︽ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠲᠡᠦᠬᠡᠨ ᠠᠴᠠ ᠦᠯᠡᠳᠡᠭᠳᠡᠵᠦ ᠢᠷᠡᠭᠰᠡᠨ ᠲᠥᠷᠥᠯ ᠵᠦᠢᠯ ᠤᠨ ᠠᠰᠠᠭᠤᠳᠠᠯ ᠢ ᠰᠢᠢᠳᠪᠦᠷᠢᠯᠡᠬᠦ ᠬᠡᠷᠡᠭᠵᠢᠭᠦᠯᠬᠦ ᠲᠥᠰᠥᠯ︾ ᠤᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/2/9
︽ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠲᠡᠦᠬᠡᠨ ᠠᠴᠠ ᠦᠯᠡᠳᠡᠭᠳᠡᠵᠦ ᠢᠷᠡᠭᠰᠡᠨ ᠲᠥᠷᠥᠯ ᠵᠦᠢᠯ ᠤᠨ ᠠᠰᠠᠭᠤᠳᠠᠯ ᠢ ᠰᠢᠢᠳᠪᠦᠷᠢᠯᠡᠬᠦ ᠬᠡᠷᠡᠭᠵᠢᠭᠦᠯᠬᠦ ᠲᠥᠰᠥᠯ︾ ᠤᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢᠨᠢᠭᠡ᠂ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠠᠬᠤᠢ ᠪᠠᠶᠢᠳᠠᠯ      2019 ᠣᠨ ᠳᠤ ᠪᠤᠭᠤᠲᠤ ᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠦᠶ᠎ᠡ ᠳᠤ᠂ ᠤᠤᠯ ᠨᠢ ᠪᠤᠭᠤᠲᠤ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠪᠠᠶᠢᠭᠤᠯᠤᠮᠵᠢ ᠶᠢᠨ ᠡᠭᠦᠷᠭᠡᠯᠡᠵᠦ ᠪᠠᠶᠢᠭᠰᠠᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ  ᠶᠢ ᠬᠢᠨᠠᠨ ᠪᠠᠶᠢᠴᠠᠭᠠᠵᠤ ᠰᠢᠯᠭᠠᠨ ᠠᠪᠬᠤ ᠡᠭᠦᠷᠭᠡ ᠴᠢᠳᠠᠪᠤᠷᠢ  ᠶᠢ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ ᠬᠤᠪᠢᠶᠠᠷᠢᠯᠠᠨ ᠥᠭᠴᠦ᠂ ᠡᠭᠦᠷᠭᠡ ᠴᠢᠳᠠᠪᠤᠷᠢ ᠶᠢ ᠬᠤᠪᠢᠶᠠᠷᠢᠯᠠᠨ ᠰᠢᠯᠵᠢᠭᠦᠯᠬᠦ ᠠᠴᠠ ᠡᠮᠦᠨ᠎ᠡ ᠤᠤᠯ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠠᠴᠠ ᠭᠥᠯᠢᠶᠡᠨ ᠠᠪᠴᠤ ᠰᠢᠢᠳᠪᠦᠷᠢᠯᠡᠭᠰᠡᠨ ᠪᠣᠯᠪᠠᠴᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠶᠡᠭᠡ ᠬᠡᠮᠵᠢᠶᠡᠨ ᠤ ᠲᠥᠷᠥᠯ ᠵᠦᠢᠯ ᠵᠢᠴᠢ ᠪᠦᠲᠦᠭᠡᠨ ᠪᠠᠶᠢᠭᠤᠯᠤᠯᠲᠠ ᠶᠢᠨ ᠨᠢᠭᠡᠴᠡ ᠠᠴᠠ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠪᠠᠷ ᠭᠤᠶᠤᠴᠢᠯᠠᠭᠠᠳᠤᠢ ᠲᠥᠷᠥᠯ ᠵᠦᠢᠯ ᠶᠡᠭᠡ ᠬᠡᠮᠵᠢᠶ᠎ᠡ ᠪᠠᠷ ᠣᠷᠣᠰᠢᠵᠤ ᠪᠠᠶᠢᠨ᠎ᠠ᠃ ᠡᠳᠡᠭᠡᠷ ᠵᠦᠢᠯᠡᠰ ᠢ ᠢᠮᠠᠭᠲᠠ ᠡᠵᠡᠩᠨᠡᠬᠦ ᠪᠤᠶᠤ ᠬᠡᠷᠡᠭᠯᠡᠵᠦ᠂ ᠶᠡᠭᠡ ᠬᠡᠪᠴᠢᠶ᠎ᠡ ᠪᠠᠷ ᠠᠮᠤᠷ ᠲᠦᠪᠰᠢᠨ ᠤ ᠲᠠᠯᠳᠠ ᠭᠡᠮ ᠣᠷᠣᠰᠢᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠰᠦᠷᠳᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠬᠤᠯᠪᠣᠭᠳᠠᠵᠤ᠂ ᠠᠵᠤ ᠠᠬᠤᠢ ᠨᠡᠶᠢᠭᠡᠮ ᠤᠨ ᠵᠣᠬᠢᠴᠠᠩᠭᠤᠢ ᠪᠥᠭᠡᠳ ᠡᠷᠡᠭᠦᠯ ᠢᠶᠠᠷ ᠬᠥᠭᠵᠢᠬᠦ ᠳᠤ ᠬᠤᠯᠪᠣᠭᠳᠠᠵᠤ ᠪᠠᠶᠢᠨ᠎ᠠ᠃ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠶᠣᠰᠣᠭᠠᠷ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠲᠡᠦᠬᠡᠨ ᠠᠴᠠ ᠦᠯᠡᠳᠡᠭᠳᠡᠵᠦ ᠢᠷᠡᠭᠰᠡᠨ ᠲᠥᠷᠥᠯ ᠵᠦᠢᠯ ᠢ ᠰᠢᠯᠭᠠᠨ ᠠᠪᠬᠤ ᠠᠰᠠᠭᠤᠳᠠᠯ ᠢ ᠰᠢᠢᠳᠪᠦᠷᠢᠯᠡᠬᠦ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠪᠦᠦ ᠹᠦ᠋ ᠠᠯᠪᠠᠨ ᠲᠠᠷᠬᠠᠭᠠᠭᠰᠠᠨ ﹇2021﹈ 22 ᠳ᠋ᠤᠭᠠᠷ ᠲᠣᠭᠠᠲᠤ︶᠂ ᠪᠤᠭᠤᠲᠤ ᠬᠤᠲᠠ ᠶᠢᠨ ᠪᠠᠷᠢᠯᠭ᠎ᠠ ᠶᠢᠨ ᠢᠨᠵᠧᠨᠧᠷᠢᠩ ᠤᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠲᠡᠦᠬᠡᠨ ᠠᠴᠠ ᠦᠯᠡᠳᠡᠭᠳᠡᠵᠦ ᠢᠷᠡᠭᠰᠡᠨ ᠲᠥᠷᠥᠯ ᠵᠦᠢᠯ ᠢ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ︽ᠪᠤᠭᠤᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠦᠯᠡᠳᠡᠭᠳᠡᠯ ᠲᠥᠷᠥᠯ ᠵᠦᠢᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠠᠵᠢᠯᠯᠠᠭᠠᠨ ᠤ ᠠᠵᠢᠯ ᠤᠨ ᠵᠦᠭᠯᠡᠭᠦᠷ︾ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ ︵2021 ᠣᠨ ᠤ 9 ᠳ᠋ᠦᠭᠡᠷ ᠰᠠᠷ᠎ᠠ ᠶᠢᠨ 29 ᠤ ᠡᠳᠦᠷ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠵᠢᠴᠢ ᠠᠵᠢᠯ ᠤᠨ ᠱᠠᠭᠠᠷᠳᠠᠯᠭ᠎ᠠ ᠂ ᠳ᠋ᠦᠩ ᠾᠧ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠤᠰ ᠲᠥᠰᠥᠯ ᠢ ᠲᠤᠰᠬᠠᠶᠢᠯᠠᠨ ᠲᠣᠭᠲᠠᠭᠠᠪᠠ᠃ᠬᠤᠶᠠᠷ᠂ ︽ᠬᠡᠷᠡᠭᠵᠢᠭᠦᠯᠬᠦ ᠲᠥᠰᠥᠯ︾ ᠤᠨ ᠭᠤᠣᠯᠳᠠᠯᠭ᠎ᠠ ᠲᠠᠢ ᠠᠵᠢᠯ      ︽ᠬᠡᠷᠡᠭᠵᠢᠭᠦᠯᠬᠦ ᠲᠥᠰᠥᠯ︾ ᠨᠢ ᠳ᠋ᠦᠩ ᠾᠧ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠲᠡᠦᠬᠡᠨ ᠠᠴᠠ ᠦᠯᠡᠳᠡᠭᠳᠡᠵᠦ ᠢᠷᠡᠭᠰᠡᠨ ᠲᠥᠷᠥᠯ ᠵᠦᠢᠯ ᠤᠨ ᠠᠰᠠᠭᠤᠳᠠᠯ ︵ᠳᠣᠷᠣᠭᠰᠢ ᠭᠠᠯ ᠤᠨᠲᠠᠷᠠᠭᠠᠬᠤ ᠦᠯᠡᠳᠡᠭᠳᠡᠯ ᠠᠰᠠᠭᠤᠳᠠᠯ ᠭᠡᠵᠦ ᠲᠣᠪᠴᠢᠯᠠᠨ᠎ᠠ︶ ᠢ ᠲᠣᠬᠢᠲᠠᠢ ᠰᠢᠢᠳᠪᠦᠷᠢᠯᠡᠵᠦ᠂ ᠲᠥᠷᠥᠯ ᠵᠦᠢᠯ ᠤᠨ ᠠᠮᠤᠷ ᠲᠦᠪᠰᠢᠨ ᠤ ᠳᠠᠯᠳᠠ ᠬᠡᠮ ᠢ ᠦᠨᠡᠨᠬᠦ ᠠᠷᠢᠯᠭᠠᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠵᠤ᠂ ᠳ᠋ᠦᠩ ᠾᠧ ᠲᠣᠭᠤᠷᠢᠭ ᠤᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠠᠵᠤ ᠠᠬᠤᠢ ᠨᠡᠶᠢᠭᠡᠮ ᠤᠨ ᠵᠣᠬᠢᠴᠠᠩᠭᠤᠢ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ ᠶᠤᠮ᠃ ᠡᠭᠦᠨ ᠳᠤ ᠳᠣᠣᠷᠠᠬᠢ ᠮᠡᠲᠦ ᠲᠦᠷᠪᠡᠨ ᠬᠡᠰᠡᠭ ᠠᠵᠢᠯ ᠪᠤᠢ᠄ ᠨᠢᠭᠡᠳᠦᠭᠡᠷ ᠬᠡᠰᠡᠭ ᠲᠤ᠂ ᠳ᠋ᠦᠩ ᠾᠧ ᠲᠣᠭᠤᠷᠢᠭ ᠤᠨ ᠵᠠᠰᠠᠭ ᠤᠨ ᠣᠷᠳᠣᠨ ᠳ᠋ᠦᠩ ᠾᠧ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠲᠡᠦᠬᠡᠨ ᠠᠴᠠ ᠦᠯᠡᠳᠡᠭᠳᠡᠵᠦ ᠢᠷᠡᠭᠰᠡᠨ ᠲᠥᠷᠥᠯ ᠵᠦᠢᠯ ᠢ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠰᠤᠷᠭᠠᠨ ᠬᠥᠮᠦᠵᠢᠯ ᠤᠨ ᠰᠢᠰᠲ᠋ᠧᠮ᠂ ᠡᠮᠴᠢᠯᠡᠭᠡᠨ ᠤ ᠰᠢᠰᠲ᠋ᠧᠮ᠂ ᠠᠷᠠᠳ ᠤᠨ ᠶᠠᠪᠤᠳᠠᠯ ᠤᠨ ᠨᠠᠰᠤᠵᠢᠯ ᠤᠨ ᠠᠰᠠᠷᠠᠮᠵᠢ ᠶᠢᠨ ᠰᠢᠰᠲ᠋ᠧᠮ᠂ ᠱᠠᠰᠢᠨ ᠰᠤᠷᠲᠠᠬᠤᠨ ᠤ ᠲᠠᠯᠠᠪᠤᠷ ᠭᠠᠵᠠᠷ᠂ ᠠᠵᠤ ᠦᠢᠯᠡᠳᠪᠦᠷᠢ ᠶᠢᠨ ᠲᠥᠷᠥᠯ ᠵᠦᠢᠯ᠂ ᠪᠧᠢ ᠯᠢᠶᠠᠩ ᠤᠨ ᠲᠥᠪᠬᠢᠨᠡᠭᠦᠯᠬᠦ ᠣᠷᠣᠨ ᠤ ᠲᠥᠷᠥᠯ ᠵᠦᠢᠯ ᠵᠡᠷᠭᠡ ᠵᠢᠷᠭᠤᠭᠠᠨ ᠲᠤᠰᠬᠠᠢ ᠵᠦᠢᠯ ᠤᠨ ᠳᠤᠭᠤᠶᠢᠯᠠᠩ ᠢ ᠪᠠᠶᠢᠭᠤᠯᠵᠤ᠂ ᠡᠯ᠎ᠡ ᠬᠠᠮᠢᠶ᠎ᠠ ᠪᠦᠬᠦᠢ ᠨᠢᠭᠡᠴᠡ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠳᠣᠷᠬᠠᠶᠢᠯᠠᠨ᠎ᠠ᠃ᠬᠤᠶᠠᠳᠤᠭᠠᠷ ᠬᠡᠰᠡᠭ ᠭᠤᠣᠯ ᠡᠭᠦᠷᠭᠡ ᠪᠣᠯ ᠳ᠋ᠦᠩ ᠾᠧ ᠲᠣᠭᠤᠷᠢᠭ ᠤᠨ 1998 ᠣᠨ ᠤ 9 ᠰᠠᠷ᠎ᠠ ᠶᠢᠨ 1 ᠤ ᠡᠳᠦᠷ ᠠᠴᠠ 2020 ᠣᠨ ᠤ 5 ᠰᠠᠷ᠎ᠠ ᠶᠢᠨ 30 ᠤ ᠡᠳᠦᠷ ᠪᠣᠯᠲᠠᠯ᠎ᠠ ᠤᠤᠯ ᠤᠨ ᠭᠠᠯ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠠᠴᠠ ᠭᠥᠯᠢᠶᠡᠨ ᠠᠪᠴᠤ ᠰᠢᠢᠳᠪᠦᠷᠢᠯᠡᠭᠰᠡᠨ ᠪᠣᠯᠪᠠᠴᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠵᠦᠢᠯᠡᠰ ᠵᠢᠴᠢ ᠪᠦᠲᠦᠭᠡᠨ ᠪᠠᠶᠢᠭᠤᠯᠤᠯᠲᠠ ᠶᠢᠨ ᠨᠢᠭᠡᠴᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠪᠠᠷ ᠬᠠᠷᠠᠬᠠᠨ ᠭᠤᠶᠤᠴᠢᠯᠠᠭᠠᠳᠤᠢ ᠵᠦᠢᠯᠡᠰ ᠪᠣᠯᠣᠨ᠎ᠠ᠃ ᠦᠨᠡᠯᠡᠨ ᠵᠢᠱᠢᠬᠦ ᠦᠶ᠎ᠡ ᠲᠤ ᠤᠰᠤᠨ ᠴᠠᠬᠢᠯᠭᠠᠨ ᠵᠡᠷᠭᠡ ᠲᠥᠬᠦᠷᠵᠢᠭᠦᠯᠦᠭᠰᠡᠨ ᠪᠡᠯᠡᠳᠬᠡᠮᠵᠢ ᠪᠠᠷ ᠪᠦᠷᠢᠨ ᠭᠦᠢᠴᠡᠳ ᠨᠢᠭᠡᠨᠲᠡ ᠠᠵᠢᠯ ᠳᠠᠭᠤᠰᠤᠭᠰᠠᠨ ᠪᠠᠷᠢᠯᠭ᠎ᠠ︶ᠢᠶ ᠭᠦᠢᠴᠡᠳᠬᠡᠬᠦ ᠲᠠᠭᠠᠨ ᠬᠦᠨᠳᠦ ᠬᠥᠩᠭᠡᠨ ᠠᠯᠭᠤᠷ ᠪᠠᠴᠢᠮ ᠢᠯᠭᠠᠵᠤ᠂ ᠨᠡᠶᠢᠲᠡ ᠶᠢᠨ ᠠᠰᠠᠷᠠᠮᠵᠢ ᠶᠢᠨ ᠲᠥᠷᠥᠯ ᠤᠨ ᠲᠥᠷᠥᠯ ᠵᠦᠢᠯ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ᠂ ᠠᠵᠤ ᠦᠢᠯᠡᠳᠪᠦᠷᠢ ᠶᠢᠨ ᠲᠥᠷᠥᠯ ᠵᠦᠢᠯ᠂ ᠪᠤᠰᠤᠳ ᠲᠥᠷᠥᠯ ᠤᠨ ᠲᠥᠷᠥᠯ ᠵᠦᠢᠯ  ᠤᠨ ᠨᠥᠬᠦᠴᠡᠯ ᠪᠦᠷᠢᠳᠦᠭᠰᠡᠨ  ᠢ ᠨᠢ ᠦᠷᠭᠦᠯᠵᠢᠯᠡᠨ ᠡᠬᠢᠯᠡᠭᠦᠯᠵᠦ ᠪᠣᠯᠣᠨ᠎ᠠ᠃ ᠭᠤᠷᠪᠠᠳᠤᠭᠠᠷ ᠬᠡᠰᠡᠭ᠂ ᠠᠵᠢᠯ ᠤᠨ ᠠᠷᠭ᠎ᠠ ᠬᠡᠮᠵᠢᠶ᠎ᠡ ᠪᠣᠯ ᠦᠯᠡᠳᠡᠭᠳᠡᠯ ᠵᠦᠢᠯᠡᠰ ᠢ ᠭᠦᠢᠴᠡᠳᠬᠡᠬᠦ ᠶᠠᠪᠤᠴᠠ ᠳᠤ ᠵᠢᠷᠤᠮᠯᠠᠬᠤ ᠶᠣᠰᠣᠲᠠᠢ ᠠᠵᠢᠯ ᠤᠨ ᠶᠠᠪᠤᠴᠠ ᠪᠣᠯᠣᠨ᠎ᠠ᠃ᠳᠥᠷᠪᠡᠳᠦᠭᠡᠷ ᠬᠡᠰᠡᠭ᠂ ᠮᠡᠷᠭᠡᠵᠢᠯ ᠤᠨ ᠪᠠᠷᠢᠮᠵᠢᠶ᠎ᠠ ᠪᠣᠯ ᠦᠯᠡᠳᠡᠭᠳᠡᠯ ᠵᠦᠢᠯᠡᠰ ᠢ ᠴᠡᠭᠴᠡᠯᠡᠨ ᠵᠠᠰᠠᠬᠤ ᠶᠠᠪᠤᠴᠠ ᠳᠤ ᠵᠢᠷᠤᠮᠯᠠᠬᠤ ᠴᠢᠬᠤᠯᠠᠲᠠᠢ ᠠᠵᠢᠯ ᠤᠨ ᠱᠠᠭᠠᠷᠳᠠᠯᠭ᠎ᠠ ᠪᠣᠯᠣᠨ᠎ᠠ᠃ᠭᠤᠷᠪᠠ᠂ ︽ᠬᠡᠷᠡᠭᠵᠢᠭᠦᠯᠬᠦ ᠲᠥᠰᠥᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ      ᠨᠢᠭᠡ ᠳᠤ ᠤᠳᠤᠷᠢᠳᠬᠤ ᠳᠤᠭᠤᠶᠢᠯᠠᠩ ᠨᠢ ᠭᠠᠯ ᠤᠨᠲᠠᠷᠠᠭᠠᠬᠤ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠬᠠᠷᠢᠭᠤᠴᠠᠯᠭ᠎ᠠ ᠶᠢᠨ ᠭᠤᠣᠯ ᠴᠣᠭᠴᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠶᠠᠷ ᠲᠤ ᠬᠠᠮᠢᠶ᠎ᠠ ᠪᠦᠬᠦᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠣᠳ ᠭᠠᠯ ᠤᠨᠲᠠᠷᠠᠭᠠᠬᠤ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠶᠢᠨ ᠲᠤᠰᠠᠳᠠ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠬᠠᠷᠢᠭᠤᠴᠠᠯᠭ᠎ᠠ ᠶᠢᠨ ᠭᠤᠣᠯ ᠴᠣᠭᠴᠠ ᠪᠣᠯᠣᠨ᠎ᠠ᠃ ᠭᠤᠷᠪᠠ ᠲᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠲᠤ ᠦᠯᠡᠳᠡᠭᠡᠭᠰᠡᠨ ᠲᠥᠷᠥᠯ ᠵᠦᠢᠯ ᠤᠨ ᠬᠤᠯᠪᠣᠭᠳᠠᠬᠤ ᠬᠡᠪᠴᠢᠶ᠎ᠡ ᠨᠢ ᠥᠷᠭᠡᠨ᠂ ᠠᠵᠢᠯ ᠤᠨ ᠬᠡᠮᠵᠢᠶ᠎ᠡ ᠨᠢ ᠶᠡᠭᠡ᠂ ᠠᠰᠠᠭᠤᠳᠠᠯ ᠨᠢ ᠪᠤᠳᠤᠯᠢᠶᠠᠨᠲᠠᠢ᠃ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠠᠬᠢᠭᠤᠯᠬᠤ ᠶᠡᠭᠡ ᠲᠠᠯ᠎ᠠ ᠶᠢᠨ ᠥᠨᠳᠥᠷᠴᠡ ᠠᠴᠠ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠢᠳᠡᠪᠬᠢᠲᠡᠢ ᠡᠭᠦᠷᠭᠡᠯᠡᠵᠦ᠂ ᠨᠢᠭᠲᠠ ᠬᠠᠮᠵᠢᠯᠴᠠᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ᠳᠥᠷᠪᠡ ᠳᠤ᠂ ᠤᠳᠤᠷᠢᠳᠬᠤ ᠳᠤᠭᠤᠶᠢᠯᠠᠩ ᠤᠨ ᠬᠢᠨ ᠭᠠᠯ ᠤᠨᠲᠠᠷᠠᠭᠠᠯᠲᠠ ᠶᠢᠨ ᠦᠯᠡᠳᠡᠭᠳᠡᠯ ᠲᠥᠷᠥᠯ ᠵᠦᠢᠯ ᠤᠨ ᠲᠤᠭ᠎ᠠ ᠬᠡᠮᠵᠢᠶ᠎ᠡ᠂ ᠬᠥᠮᠥᠨ ᠤ ᠬᠦᠴᠦᠨ ᠵᠡᠷᠭᠡ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠬᠠᠷᠢᠭᠤᠴᠠᠯᠭ᠎ᠠ ᠶᠢᠨ ᠠᠵᠢᠯ ᠣᠨ ᠬᠤᠪᠢᠶᠠᠷᠢᠯᠠᠯ‌ᠢ ᠨᠠᠷᠢᠯᠢᠭᠵᠢᠭᠤᠯᠤᠨ᠂ ᠰᠢᠢᠳᠪᠦᠷᠢᠯᠡᠬᠦ ᠠᠵᠢᠯ‌ᠣᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ᠂ ᠭᠠᠯ ᠤᠨᠲᠠᠷᠠᠭᠠᠬᠤ ᠲᠥᠷᠥᠯ ᠵᠦᠢᠯ  ᠣᠨ ᠭᠠᠷᠳᠠᠮ ᠲᠦᠷᠭᠡᠳᠬᠡᠨ ᠭᠦᠢᠴᠡᠳᠬᠡᠵᠦ᠂ ᠪᠦᠲᠦᠭᠡᠨ ᠪᠠᠶᠢᠭᠤᠯᠬᠤ ᠨᠢᠭᠡᠴᠡ ᠶᠢᠨ ᠲᠡᠷᠢᠭᠦᠨ ᠴᠢᠬᠤᠯᠠ ᠬᠠᠷᠢᠭᠤᠴᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢᠨ ᠵᠢᠷᠤᠭ ᠲᠥᠯᠥᠪᠯᠡᠭᠡ ᠶᠢᠨ ᠮᠡᠷᠭᠡᠵᠢᠯ‌ᠣᠨ ᠬᠢᠨᠠᠨ ᠪᠠᠶᠢᠴᠠᠭᠠᠯᠲᠠ᠂ ᠭᠠᠯ ᠤᠨᠲᠠᠷᠠᠭᠠᠬᠤ ᠪᠡᠯᠡᠳᠬᠡᠮᠵᠢ ᠶᠢ ᠪᠠᠶᠢᠴᠠᠭᠠᠨ ᠬᠡᠮᠵᠢᠬᠦ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠶᠢ ᠰᠢᠯᠭᠠᠨ ᠠᠪᠴᠤ ᠦᠨᠡᠯᠡᠨ ᠲᠣᠭᠲᠠᠭᠠᠬᠤ᠂ ᠭᠠᠯ ᠤᠨᠲᠠᠷᠠᠭᠠᠬᠤ ᠶᠢ ᠦᠨᠡᠯᠡᠨ ᠵᠢᠱᠢᠬᠦ ᠵᠡᠷᠭᠡ ᠦᠢᠯᠡᠴᠢᠯᠡᠭᠡᠨ ᠬᠠᠩᠭᠠᠬᠤ ᠮᠡᠷᠭᠡᠵᠢᠯ ᠤᠨ ᠦᠢᠯᠡᠴᠢᠯᠡᠭᠡᠨ ᠪᠠᠶᠢᠭᠤᠯᠤᠮᠵᠢ ᠨᠤᠭᠤᠳ ᠭᠠᠷᠭᠠᠭᠰᠠᠨ ᠰᠠᠨᠠᠯ ᠪᠤᠶᠤ ᠮᠡᠳᠡᠭᠦᠯᠦᠯᠳ᠋ᠨ ᠬᠠᠷᠢᠭᠤᠴᠠᠬᠤ ᠶᠢᠨ ᠬᠠᠮᠲᠤ ᠠᠮᠠᠯᠠᠯᠲᠠ ᠬᠢᠬᠦ ᠬᠡᠷᠡᠭᠲᠡᠢ᠃ᠬᠠᠷᠢᠯᠴᠠᠬᠤ ᠬᠥᠮᠥᠨ᠄ ᠴᠠᠩ ᠪᠥᠸᠧ ᠶᠢᠨ ᠬᠠᠷᠢᠯᠴᠠᠬᠤ ᠤᠲᠠᠰᠤ᠄ 13088443360ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ2022 ᠣᠨ ᠤ 1 ᠰᠠᠷ᠎ᠠ ᠶᠢᠨ 10 ᠤ ᠡᠳᠦᠷ
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1