᠢ ᠪᠠᠷ ᠤᠷᠤᠭᠰᠢᠯᠠᠨ ᠲᠠᠪᠰᠢᠬᠤ᠂ ᠡᠭᠦᠷᠢᠳᠡ ᠬᠤᠶᠢᠷᠭᠤᠰᠢᠬᠤ ᠦᠭᠡᠢ | ᠵᠣᠷᠢᠭ ᠰᠠᠨᠠᠭᠠᠨ ᠤ ᠳᠦᠷᠰᠦ ᠪᠠᠶᠢᠳᠠᠯ ᠪᠣᠯᠣᠨ ᠵᠣᠷᠢᠭᠲᠠᠢ ᠪᠠᠷ ᠬᠢᠵᠦ ᠵᠣᠷᠢᠭᠲᠠᠢ ᠪᠠᠷ ᠠᠵᠢᠯᠯᠠᠬᠤ᠂ ᠴᠤᠴᠠᠯᠲᠠ | ᠦᠭᠡᠢ ᠤᠷᠤᠭᠰᠢᠯᠠᠬᠤ ᠲᠡᠮᠡᠴᠡᠯ ᠤᠨ ᠳᠦᠷᠰᠦ ᠪᠠᠶᠢᠳᠠᠯ ᠢᠶᠠᠷ ᠨᠢᠭᠡ ᠡᠳᠦᠷ ᠴᠦ ᠰᠠᠭᠠᠲᠠᠭᠠᠬᠤ ᠦᠭᠡᠢ᠂ ᠨᠢᠭᠡ ᠡᠳᠦᠷ | ᠴᠦ ᠰᠤᠯᠠᠷᠠᠬᠤ ᠦᠭᠡᠢ ᠪᠠᠶᠢᠵᠤ᠂ ᠡᠬᠢᠯᠡᠵᠦ ᠭᠦᠶᠦᠬᠦ ᠳᠤ ᠰᠢᠪᠲᠤᠯᠤᠯᠲᠠ ᠬᠢᠵᠦ᠂ ᠡᠬᠢᠯᠡᠯᠲᠡ ᠳᠤ ᠰᠢᠢᠳᠪᠦᠷᠢᠲᠦ | ᠳᠠᠶᠢᠯᠠᠯᠳᠤᠭᠠᠨ ᠬᠢᠵᠦ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠪᠠᠷ ᠢᠶᠠᠨ ᠪᠦᠬᠦ ᠣᠷᠣᠨ ᠤ ᠡᠯ᠎ᠡ | ᠵᠦᠢᠯ ᠤᠨ ᠦᠢᠯᠡᠰ ᠤᠨ ᠬᠥᠭᠵᠢᠯᠲᠡ ᠶᠢᠨ ᠰᠢᠨ᠎ᠡ ᠭᠡᠷᠡᠯ ᠰᠠᠴᠤᠷᠠᠩᠭᠤᠢ ᠠᠮᠵᠢᠯᠲᠠ ᠶᠢ ᠡᠭᠦᠳᠬᠦ ᠬᠡᠷᠡᠭᠲᠡᠢ ᠭᠡᠵᠦ | ᠤᠷᠢᠶᠠᠯᠠᠪᠠ᠃ | ᠨᠢᠭᠡᠨ ᠳᠣᠬᠢᠶ᠎ᠠ ᠠᠶᠤᠩᠭ᠎ᠠ ᠨᠢᠵᠢᠭᠢᠨᠡᠵᠦ᠂ ᠮᠢᠩᠭᠠᠨ ᠳᠠᠷᠪᠠᠭᠤᠯ ᠰᠢᠨ᠎ᠡ ᠠᠶᠠᠯᠠᠯ ᠢᠶᠠᠨ ᠡᠬᠢᠯᠡᠭᠦᠯᠦᠯ᠎ᠡ᠃ᠪᠥᠬᠦ | ᠣᠷᠣᠨ ᠤ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠬᠢᠨ ︽ᠠᠵᠢᠯᠯᠠᠪᠠᠯ ᠲᠡᠷᠢᠭᠦᠨ ᠳᠤ ᠣᠷᠣᠬᠤ᠂ ᠠᠵᠢᠯᠯᠠᠪᠠᠯ | ᠲᠡᠷᠢᠭᠦᠨ ᠳᠤ ᠣᠷᠣᠬᠤ᠂ ᠲᠡᠮᠡᠴᠡᠪᠡᠯ ᠲᠡᠷᠢᠭᠦᠨ ᠳᠤ ᠣᠷᠣᠬᠤ ᠪᠠᠷ ᠲᠡᠮᠡᠴᠡᠬᠦ︾ ᠲᠡᠮᠡᠴᠡᠯ ᠤᠨ ᠵᠣᠷᠢᠭ ᠢ ᠦᠳᠲᠡᠷ | ᠲᠦᠷᠭᠡᠨ ᠬᠥᠭᠵᠢᠭᠡᠵᠦ᠂ ᠡᠷᠡᠯᠬᠡᠭᠯᠡᠨ ᠪᠣᠰᠴᠤ ᠬᠥᠭᠡᠭᠡᠵᠦ ᠭᠦᠢᠴᠡᠨ ᠳᠠᠪᠠᠵᠤ᠂ ᠡᠷᠡᠯᠬᠡᠭᠯᠡᠨ ᠳᠠᠪᠠᠵᠤ᠂ ᠳ᠋ᠦᠩ ᠾᠧ | ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠲᠦᠯᠬᠢᠨ | ᠠᠬᠢᠭᠤᠯᠵᠤ ᠪᠠᠶᠢᠨ᠎ᠠ᠃ | | | | ᠨᠠᠨ ᠭᠧ ᠳ᠋ᠦᠩ ᠵᠡᠭᠡᠯᠢ ᠭᠤᠳᠤᠮᠵᠢ ᠬᠤᠲᠠ ᠶᠢᠨ ᠰᠢᠨᠡᠴᠢᠯᠡᠯᠲᠡ ᠶᠢᠨ ᠲᠥᠷᠥᠯ ᠵᠦᠢᠯ ᠤᠨ ᠲᠤᠬᠠᠢ ᠰᠠᠨᠠᠯ | ᠬᠤᠷᠢᠶᠠᠬᠤ ᠶᠠᠷᠢᠯᠴᠠᠬᠤ ᠬᠤᠷᠠᠯ ᠬᠤᠷᠠᠯᠳᠤᠭᠤᠯᠪᠠ | ᠰᠢᠨ᠎ᠡ ᠵᠢᠯ ᠰᠢᠨ᠎ᠡ ᠠᠭᠤᠷ ᠠᠮᠢᠰᠬᠤᠯ᠂ ᠪᠣᠳᠠᠲᠠᠢ ᠠᠵᠢᠯᠯᠠᠬᠤ ᠴᠠᠭ ᠦᠶ᠎ᠡ ᠳᠤ᠂ ᠳ᠋ᠦᠩ ᠾᠧ ᠲᠣᠭᠤᠷᠢᠭ ᠤᠨ | ᠭᠠᠵᠠᠷ ᠪᠣᠯᠭᠠᠨ ᠳᠤ︽ᠬᠠᠷᠢᠭᠤᠴᠠᠯᠭ᠎ᠠ ᠡᠭᠦᠷᠭᠡᠯᠡᠨ ᠠᠵᠢᠯ ᠬᠢᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ︾ | ᠬᠠᠪᠤᠷ ᠤᠨ ᠤᠷᠤᠰᠬᠠᠯ ᠪᠢᠯᠬᠠᠨ᠎ᠠ᠃ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ᠂ ᠬᠠᠤᠯᠢ ᠬᠡᠷᠡᠭᠵᠢᠭᠦᠯᠬᠦ ᠲᠣᠪᠴᠢᠶ᠎ᠠ ᠬᠤᠲᠠ ᠶᠢᠨ ᠰᠢᠨᠡᠴᠢᠯᠡᠯᠲᠡ ᠶᠢᠨ ᠲᠥᠷᠥ ᠶᠢᠨ | ᠪᠣᠳᠣᠯᠭ᠎ᠠ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠬᠠᠮᠤᠭ ᠤᠨ ᠲᠡᠷᠢᠭᠦᠨ ᠳᠤ ᠰᠤᠳᠤᠯᠤᠨ ᠶᠠᠷᠢᠯᠴᠠᠬᠤ | ᠬᠤᠷᠠᠯ ᠬᠤᠷᠠᠯᠳᠤᠭᠤᠯᠵᠤ ᠬᠤᠲᠠ ᠶᠢᠨ ᠰᠢᠨᠡᠴᠢᠯᠡᠯᠲᠡ ᠶᠢᠨ ᠠᠵᠢᠯ ᠤᠨ ᠲᠤᠰᠬᠠᠢ ᠳᠤᠭᠤᠶᠢᠯᠠᠩ ᠢ ᠵᠣᠬᠢᠶᠠᠨ | ᠪᠠᠶᠢᠭᠤᠯᠵᠤ᠂ ᠠᠵᠢᠯ ᠢ ᠲᠥᠷᠥᠯ ᠵᠦᠢᠯ ᠪᠣᠯᠭᠠᠬᠤ᠂ ᠲᠣᠳᠣᠷᠬᠠᠢ ᠬᠠᠭᠤᠳᠠᠰᠤᠵᠢᠭᠤᠯᠬᠤ᠂ | ᠬᠠᠷᠢᠭᠤᠴᠠᠯᠭᠠᠵᠢᠭᠤᠯᠬᠤ ᠶᠢ ᠪᠠᠷᠢᠮᠲᠠᠯᠠᠨ᠂ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠬᠦ᠂ ᠠᠳᠠᠯ ᠠᠬᠤᠢ ᠶᠢ | ᠵᠠᠰᠠᠬᠤ ᠵᠡᠷᠭᠡ ᠬᠤᠲᠠ ᠶᠢᠨ ᠰᠢᠨᠡᠴᠢᠯᠡᠯᠲᠡ ᠶᠢᠨ ᠲᠥᠷᠥᠯ ᠵᠦᠢᠯ ᠢ ᠲᠠᠰᠤᠷᠠᠯᠲᠠ ᠦᠭᠡᠢ ᠠᠬᠢᠭᠤᠯᠵᠤ᠂ ᠬᠥᠮᠥᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠢ ᠪᠥᠬᠦ ᠲᠠᠯ᠎ᠠ ᠪᠠᠷ ᠰᠠᠶᠢᠵᠢᠷᠠᠭᠤᠯᠤᠨ᠂ ᠬᠤᠲᠠ ᠶᠢᠨ ᠴᠢᠨᠠᠷ | ᠴᠢᠨᠰᠠᠭ᠎ᠠ ᠶᠢᠨ ᠴᠢᠳᠠᠮᠵᠢ ᠶᠢ ᠳᠡᠭᠡᠭᠰᠢᠯᠡᠭᠦᠯᠦᠨ᠎ᠡ︔ᠰᠢ ᠨᠣᠣ ᠪᠦᠦ᠂ ᠲᠢᠶᠧ ᠰᠢ᠂ ᠨᠠᠨ ᠭᠧ ᠳ᠋ᠦᠩ᠂ ᠳ᠋ᠦᠩ ᠵᠠᠨ᠂ | ᠾᠧ ᠫᠢᠩ ᠵᠠᠮ ᠤᠨ ᠵᠡᠭᠡᠯᠢ ᠭᠤᠳᠤᠮᠵᠢ ᠬᠤᠶᠢᠨ᠎ᠠ ᠬᠤᠶᠢᠨ᠎ᠠ ᠠᠴᠠ ᠪᠠᠨ ᠠᠵᠢᠯᠯᠠᠭ᠎ᠠ ᠥᠷᠨᠢᠭᠦᠯᠵᠦ᠂ ᠭᠠᠵᠠᠷ | ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠤᠳᠠ ᠶᠢᠨ ᠰᠢᠨᠡᠳᠬᠡᠯ ᠤᠨ ᠵᠦᠢᠯᠡᠰ ᠤᠨ ᠲᠤᠬᠠᠢ ᠰᠠᠨᠠᠯ | ᠬᠤᠷᠢᠶᠠᠬᠤ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠬᠤᠳᠠ ᠶᠢᠨ ᠰᠢᠨᠡᠳᠬᠡᠯ ᠤᠨ ᠵᠦᠢᠯᠡᠰ ᠤᠨ ᠲᠤᠬᠠᠢ ᠬᠠᠷᠢᠶ᠎ᠠ | ᠲᠣᠭᠤᠷᠢᠭ ᠤᠨ ᠰᠠᠭᠤᠭᠠᠯᠢ ᠠᠷᠠᠳ ᠤᠨ ᠰᠠᠨᠠᠯ ᠰᠠᠨᠠᠭᠤᠯᠭ᠎ᠠ ᠶᠢ ᠬᠢᠨᠠᠮᠠᠭᠠᠢ ᠰᠣᠨᠣᠰᠴᠤ᠂ ᠬᠡᠰᠡᠭ ᠲᠣᠭᠤᠷᠢᠭ ᠤᠨ | ᠥᠭᠡᠷᠡᠴᠢᠯᠡᠯᠲᠡ ᠶᠢᠨ ᠵᠦᠢᠯᠡᠰ ᠢ ᠵᠦᠢ ᠵᠣᠬᠢᠰᠲᠠᠢ ᠲᠥᠯᠥᠪᠵᠢᠭᠦᠯᠦᠨ᠂ ᠬᠠᠭᠤᠴᠢᠨ ᠬᠠᠭᠤᠴᠢᠨ ᠵᠢᠵᠢᠭ ᠲᠣᠭᠤᠷᠢᠭ ᠢ | ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠵᠤ᠂ ᠬᠠᠷᠢᠶ᠎ᠠ ᠲᠣᠭᠤᠷᠢᠭ ᠤᠨ ᠬᠥᠭᠵᠢᠯᠲᠡ ᠶᠢ ᠨᠡᠩ ᠴᠢᠨᠠᠷ | ᠴᠢᠨᠰᠠᠭ᠎ᠠ ᠲᠠᠢ ᠪᠣᠯᠭᠠᠵᠤ᠂ ᠰᠠᠭᠤᠭᠠᠯᠢ ᠠᠷᠠᠳ ᠲᠤ ᠨᠡᠩ ᠤᠯᠠᠨ ᠦᠨᠡᠨ ᠪᠣᠳᠠᠲᠠᠢ ᠵᠣᠯ ᠵᠢᠷᠭᠠᠯ ᠤᠨ ᠰᠡᠳᠬᠢᠭᠳᠡᠯ | ᠣᠯᠭᠤᠨ᠎ᠠ᠃ | ᠴᠠᠭᠠᠨ ᠰᠠᠷ᠎ᠠ ᠶᠢᠨ ᠠᠭᠤᠷ ᠠᠮᠢᠰᠬᠤᠯ ᠪᠠᠰᠠ ᠥᠩᠭᠡᠷᠡᠭᠡ ᠦᠭᠡᠢ᠂ ᠮᠠᠨ ᠤ ᠣᠷᠣᠨ ᠤ ᠠᠵᠤ | ᠦᠢᠯᠡᠳᠪᠦᠷᠢ ᠶᠢᠨ ᠠᠵᠤ ᠠᠬᠤᠶᠢᠯᠠᠯ ᠳᠤ ᠰᠢᠨ᠎ᠡ ᠨᠢᠭᠡ ᠵᠢᠯ ᠤᠨ ᠦᠢᠯᠡᠳᠪᠦᠷᠢᠯᠡᠯ ᠤᠨ ᠬᠠᠯᠠᠭᠤᠨ ᠥᠷᠨᠢᠯᠲᠡ ᠮᠠᠰᠢ | ᠲᠦᠷᠭᠡᠨ ᠢᠶᠠᠷ ᠪᠤᠢ ᠪᠣᠯᠪᠠ᠃ᠪᠤᠭᠤᠲᠤ ᠶᠢᠨ ᠬᠥᠩᠭᠡᠨᠴᠠᠭᠠᠨ ᠤ 130 ᠲᠦᠮᠡᠨ ᠲᠣᠨ ᠬᠥᠩᠭᠡᠨᠴᠠᠭᠠᠨ ᠤ | ᠬᠠᠶᠢᠯᠤᠰᠢ ᠶᠢᠨ ᠦᠢᠯᠡᠳᠪᠦᠷᠢᠯᠡᠯ ᠤᠨ ᠲᠤᠬᠠᠢ ᠶᠢᠨ ᠲᠠᠯᠠᠪᠠᠢ ᠳᠤ᠂ ᠪᠦᠬᠦ ᠺᠠᠳ᠋ᠷ ᠠᠵᠢᠯᠲᠠᠨ ᠠᠵᠢᠯᠴᠢᠨ ᠪᠦᠬᠦ | ᠬᠦᠴᠦᠨ ᠢᠶᠠᠨ ᠰᠢᠪᠬᠠᠵᠤ᠂ ᠦᠢᠯᠡᠳᠪᠦᠷᠢᠯᠡᠯ ᠢᠶᠠᠨ ᠱᠠᠯᠠᠪᠳᠠᠭᠤᠯᠵᠤ᠂ ᠨᠢᠭᠡᠳᠦᠭᠡᠷ ᠰᠠᠷ᠎ᠠ ᠳᠤ 20 ᠳ᠋ᠦᠩᠰᠢᠭᠤᠷ | ᠲᠥᠭᠦᠷᠢᠭ ᠤᠨ ᠦᠢᠯᠡᠳᠬᠦᠨ ᠤ ᠦᠷᠳᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 34.7% ᠢᠶᠠᠷ | ᠨᠡᠮᠡᠭᠳᠡᠵᠡᠢ᠃ | ᠴᠠᠭ ᠤᠨ ᠳᠠᠷᠠᠭᠠᠯᠠᠯ ᠡᠭᠡᠯᠵᠢᠯᠡᠵᠦ᠂ ᠬᠦᠰᠡᠯ ᠵᠡᠭᠦᠳᠦ ᠶᠢ ᠲᠡᠷᠭᠡᠯᠰᠢᠭᠦᠯᠦᠨ ᠤᠷᠤᠭᠰᠢᠯᠠᠨ᠎ᠠ᠃ᠳ᠋ᠦᠩ ᠡᡁᠸ | ᠲᠣᠭᠤᠷᠢᠭ ᠤᠨ ᠬᠢᠨ ᠤᠷᠳᠤ ᠬᠤᠭᠤᠴᠠᠭ᠎ᠠ ᠪᠠᠷ ᠴᠢᠷᠮᠠᠶᠢᠬᠤ ᠡᠷᠴᠢ ᠵᠣᠷᠢᠭ ᠪᠣᠯᠣᠨ ᠥᠷᠯᠥᠭᠡ ᠦᠳᠡᠰᠢ ᠶᠢ | ᠲᠡᠮᠡᠴᠡᠬᠦ ᠡᠷᠴᠢ ᠵᠣᠷᠢᠭ ᠢᠶᠠᠨ ᠪᠠᠷᠢᠮᠲᠠᠯᠠᠵᠤ᠂ ︽ᠤᠷᠢᠳᠠᠪᠠᠷ ᠰᠢᠲᠠᠷ᠎ᠠ ᠲᠠᠯᠪᠢᠬᠤ︾ ᠶᠢ ᠰᠠᠶᠢᠲᠤᠷ ᠬᠢᠵᠦ᠂ | ︽ᠰᠠᠨᠠᠭᠠᠴᠢᠯᠠᠭᠠᠲᠤ ᠳᠠᠶᠢᠯᠠᠯᠳᠤᠭᠠᠨ︾︾ ᠢ ᠰᠠᠶᠢᠲᠤᠷ ᠬᠢᠵᠦ᠂ ᠨᠢᠭᠡ ᠨᠢᠭᠡ ᠠᠯᠬᠤᠮ ᠢᠶᠠᠷ ᠦᠷᠭᠦᠯᠵᠢᠯᠡᠨ ᠬᠢᠵᠦ᠂ ᠨᠢᠭᠡ | ᠨᠢᠭᠡ ᠡᠳᠦᠷ ᠢᠶᠠᠷ ᠦᠷᠭᠦᠯᠵᠢᠯᠡᠨ ᠠᠵᠢᠯᠯᠠᠵᠤ᠂ ᠰᠠᠭᠤᠵᠤ ᠳᠡᠶᠢᠯᠬᠦ ᠦᠭᠡᠢ ᠪᠠᠴᠢᠮ ᠲᠤᠯᠭᠠᠮ᠎ᠠ ᠰᠡᠳᠬᠢᠯᠭᠡ᠂ ᠤᠳᠠᠭᠠᠨ | ᠪᠠᠶᠢᠵᠤ ᠳᠡᠶᠢᠯᠬᠦ ᠦᠭᠡᠢ ᠲᠦᠭᠰᠢᠭᠦᠷᠢᠲᠦ ᠰᠡᠳᠬᠢᠯᠭᠡ᠂ ᠬᠦᠯᠢᠶᠡᠵᠦ ᠳᠡᠶᠢᠯᠬᠦ ᠦᠭᠡᠢ ᠬᠠᠷᠢᠭᠤᠴᠠᠯᠭᠠᠲᠤ | ᠰᠡᠳᠬᠢᠯᠭᠡ ᠪᠠᠷ ᠰᠢᠷᠭᠠᠭᠤ ᠬᠠᠲᠠᠭᠤᠵᠢᠯᠲᠠᠢ ᠪᠠᠷ ᠪᠣᠳᠠᠲᠠᠢ ᠠᠵᠢᠯ ᠬᠢᠵᠦ᠂ ᠪᠦᠬᠦ ᠬᠦᠴᠦᠨ ᠢᠶᠠᠷ ᠢᠶᠠᠨ ᠪᠠᠷᠰ ᠵᠢᠯ ᠤᠨ | ᠤᠷᠤᠯᠳᠤᠭᠠᠨ ᠢ ᠲᠦᠷᠭᠡᠳᠬᠡᠬᠦ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | | | |