ᠴᠠᠭᠠᠨ ᠰᠠᠷ᠎ᠠ ᠶᠢᠨ ᠬᠤᠭᠤᠴᠠᠭᠠᠨ ᠳᠤ ᠣᠷᠣᠨ ᠤ ᠨᠠᠮ ᠤᠨ ᠬᠤᠷᠢᠶᠠᠨ ᠤ ᠤᠳᠤᠷᠢᠳᠤᠯᠭ᠎ᠠ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠳᠤ ᠺᠠᠳ᠋ᠷ ᠠᠵᠢᠯᠲᠠᠨ ᠢ ᠲᠣᠬᠤᠨᠢᠭᠤᠯᠬᠤ
ᠨᠡᠶᠢᠲᠡᠯᠡᠭᠰᠡᠨ ᠴᠠᠭ᠄
2022/2/9
     ᠴᠠᠭᠠᠨ ᠰᠠᠷ᠎ᠠ ᠶᠢᠨ ᠬᠤᠭᠤᠴᠠᠭᠠᠨ ᠳᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠳ᠋ᠦᠩ ᠼᠦ᠋ᠨ ᠷᠦᠢ ᠪᠣᠯᠣᠨ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠴᠠᠩ ᠱᠢ ᠯᠢ ᠨᠠ ᠣᠷᠣᠨ ᠤ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠶᠢᠨ ᠪᠥᠬᠦ ᠺᠠᠳ᠋ᠷ ᠠᠵᠢᠯᠲᠠᠳ ᠢ ᠪᠣᠯᠭᠤᠭᠠᠨ ᠲᠣᠬᠤᠨᠢᠭᠤᠯᠵᠤ᠂ ᠣᠷᠣᠨ ᠤ ᠨᠠᠮ ᠤᠨ ᠬᠤᠷᠢᠶ᠎ᠠ ᠶᠢ ᠲᠥᠯᠥᠭᠡᠯᠡᠨ ᠪᠥᠬᠦ ᠠᠵᠢᠯᠲᠠᠳ ᠲᠤ ᠴᠢᠩ ᠰᠡᠳᠬᠢᠯ ᠤᠨ ᠮᠡᠨᠳᠦᠴᠢᠯᠡᠯ ᠪᠠ ᠴᠠᠭᠠᠨ ᠰᠠᠷ᠎ᠠ ᠶᠢᠨ ᠢᠷᠦᠭᠡᠯ ᠳᠡᠪᠰᠢᠭᠦᠯᠪᠡ᠃      ᠳ᠋ᠦᠩ ᠼᠦ᠋ᠨ ᠷᠦ᠋ᠢ ᠵᠢᠭᠠᠵᠤ ᠭᠠᠷᠭᠠᠬᠤ ᠳᠠᠭᠠᠨ᠂ ᠥᠩᠭᠡᠷᠡᠭᠰᠡᠨ ᠨᠢᠭᠡ ᠵᠢᠯ ᠳᠤ᠂ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠶᠢᠨ ᠪᠦᠬᠦ ᠺᠠᠳ᠋ᠷ ᠠᠵᠢᠯᠲᠠᠨ ᠰᠢ ᠶᠢᠨ ᠫᠢᠩ ᠶᠡᠷᠦᠩᠬᠡᠢ ᠱᠦᠵᠢ ᠶᠢᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ  ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠳᠦᠷᠢᠮ ᠤᠨ ᠥᠭᠡᠷᠡᠴᠢᠯᠡᠯᠲᠡ  ᠶᠢ ᠲᠠᠰᠤᠷᠠᠯᠲᠠ ᠦᠭᠡᠢ ᠠᠬᠢᠭᠤᠯᠵᠤ᠂ ︽ᠠᠷᠪᠠᠵᠢᠭᠤᠯᠬᠤ︾ ᠪᠠ ︽ᠲᠤᠰᠬᠠᠢ ᠠᠩᠭᠢ︾ ᠶᠢᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠲᠣᠭᠲᠠᠴᠠ ᠵᠢᠴᠢ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠶᠢ ᠰᠢᠨ᠎ᠡ ᠪᠠᠷ ᠡᠭᠦᠳᠦᠨ ᠲᠡᠭᠦᠯᠳᠡᠷᠵᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠰᠠᠭᠤᠷᠢ ᠲᠤᠬᠠᠶᠢᠯᠠᠭᠰᠠᠨ ᠠᠵᠢᠯ ᠢ ᠵᠢᠷᠤᠮᠵᠢᠭᠤᠯᠤᠨ᠂ ᠵᠠᠬᠢᠳᠠᠯ ᠰᠣᠷᠪᠤᠯᠵᠢᠯᠠᠭ᠎ᠠ ᠶᠢᠨ ᠵᠥᠷᠢᠴᠡᠯ ᠢ ᠨᠠᠮᠳᠠᠭᠤᠯᠤᠨ ᠪᠣᠭᠤᠮᠲᠠ ᠰᠢᠪᠲᠤᠯᠬᠤ ᠡᠭᠦᠷᠭᠡ ᠶᠢ ᠪᠡᠶᠡᠯᠡᠭᠦᠯᠵᠦ᠂ ᠳᠠᠪᠬᠤᠷᠳᠠᠭᠰᠠᠨ ᠵᠠᠬᠢᠳᠠᠯ ᠰᠣᠷᠪᠤᠯᠵᠢᠯᠠᠭ᠎ᠠ ᠶᠢ ᠲᠥᠪᠯᠡᠷᠡᠭᠦᠯᠦᠨ ᠵᠠᠰᠠᠬᠤ᠂ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠨᠠᠮᠳᠠᠭᠤᠯᠬᠤ ᠲᠤᠰᠬᠠᠢ ᠠᠵᠢᠯ ᠢ ᠥᠷᠨᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠪᠥᠬᠦ ᠣᠷᠣᠨ ᠤ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠢ ᠬᠠᠮᠠᠭᠠᠯᠠᠬᠤ ᠳᠤ ᠢᠳᠡᠪᠬᠢᠲᠡᠢ ᠦᠢᠯᠡᠳᠦᠯ ᠪᠠᠳᠠᠷᠠᠭᠤᠯᠪᠠ᠃      ᠵᠠᠬᠢᠳᠠᠯ ᠰᠣᠷᠪᠤᠯᠵᠢᠯᠠᠭ᠎ᠠ ᠶᠢ ᠬᠦ᠋ᠯᠢᠶᠡᠨ ᠠᠪᠬᠤ ᠲᠢᠩᠬᠢᠮ ᠳᠤ᠂ ᠳ᠋ᠦᠩ ᠼᠦ᠋ᠨ ᠷᠦ᠋ᠢ ᠣᠶᠢᠷ᠎ᠠ ᠶᠢᠨ ᠬᠤᠭᠤᠴᠠᠭᠠᠨ ᠤ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠭᠰᠡᠨ ᠪᠠᠶᠢᠳᠠᠯ ᠢ ᠰᠣᠨᠣᠰᠴᠤ᠂ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶᠠᠨ ᠤ ᠺᠠᠳ᠋ᠷ ᠠᠵᠢᠯᠲᠠᠨ ᠠᠵᠢᠯᠴᠢᠨ ᠲᠠᠢ ᠳᠣᠲᠣᠨᠣ ᠪᠠᠷ ᠶᠠᠷᠢᠯᠴᠠᠪᠠ᠃ᠲᠡᠷᠡ᠂ ᠦᠷᠭᠦᠯᠵᠢᠯᠡᠨ ᠬᠦᠴᠦᠯᠡᠵᠦ᠂ ᠫᠢᠩ ᠠᠨ ᠳ᠋ᠦᠩ ᠾᠧ ᠭᠤᠣᠯ ᠤᠨ ᠦᠷ᠎ᠡ ᠪᠦᠲᠦᠭᠡᠯ ᠢ ᠪᠠᠬᠢᠵᠢᠭᠦᠯᠬᠦ ᠶᠡᠭᠡ ᠲᠠᠯ᠎ᠠ ᠠᠴᠠ ᠡᠭᠦᠰᠴᠦ᠂ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠪᠣᠳᠠᠲᠠᠢ ᠠᠳᠬᠤᠨ ᠰᠠᠶᠢᠲᠤᠷ ᠠᠳᠬᠤᠵᠤ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠳ᠋ᠦᠩ ᠼᠦ᠋ᠨ ᠷᠦ᠋ᠢ᠂ ᠴᠠᠭᠠᠨ ᠰᠠᠷ᠎ᠠ ᠶᠢᠨ ᠬᠤᠭᠤᠴᠠᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠵᠢᠵᠢᠭᠦᠷᠯᠡᠨ ᠰᠠᠬᠢᠬᠤ ᠠᠵᠢᠯ ᠢ ᠵᠦᠢ ᠵᠣᠬᠢᠰᠲᠠᠢ ᠲᠣᠬᠢᠷᠠᠭᠤᠯᠵᠤ᠂ ᠡᠯ᠎ᠡ ᠵᠦᠢᠯ ᠤᠨ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠦᠨᠡᠨᠬᠦ ᠬᠠᠮᠠᠭᠠᠯᠠᠵᠤ᠂ ᠡᠪᠦᠯ ᠦᠨ ᠣᠯᠧᠮᠫᠢᠺ ᠴᠤᠭᠯᠠᠭᠠᠨ ᠪᠣᠯᠣᠨ ᠪᠦ᠋ᠬᠦ ᠤᠯᠤᠰ ᠤᠨ︽ᠬᠤᠶᠠᠷ ᠬᠤᠷᠠᠯ︾   ᠤᠨ ᠤᠷᠤᠭᠰᠢᠲᠠᠢ ᠬᠤᠷᠠᠯᠳᠤᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1