ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ  ᠢ ᠰᠢᠯᠢᠳᠡᠭᠵᠢᠭᠦᠯᠬᠦ ᠠᠵᠢᠯ ᠶᠠᠪᠤᠭᠳᠠᠵᠤ ᠪᠠᠶᠢᠭ᠎ᠠ ᠦᠶ᠎ᠡ ᠳᠤ ︽ᠬᠤᠳᠠᠯᠳᠤᠭᠠᠴᠢᠨ ᠤᠷᠢᠵᠤ ᠪᠡᠯᠡ ᠲᠠᠲᠠᠬᠤ︾ ᠠᠵᠢᠯ ᠲᠦᠷᠭᠡᠨ  ᠢᠶᠠᠷ ᠶᠠᠪᠤᠭᠳᠠᠵᠤ ᠪᠠᠶᠢᠨ᠎ᠠ ︽ᠳ᠋ᠦᠩ ᠾᠧ ᠭᠤᠣᠯ ᠤᠨ ︽ᠰᠠᠶᠢᠨ ᠡᠬᠢᠯᠡᠯᠲᠡ ᠲᠠᠢ︾ ᠪᠣᠯᠬᠤ ᠪᠠᠷ ᠬᠦᠴᠦᠯᠡᠨ ᠴᠢᠷᠮᠠᠶᠢᠨ᠎ᠠ
ᠨᠡᠶᠢᠲᠡᠯᠡᠭᠰᠡᠨ ᠴᠠᠭ᠄
2022/2/21
     ︽ᠳ᠋ᠦᠩ ᠡᡁᠸ ᠲᠣᠭᠤᠷᠢᠭ ᠤᠨ ᠲᠡᠦᠬᠡ ᠶᠢᠨ ᠬᠤᠷᠠᠮᠳᠤᠯ ᠵᠤᠵᠠᠭᠠᠨ᠂ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠢ᠂ ᠠᠮᠢ ᠠᠬᠤᠢ ᠶᠢᠨ ᠣᠷᠴᠢᠨ ᠲᠣᠭᠤᠷᠢᠨ ᠰᠢᠯᠢᠳᠡᠭ ᠰᠠᠶᠢᠨ᠂ ᠪᠡᠯᠡ ᠣᠷᠣᠭᠤᠯᠤᠯᠲᠠ ᠶᠢᠨ ᠣᠷᠣᠨ ᠵᠠᠢ ᠥᠷᠭᠡᠨ ᠠᠭᠤᠳᠠᠮ ᠪᠠᠶᠢᠨ᠎ᠠ᠂ ᠭᠤᠸᠠᠩᠳᠦ᠋ᠩ ᠤᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠤᠳᠠᠯᠳᠤᠭᠠᠨ ᠤ ᠡᠪᠯᠡᠯ ᠪᠣᠯᠣᠨ ᠡᠯ᠎ᠡ ᠠᠵᠤ ᠠᠬᠤᠶᠢᠯᠠᠯᠲᠠᠳ ᠳ᠋ᠦᠩ ᠡᡁᠸ ᠲᠣᠭᠤᠷᠢᠭ ᠯᠤᠭ᠎ᠠ ᠭᠦᠨᠵᠡᠭᠡᠢ ᠵᠣᠯᠭᠠᠭᠤᠯᠬᠤ ᠬᠠᠮᠲᠤᠷᠠᠯᠴᠠᠭ᠎ᠠ ᠥᠷᠨᠢᠭᠦᠯᠬᠦ ᠶᠢ ᠬᠦᠰᠡᠵᠦ ᠪᠠᠶᠢᠨ᠎ᠠ᠂ ᠪᠢᠳᠠ ᠡᠯ᠎ᠡ ᠵᠦᠢᠯ ᠤᠨ ᠦᠢᠯᠡᠴᠢᠯᠡᠭᠡ ᠪᠠᠲᠤᠯᠠᠪᠤᠷᠢ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠯᠠᠨ ᠲᠠᠢ ᠬᠠᠮᠲᠤᠪᠠᠷ ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠨ᠎ᠠ︾᠃ 2 ᠰᠠᠷ᠎ᠠ ᠶᠢᠨ 15  ᠤ ᠡᠳᠦᠷ᠂ ᠳ᠋ᠦᠩ ᠡᡁᠸ ᠲᠣᠭᠤᠷᠢᠭ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠳᠤ︽ᠰᠢᠨ᠎ᠡ ᠬᠠᠭᠤᠳᠠᠰᠤ︾ᠲᠣᠬᠢᠷᠠᠯᠴᠠᠵᠤ᠂ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠶᠠᠩ ᠡᠯ ᠰᠢ ᠶᠢᠨ ᠬᠠᠯᠠᠭᠤᠨ ᠲᠠᠨᠢᠯᠴᠠᠭᠤᠯᠭ᠎ᠠ ᠪᠠᠷ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠭᠤᠸᠠᠩᠳᠦ᠋ᠩ ᠤᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠤᠳᠠᠯᠳᠤᠭᠠᠨ ᠤ ᠨᠡᠶᠢᠭᠡᠮᠯᠢᠭ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠬᠢᠷᠠᠯᠴᠠᠵᠤ᠂ ᠭᠤᠸᠠᠩᠳᠦ᠋ᠩ᠂ ᠳ᠋ᠦᠩ ᠡᡁᠸ ᠬᠤᠶᠠᠷ ᠭᠠᠵᠠᠷ ᠤᠨ ᠡᠬᠢ ᠪᠠᠶᠠᠯᠢᠭ᠂ ᠠᠵᠤ ᠠᠬᠤᠶᠢᠯᠠᠯ᠂ ᠵᠠᠬ᠎ᠠ ᠳᠡᠯᠭᠡᠭᠦᠷ᠂ ᠦᠢᠯᠡᠳᠬᠦᠨ ᠵᠡᠷᠭᠡ ᠲᠠᠯ᠎ᠠ ᠪᠠᠷ ᠬᠠᠷᠢᠯᠴᠠᠨ ᠨᠥᠬᠦᠪᠦᠷᠢᠯᠡᠬᠦ ᠪᠠ ᠠᠭᠤᠰᠤᠯᠴᠠᠬᠤ ᠶᠢ ᠠᠬᠢᠭᠤᠯᠬᠤ ᠪᠣᠯᠣᠨ᠎ᠠ᠃
ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠣᠨ ᠭᠤᠸᠠᠩᠳᠦ᠋ᠩ ᠤᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠤᠳᠠᠯᠳᠤᠭᠠᠴᠢᠳ ᠤᠨ ᠡᠪᠯᠡᠯ ᠪᠠᠶᠢᠯᠳᠤᠬᠤ ᠪᠣᠳᠣᠯᠭ᠎ᠠ ᠶᠢᠨ ᠬᠤᠷᠰᠢᠬᠤ ᠪᠣᠷᠣ ᠲᠥᠯᠥᠪ ᠤᠨ ᠬᠡᠯᠡᠯᠴᠡᠭᠡᠷ      ᠴᠠᠭ ᠮᠥᠴᠡ ᠲᠠᠢ ᠤᠷᠤᠯᠳᠤᠪᠠᠯ᠂ ᠬᠥᠭᠡᠭᠡᠵᠦ ᠭᠦᠢᠴᠡᠬᠦ ᠪᠠ ᠳᠠᠪᠠᠵᠤ ᠭᠠᠷᠬᠤ ᠳᠤ ᠰᠠᠶ᠋ᠢ ᠬᠤᠷᠳᠤᠴᠠ ᠲᠠᠢ ᠪᠣᠯᠣᠨ᠎ᠠ᠃ᠪᠠᠷᠰ ᠵᠢᠯ ᠡᠬᠢᠯᠡᠮᠡᠭᠴᠡ ᠳ᠋ᠦᠩ ᠾᠧ ᠲᠣᠭᠤᠷᠢᠭ ᠤᠨ ᠬᠢᠨ ᠥᠪᠡᠷᠲᠡᠭᠡᠨ ᠵᠠᠰᠠᠬᠤ ᠣᠷᠣᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ ᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠤᠭᠤᠲᠤ ᠬᠤᠳᠠ ᠶᠢᠨ ᠬᠢᠨ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠳᠠᠶᠢᠴᠢᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠮᠤᠭ ᠤᠨ ᠲᠡᠷᠢᠭᠦᠨ ᠳᠤ ᠭᠤᠣᠯᠳᠠᠯᠭ᠎ᠠ  ᠲᠠᠢ ᠲᠥᠷᠥᠯ ᠵᠦᠢᠯ ᠢ ᠠᠬᠢᠭᠤᠯᠬᠤ ᠬᠤᠷᠠᠯ᠂ ᠪᠦᠬᠦ ᠣᠷᠣᠨ ᠤ ᠺᠠᠳ᠋ᠷᠴᠤᠳ ᠤᠨ ᠶᠡᠭᠡ ᠬᠤᠷᠠᠯ ᠢ ᠬᠤᠷᠠᠯᠳᠤᠭᠤᠯᠵᠤ᠂ ᠠᠷᠠᠯᠵᠢᠶᠠᠴᠢᠨ ᠤᠷᠢᠬᠤ ᠶᠢ ᠶᠡᠬᠡᠪᠡᠷ ᠠᠳᠬᠤᠬᠤ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠪᠦᠬᠦ ᠠᠵᠢᠯᠲᠠᠨ ᠠᠷᠠᠯᠵᠢᠶᠠᠴᠢᠨ ᠤᠷᠢᠬᠤ᠂ ᠤᠨᠢᠨ ᠳᠡᠭᠡᠷ᠎ᠡ ᠨᠢ ᠠᠷᠠᠯᠵᠢᠶᠠᠴᠢᠨ ᠤᠷᠢᠬᠤ ᠶᠢ ᠪᠠᠷᠢᠮᠲᠠᠯᠠᠵᠤ᠂ ᠠᠷᠠᠯᠵᠢᠶᠠᠴᠢᠨ ᠤᠷᠢᠬᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠠᠷᠠᠯᠵᠢᠶᠠᠴᠢᠨ ᠤᠷᠢᠬᠤ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠭᠤᠣᠯᠳᠠᠯᠭ᠎ᠠ ᠲᠠᠢ ᠲᠦᠷᠦᠯ ᠵᠦᠢᠯ ᠤᠨ ᠭᠠᠷᠳᠠᠮ ᠢ ᠭᠦᠢᠴᠡᠳᠬᠡᠬᠦ ᠬᠤᠷᠳᠤᠴᠠ ᠶᠢ ᠶᠡᠬᠡᠪᠡᠷ ᠳᠡᠭᠡᠭᠰᠢᠯᠡᠭᠦᠯᠵᠦ᠂︽ᠡᠬᠢᠯᠡᠯᠲᠡ ᠶᠢᠨ ᠠᠵᠢᠯ ᠪᠣᠯ ᠰᠢᠪᠲᠤᠯᠤᠯᠲᠠ ᠶᠢᠨ ᠠᠵᠢᠯ ᠮᠥᠨ᠂ ᠡᠬᠢᠯᠡᠯᠲᠡ ᠶᠢᠨ ᠠᠵᠢᠯ ᠪᠣᠯ ᠰᠢᠢᠳᠪᠦᠷᠢᠲᠦ ᠳᠠᠶᠢᠯᠠᠯᠳᠤᠭᠠᠨ ᠮᠥᠨ︾ᠭᠡᠬᠦ ᠠᠵᠢᠯ ᠤᠨ ᠳᠦᠷᠰᠦ ᠪᠠᠶᠢᠳᠠᠯ ᠢᠶᠠᠷ ᠪᠦᠬᠦ ᠣᠷᠣᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠦᠷᠭᠦᠯᠵᠢᠯᠡᠨ ᠬᠥᠭᠵᠢᠬᠦ ᠶᠢ ᠠᠬᠢᠭᠤᠯᠬᠤ ᠬᠡᠷᠡᠭᠲᠡᠢ᠃
ᠳ᠋ᠦᠩ ᠾᠧ ᠲᠣᠭᠤᠷᠢᠭ ᠪᠦᠬᠦ ᠣᠷᠣᠨ ᠤ ᠺᠠᠳ᠋ᠷᠴᠤᠳ ᠤᠨ ᠶᠡᠭᠡ ᠬᠤᠷᠠᠯ ᠬᠢᠪᠡ      ᠤᠶᠠᠩᠭᠠᠲᠤ ᠮᠣᠳᠣ ᠵᠠᠶᠢᠯᠠᠭᠠᠳ ᠭᠠᠷᠤᠳᠢ ᠶᠢ ᠲᠠᠲᠠᠵᠤ ᠠᠪᠴᠢᠷᠠᠪᠠ᠃ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠪᠥᠬᠦ ᠣᠷᠣᠨ ᠤ 103 ᠭᠤᠣᠯᠳᠠᠯᠭ᠎ᠠ ᠲᠠᠢ ᠲᠥᠷᠥᠯ ᠵᠦᠢᠯ ᠤᠨ ᠳᠣᠲᠣᠷ᠎ᠠ᠂ ᠲᠥᠷᠥᠯ ᠵᠦᠢᠯ ᠲᠣᠭᠲᠠᠭᠠᠬᠤ᠂ ᠲᠥᠯᠥᠪᠵᠢᠭᠦᠯᠬᠦ᠂ ᠤᠯᠤᠰ ᠤᠨ ᠭᠠᠵᠠᠷ ᠰᠢᠷᠣᠢ᠂ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ ᠦᠨᠡᠯᠡᠯᠲᠡ ᠵᠡᠷᠭᠡ ᠳᠥᠷᠪᠡᠨ ᠵᠦᠢᠯ ᠤᠨ ᠭᠠᠷᠳᠠᠮ ᠢ ᠪᠦᠬᠦᠨ ᠢ ᠭᠦᠢᠴᠡᠳᠬᠡᠵᠦ ᠳᠠᠭᠤᠰᠬᠠᠭᠰᠠᠨ ᠲᠥᠷᠥᠯ ᠵᠦᠢᠯ 89 ᠪᠠᠶᠢᠵᠤ᠂ ᠭᠦᠢᠴᠡᠳᠬᠡᠵᠦ ᠳᠠᠭᠤᠰᠬᠠᠭᠰᠠᠨ ᠨᠣᠷᠮ᠎ᠠ ᠨᠢ 86.41% ᠪᠣᠯᠣᠨ᠎ᠠ᠃ᠡᠨᠡᠬᠦ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠨᠢ ᠳ᠋ᠦᠩ ᠾᠧ ᠲᠣᠭᠤᠷᠢᠭ ᠤᠨ ᠰᠢᠨ᠎ᠡ ᠨᠢᠭᠡ ᠵᠢᠯ ᠳᠤ ᠣᠮᠤᠭ ᠲᠡᠭᠦᠯᠳᠡᠷ ᠢᠶᠠᠷ ᠤᠷᠤᠭᠰᠢᠯᠠᠵᠤ ᠪᠠᠶᠢᠭ᠎ᠠ ᠬᠥᠭᠵᠢᠯᠲᠡ ᠶᠢᠨ ᠰᠦᠷ ᠵᠢᠪᠬᠤᠭ᠎ᠠ ᠲᠠᠢ ᠳᠦᠷᠰᠦ ᠪᠠᠶᠢᠳᠠᠯ ᠪᠣᠯᠣᠨ ᠰᠦᠷ ᠳᠠᠯᠠᠶᠢᠴᠠᠲᠠᠢ ᠤᠶᠤᠨ ᠰᠠᠨᠠᠭᠠᠨ ᠤ ᠳᠦᠷᠰᠦ ᠪᠠᠶᠢᠳᠠᠯ ᠢ ᠭᠡᠷᠡᠴᠢᠯᠡᠵᠦ᠂ ᠳ᠋ᠦᠩ ᠾᠧ ᠲᠣᠭᠤᠷᠢᠭ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠪᠦᠬᠦ ᠲᠠᠯ᠎ᠠ ᠪᠠᠷ ᠠᠬᠢᠭᠤᠯᠬᠤ ᠶᠢᠨ ᠠᠰᠢᠭ ᠣᠯᠬᠤ ᠠᠷᠠᠯᠵᠢᠶᠠᠴᠢᠨ ᠤ︽ᠨᠢᠭᠤᠴᠠ ᠲᠡᠮᠳᠡᠭ︾ᠪᠣᠯᠤᠭᠰᠠᠨ ᠪᠠᠶᠢᠨ᠎ᠠ᠃      ᠲᠣᠮᠣ ᠬᠤᠳᠠᠯᠳᠤᠭᠠᠴᠢᠨ ᠢ ᠡᠯᠰᠡᠬᠦ᠂ ᠰᠢᠯᠢᠳᠡᠭ ᠬᠤᠳᠠᠯᠳᠤᠭᠠᠴᠢᠨ ᠢ ᠡᠯᠰᠡᠬᠦ᠂ ᠰᠠᠶᠢᠨ ᠬᠤᠳᠠᠯᠳᠤᠭᠠᠴᠢᠨ ᠢ ᠡᠯᠰᠡᠬᠦ ᠳᠤ ︽ᠣᠷᠣᠭᠤᠯᠵᠤ ᠠᠪᠴᠢᠷᠠᠬᠤ︾ ᠪᠠᠷ ᠪᠠᠷᠠᠬᠤ ᠦᠭᠡᠢ ᠨᠡᠩ ᠴᠤ ︽ᠭᠠᠳᠠᠭᠰᠢ ᠭᠠᠷᠬᠤ︾ ᠬᠡᠷᠡᠭᠲᠡᠢ᠃ᠳ᠋ᠦᠩ ᠾᠧ ᠲᠣᠭᠤᠷᠢᠭ ᠤᠨ ᠬᠢᠨ ︽ᠠᠷᠠᠯᠵᠢᠶᠠᠴᠢᠨ ᠤᠷᠢᠵᠤ ᠪᠡᠯᠡ ᠣᠷᠣᠭᠤᠯᠬᠤ ᠬᠡᠯᠬᠢᠶ᠎ᠡ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠴᠢᠨᠠᠭᠰᠢᠳᠠ ᠨᠠᠶᠢᠳᠠᠪᠤᠷᠢᠵᠢᠭᠤᠯᠵᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾᠂︽ᠦᠢᠯᠡᠴᠢᠯᠡᠭᠡᠨ ᠤ ᠦᠢᠯᠡᠰ ᠤᠨ ᠬᠦᠷᠢᠶᠡᠨ ᠳᠠᠬᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠲᠥᠰᠥᠯ︾ᠵᠡᠷᠭᠡ ᠠᠷᠭ᠎ᠠ ᠬᠡᠮᠵᠢᠶ᠎ᠡ ᠶᠢ ᠲᠣᠭᠲᠠᠭᠠᠵᠠᠢ᠃ ᠭᠤᠣᠯ ᠤᠳᠤᠷᠢᠳᠤᠯᠭ᠎ᠠ ᠪᠦᠯᠬᠦᠮ ᠳᠠᠭᠠᠭᠤᠯᠵᠤ᠂ ᠤᠯᠠᠨ ᠤᠳᠠᠭ᠎ᠠ ᠭᠠᠳᠠᠭᠰᠢ ᠭᠠᠷᠴᠤ ᠬᠤᠳᠠᠯᠳᠤᠭᠠᠴᠢᠨ ᠤᠷᠢᠵᠤ᠂ ᠡᠯ᠎ᠡ ᠲᠦᠷᠦᠯ ᠤᠨ ᠲᠦᠷᠦᠭᠦᠴᠦᠳ ᠤᠨ ᠬᠤᠷᠠᠯ ᠳᠤ ᠢᠳᠡᠪᠬᠢᠲᠡᠢ ᠣᠷᠣᠯᠴᠠᠵᠤ᠂ ᠵᠣᠴᠢᠨ ᠬᠤᠳᠠᠯᠳᠤᠭᠠᠴᠢᠨ ᠢ ᠤᠷᠢᠨ ᠠᠪᠴᠢᠷᠠᠬᠤ᠂ ᠲᠦᠷᠦᠯ ᠵᠦᠢᠯ ᠢ ᠣᠷᠣᠭᠤᠯᠤᠨ ᠠᠪᠴᠢᠷᠠᠬᠤ᠂ ᠪᠡᠯᠡ ᠮᠥᠩᠭᠦ ᠶᠢ ᠠᠪᠴᠢᠷᠠᠬᠤ ᠶᠢ ᠪᠠᠷᠢᠮᠲᠠᠯᠠᠵᠤ᠂ ᠠᠷᠭ᠎ᠠ ᠪᠦᠬᠦᠨ ᠢ ᠰᠦᠪᠡᠭᠴᠢᠯᠡᠨ ᠬᠠᠮᠲᠤᠷᠠᠯᠴᠠᠭᠠᠨ ᠤ ᠠᠵᠠ ᠲᠣᠬᠢᠶᠠᠯ ᠢ ᠡᠷᠢᠯᠬᠢᠯᠡᠪᠡ᠃ᠡᠯ᠎ᠡ ︽ᠬᠡᠯᠬᠢᠶ᠎ᠡ ᠶᠢᠨ ᠳᠠᠷᠤᠭ᠎ᠠ︾ ᠨᠢ ᠠᠵᠤ ᠦᠢᠯᠡᠳᠪᠦᠷᠢ᠂ ᠬᠤᠲᠠ ᠶᠢᠨ ᠠᠭᠤᠷᠬᠠᠢ ᠶᠢᠨ ᠭᠠᠷᠤᠯᠲᠠ ᠶᠢᠨ ᠣᠷᠴᠢᠯ ᠠᠵᠤ ᠠᠬᠤᠢ᠂ ᠰᠣᠶᠣᠯ ᠵᠢᠭᠤᠯᠴᠢᠯᠠᠯ ᠤᠨ ᠠᠵᠤ ᠦᠢᠯᠡᠰ᠂ ᠪᠣᠬᠢᠷᠳᠤᠯ ᠦᠭᠡᠢ ᠲᠠᠷᠢᠶᠠᠯᠠᠩ᠂ ᠬᠤᠲᠠ ᠶᠢᠨ ᠪᠦᠲᠦᠭᠡᠨ ᠪᠠᠶᠢᠭᠤᠯᠤᠯᠲᠠ ᠡᠵᠡᠩᠨᠡᠯᠲᠡ ᠵᠡᠷᠭᠡ ᠲᠠᠪᠤᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ᠂ ︽ᠭᠤᠷᠪᠠᠨ 500 ᠬᠦᠴᠦᠷᠬᠡᠭ︾ ᠠᠵᠤ ᠠᠬᠤᠶᠢᠯᠠᠯ᠂ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ᠂ ︽ᠲᠤᠰᠬᠠᠢ ᠨᠠᠷᠢᠯᠢᠭ ᠣᠨᠴᠠ ᠰᠢᠨ᠎ᠡ︾ ᠠᠵᠤ ᠠᠬᠤᠶᠢᠯᠠᠯ ᠲᠠᠢ ᠰᠠᠨᠠᠭᠠᠴᠢᠯᠠᠭ᠎ᠠ  ᠠᠴᠠ ᠪᠠᠨ ᠵᠣᠯᠭᠠᠭᠤᠯᠵᠤ᠂ ᠨᠢᠭᠡ ᠪᠦᠯᠦᠭ ︽ᠬᠡᠯᠬᠢᠶ᠎ᠡ ᠶᠢᠨ ᠡᠵᠡᠨ︾ ︽ᠣᠯᠠᠨ ᠲᠦᠮᠡᠨ ᠤ ᠡᠵᠡᠨ︾ ᠠᠵᠤ ᠠᠬᠤᠶᠢᠯᠠᠯ ᠢ ᠣᠷᠣᠭᠤᠯᠬᠤ ᠶᠢ ᠲᠦᠷᠭᠡᠳᠬᠡᠨ᠎ᠡ᠃
ᠬᠥᠩᠭᠡᠨ ᠴᠠᠭᠠᠨ ᠤ ᠦᠢᠯᠡᠰ ᠤᠨ ᠬᠦᠷᠢᠶᠡᠯᠡᠩ ᠲᠣᠭᠤᠷᠢᠭ      ᠴᠡᠭ ᠲᠤ ᠰᠠᠭᠤᠵᠤ ᠠᠷᠠᠯᠵᠢᠶᠠᠴᠢᠨ ᠤᠷᠢᠬᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠬᠤ᠂ ᠰᠠᠯᠪᠤᠷᠢ ᠪᠠᠭ᠎ᠠ ᠠᠩᠭᠢ ᠶᠢᠨ ᠬᠢᠨ ᠠᠷᠠᠯᠵᠢᠶᠠᠴᠢᠨ ᠤᠷᠢᠬᠤ᠂ ︽ᠨᠢᠭᠡᠳᠦᠭᠡᠷ ᠭᠠᠷ︾︾ ᠤᠨ ᠬᠢᠨ ᠠᠷᠠᠯᠵᠢᠶᠠᠴᠢᠨ ᠤᠷᠢᠬᠤ᠂ ᠬᠤᠷᠠᠯ ᠢᠶᠠᠷ ᠠᠷᠠᠯᠵᠢᠶᠠᠴᠢᠨ ᠤᠷᠢᠬᠤ᠂ ︽ᠡᠭᠦᠯᠡ︾ ᠪᠠᠷ ᠠᠷᠠᠯᠵᠢᠶᠠᠴᠢᠨ ᠤᠷᠢᠬᠤ᠁ ᠤᠯᠠᠨ ᠵᠦᠢᠯ ᠤᠨ ᠬᠡᠯᠪᠡᠷᠢ ᠪᠠᠷ ᠠᠷᠠᠯᠵᠢᠶᠠᠴᠢᠨ ᠤᠷᠢᠬᠤ᠂ ᠠᠷᠭ᠎ᠠ ᠪᠦᠬᠦᠨ ᠢ ᠰᠦᠪᠡᠭᠴᠢᠯᠡᠨ ᠠᠷᠠᠯᠵᠢᠶᠠᠴᠢᠨ ᠤᠷᠢᠬᠤ᠂ ᠪᠦᠬᠦ ᠬᠦᠴᠦᠨ ᠢᠶᠠᠷ ᠢᠶᠠᠨ ᠠᠷᠠᠯᠵᠢᠶᠠᠴᠢᠨ ᠤᠷᠢᠬᠤ᠂ ᠤᠯᠠᠮ ᠠᠴᠠ ᠤᠯᠠᠮ ᠤᠯᠠᠨ ᠠᠵᠤ ᠠᠬᠤᠶᠢᠯᠠᠯ ᠳ᠋ᠦᠩ ᠾᠧ ᠲᠣᠭᠤᠷᠢᠭ ᠤᠨ ᠡᠨᠡᠬᠦ ᠬᠥᠭᠵᠢᠨ ᠴᠡᠴᠡᠭᠯᠡᠭᠰᠡᠨ ᠥᠩ ᠰᠢᠮᠡᠯᠢᠭ ᠬᠥᠷᠥᠰᠥᠨ ᠳᠤ ᠦᠨᠳᠦᠰᠦ ᠬᠠᠳᠬᠤᠵᠤ ᠰᠣᠶᠣᠭᠠᠯᠠᠬᠤ︾︽ᠢᠳᠡᠷᠡᠭᠦᠨ ᠢᠶᠠᠷ ᠦᠰᠦᠨ ᠪᠣᠶᠢᠵᠢᠬᠤ︾︾ ᠶᠢ ᠰᠣᠩᠭᠤᠵᠤ ᠪᠠᠶᠢᠨ᠎ᠠ᠃ᠣᠳᠣᠬᠠᠨ ᠪᠣᠯᠲᠠᠯ᠎ᠠ᠂ ᠳ᠋ᠦᠸ᠋ᠸ ᠹᠦ᠋ ᠪᠦᠯᠦᠭᠯᠡᠯ᠂ ᠰᠢᠨ ᠢ ᠡᠨᠧᠷᠭᠢ ᠶᠢᠨ ᠰᠤᠷᠪᠤᠯᠵᠢ᠂ ᠵᠢᠩ ᠺᠸ ᠡᠨᠧᠷᠭᠢ ᠶᠢᠨ ᠰᠤᠷᠪᠤᠯᠵᠢ᠂ ᠢ ᠯᠢ ᠪᠦᠯᠦᠭᠯᠡᠯ᠂ ᠰᠢᠶᠠᠩ ᠢᠦᠢ ᠪᠦᠯᠦᠭᠯᠡᠯ᠂ ᠵᠢᠢ ᠦ᠋ ᠵᠡᠷᠭᠡ 82 ᠠᠵᠤ ᠠᠬᠤᠶᠢᠯᠠᠯ ᠢ ᠰᠢᠨᠵᠢᠯᠡᠨ ᠪᠠᠶᠢᠴᠠᠭᠠᠵᠤ᠂ ᠨᠢᠭᠡᠨᠲᠡ 13 ᠲᠦᠷᠦᠯ ᠵᠦᠢᠯ ᠳᠤ ᠭᠠᠷ ᠤᠨ ᠦᠰᠦᠭ ᠵᠢᠷᠤᠵᠤ᠂ 432.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 5 ᠠᠵᠤ ᠠᠬᠤᠶᠢᠯᠠᠯ ᠢ ᠨᠠᠶᠢᠳᠠᠪᠤᠷᠢᠵᠢᠭᠤᠯᠬᠤ ᠪᠠᠷ ᠲᠥᠯᠥᠪᠯᠡᠵᠦ ᠪᠤᠢ᠃
ᠸᠠᠷᠶᠦ᠋ᠨ ᠢᠯᠴᠢ ᠶᠢᠨ ᠴᠠᠬᠢᠯᠭᠠᠨ ᠤ ᠦᠢᠯᠡᠳᠪᠦᠷᠢ      ︽ᠳᠠᠷᠠᠭᠠᠴᠢ ᠶᠢᠨ ᠠᠯᠬᠤᠮ ᠳᠤ᠂ ᠪᠢᠳᠡ ᠤᠨᠢᠨ ᠳᠡᠭᠡᠷ᠎ᠡ ᠨᠢ ᠠᠷᠠᠯᠵᠢᠶᠠᠴᠢᠨ ᠤᠷᠢᠬᠤ᠂ ᠬᠠᠨᠳᠤᠯᠭ᠎ᠠ ᠲᠠᠢ ᠪᠠᠷ ᠠᠷᠠᠯᠵᠢᠶᠠᠴᠢᠨ ᠤᠷᠢᠬᠤ ᠶᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠣᠷᠣᠨ ᠤ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠶᠢᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠶᠡᠭᠡ ᠶᠢ ᠡᠯᠰᠡᠵᠦ ᠬᠦᠴᠦᠷᠬᠡᠭ ᠢ ᠲᠠᠲᠠᠬᠤ᠂ ᠰᠢᠨ᠎ᠡ ᠶᠢ ᠡᠯᠰᠡᠵᠦ ᠰᠢᠯᠢᠳᠡᠭ ᠢ ᠣᠷᠣᠭᠤᠯᠬᠤ ᠶᠢ ᠪᠠᠷᠢᠮᠲᠠᠯᠠᠵᠤ᠂ ︿ᠨᠢᠭᠡ ᠠᠵᠢᠯ ᠲᠥᠷᠥᠯ ᠳᠤ ᠨᠢᠭᠡ ᠠᠷᠭ᠎ᠠ ᠪᠣᠳᠣᠯᠭ᠎ᠠ﹀ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢᠨ ᠲᠣᠭᠤᠷᠢᠨ ᠳᠤ᠂ ᠤᠯᠤᠰ ᠠᠷᠠᠳ ᠤᠨ ᠠᠵᠤ ᠠᠬᠤᠢ ᠶᠢᠨ ᠠᠵᠢᠯ ᠲᠥᠷᠥᠯ ᠤᠨ ᠠᠩᠭᠢᠯᠠᠯ ᠢᠶᠠᠷ ᠬᠤᠳᠠᠯᠳᠤᠭᠠᠴᠢᠨ ᠤᠷᠢᠬᠤ ᠡᠭᠦᠷᠭᠡ᠂ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠲᠣᠳᠣᠷᠬᠠᠶᠢᠯᠠᠵᠤ᠂ ᠡᠯ᠎ᠡ ᠲᠥᠷᠥᠯ ᠤᠨ ᠲᠡᠷᠢᠭᠦᠨ ᠤ ᠬᠡᠰᠡᠭ᠂ ᠰᠢᠨ ᠷᠦᠢ ᠠᠵᠤ ᠠᠬᠤᠶᠢᠯᠠᠯ ᠲᠠᠢ ᠦᠷᠭᠦᠯᠵᠢᠯᠡᠨ ᠵᠣᠯᠭᠠᠭᠤᠯᠵᠤ᠂ ᠠᠵᠤ ᠦᠢᠯᠡᠰ ᠤᠨ ᠪᠠᠶᠢᠷᠢᠰᠢᠯ ᠳᠤ ᠨᠡᠶᠢᠴᠡᠬᠦ᠂ ᠳᠠᠶᠢᠴᠢᠯᠠᠬᠤ ᠴᠢᠨᠠᠷ ᠢᠶᠠᠷ ᠴᠢᠩᠭ᠎ᠠ᠂ ᠨᠡᠮᠡᠯᠲᠡ ᠥᠷᠲᠡᠭ ᠢᠶᠠᠷ ᠥᠨᠳᠥᠷ᠂ ᠡᠨᠧᠷᠭᠢ ᠶᠢᠨ ᠬᠤᠷᠣᠭᠳᠠᠯ ᠢᠶᠠᠷ ᠪᠠᠭ᠎ᠠ ᠨᠢᠭᠡ ᠪᠦᠯᠦᠭ ᠲᠣᠮᠣ ᠲᠥᠷᠥᠯ ᠵᠦᠢᠯ ᠤᠨ ᠰᠠᠶᠢᠨ ᠲᠥᠷᠥᠯ ᠵᠦᠢᠯ ᠢ ᠣᠷᠣᠭᠤᠯᠤᠨ ᠠᠪᠴᠢᠷᠠᠬᠤ ᠬᠡᠷᠡᠭᠲᠡᠢ︾ ᠭᠡᠵᠡᠢ᠃      ᠲᠦᠮᠡᠨ ᠭᠠᠵᠠᠷ ᠤᠨ ᠠᠶᠠᠨ ᠵᠠᠮ ᠳᠤ ᠬᠦᠴᠦ ᠪᠠᠨ ᠬᠠᠮᠲᠤᠳᠬᠠᠵᠤ᠂ ᠣᠩᠭᠤᠴᠠ ᠪᠠᠨ ᠰᠡᠯᠢᠨ ᠳᠠᠷᠪᠠᠭᠤᠯ ᠬᠡᠶᠢᠰᠬᠡᠨ ᠴᠠᠭ ᠲᠠᠭᠠᠨ ᠲᠠᠭᠠᠷᠠᠨ᠎ᠠ᠃ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠭᠰᠠᠨ ᠵᠢᠯ᠂ ︽ᠠᠷᠪᠠᠨ ᠳᠥᠷᠪᠡᠳᠦᠭᠡᠷ ᠲᠠᠪᠤᠨ ᠵᠢᠯ︾ ᠋ ᠤᠨ ᠲᠥᠯᠦᠪᠵᠢᠭᠦᠯᠭᠡ ᠶᠢ ᠬᠡᠷᠡᠭᠵᠢᠭᠦᠯᠦᠭᠰᠡᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠵᠢᠯ ᠳᠤ᠂ ᠳ᠋ᠦᠩ ᠡᡁᠸ ᠲᠣᠭᠤᠷᠢᠭ ᠤᠨ ᠬᠢᠨ ᠪᠤᠭᠤᠲᠤ ᠬᠤᠳᠠ ᠶᠢᠨ︽ᠬᠤᠶᠠᠷ ᠬᠤᠷᠠᠯ︾ ᠋ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠵᠤ᠂ ᠬᠦᠴᠦᠯᠡᠨ ᠴᠢᠷᠮᠠᠶᠢᠵᠤ ᠦᠢᠯᠡᠰ ᠪᠦᠲᠦᠭᠡᠵᠦ᠂ ᠢᠳᠡᠪᠬᠢᠲᠡᠢ ᠪᠠᠷ ᠥᠭᠡᠳᠡᠯᠡᠨ ᠳᠠᠪᠰᠢᠵᠤ᠂ ᠵᠣᠷᠢᠭᠲᠠᠢ ᠪᠠᠷ ᠤᠷᠤᠭᠰᠢᠯᠠᠨ ᠳᠠᠪᠰᠢᠵᠤ᠂ ᠡᠭᠦᠷᠢᠳᠡ ᠬᠤᠶᠢᠷᠭᠤᠰᠢᠬᠤ ᠦᠭᠡᠢ ᠵᠣᠷᠢᠭ ᠰᠠᠨᠠᠭᠠᠨ ᠤ ᠳᠦᠷᠰᠦ ᠪᠠᠶᠢᠳᠠᠯ ᠪᠣᠯᠣᠨ ᠵᠣᠷᠢᠭᠲᠠᠢ ᠪᠠᠷ ᠬᠢᠵᠦ ᠵᠣᠷᠢᠭᠲᠠᠢ ᠪᠠᠷ ᠠᠵᠢᠯᠯᠠᠨ᠂ ᠴᠤᠴᠠᠯᠲᠠ ᠦᠭᠡᠢ ᠤᠷᠤᠭᠰᠢᠯᠠᠬᠤ ᠲᠡᠮᠡᠴᠡᠯ ᠤᠨ ᠳᠦᠷᠰᠦ ᠪᠠᠶᠢᠳᠠᠯ ᠢᠶᠠᠷ ᠡᠳᠦᠷ ᠪᠣᠯᠭᠠᠨ ᠢ ᠰᠠᠶᠢᠲᠤᠷ ᠠᠳᠬᠤᠵᠤ᠂ 2022 ᠣᠨ ᠤ ᠢᠯᠠᠯᠲᠠ ᠶᠢ ᠣᠯᠬᠤ ᠪᠣᠯᠣᠨ᠎ᠠ᠃
 
ᠢᠷᠡᠯᠲᠡ᠄ ᠥᠨᠥᠳᠥᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1