︽ᠨᠠᠨ ᠭᠧ ᠳ᠋ᠦᠩ ᠵᠡᠭᠡᠯᠢ ᠭᠤᠳᠤᠮᠵᠢ ︾  ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠵᠤ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠵᠠᠢ
ᠨᠡᠶᠢᠲᠡᠯᠡᠭᠰᠡᠨ ᠴᠠᠭ᠄
2022/3/10
     ᠬᠠᠪᠤᠷ ᠤᠨ ᠤᠷᠢᠨ ᠳᠤᠯᠠᠭᠠᠨ ᠭᠤᠷᠪᠠᠨ ᠰᠠᠷ᠎ᠠ ᠳᠤ᠂ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠪᠣᠯᠣᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠠᠷᠠᠳ ᠤᠯᠠᠨ ᠤ ᠬᠦᠰᠡᠯ ᠨᠠᠶᠢᠳᠠᠯᠭ᠎ᠠ ᠪᠣᠯᠣᠨ ᠬᠦᠰᠡᠯ ᠡᠷᠡᠮᠡᠯᠵᠡᠯ ᠢ ᠡᠭᠦᠷᠭᠡᠯᠡᠵᠦ᠂ ᠲᠡᠦᠬᠡ ᠠᠴᠠ ᠳᠠᠭᠠᠭᠠᠯᠭᠠᠭᠰᠠᠨ ᠬᠠᠷᠢᠭᠤᠴᠠᠯᠭ᠎ᠠ ᠪᠣᠯᠣᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ ᠨᠢᠭᠡ ᠲᠠᠩᠬᠢᠮ ᠳᠤ ᠴᠤᠭᠯᠠᠷᠠᠪᠠ᠃ᠤᠯᠤᠰ ᠤᠨ ᠶᠡᠭᠡ ᠪᠣᠳᠣᠯᠭ᠎ᠠ ᠶᠢ ᠬᠠᠮᠲᠤᠪᠠᠷ ᠵᠥᠪᠯᠡᠵᠦ᠂ ᠡᠬᠡ ᠤᠯᠤᠰ ᠤᠨ ᠬᠥᠭᠵᠢᠯᠲᠡ ᠳᠤ ᠠᠷᠭ᠎ᠠ ᠤᠬᠠᠭᠠᠨ ᠡᠷᠭᠦᠵᠦ᠂ ᠠᠷᠠᠳ ᠢᠷᠭᠡᠳ ᠤᠨ ᠬᠦᠰᠡᠯ ᠡᠷᠡᠮᠡᠯᠵᠡᠯ ᠢ ᠬᠦᠰᠡᠨ᠎ᠡ᠃      3 ᠳ᠋ᠤᠭᠠᠷ ᠰᠠᠷ᠎ᠠ ᠶᠢᠨ 5 ᠤ ᠡᠳᠦᠷ ᠤᠨ ᠦᠳᠡ ᠶᠢᠨ ᠬᠤᠶᠢᠨ᠎ᠠ᠂ ᠶᠡᠷᠦᠩᠬᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠤ ᠥᠪᠥᠷᠨᠠᠨ ᠭᠧ ᠳ᠋ᠦᠩ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠯᠢᠦ ᠵᠢᠢ ᠢᠦᠢ ᠶᠡᠷᠦᠩᠬᠡᠢ ᠱᠦᠵᠢ ᠰᠢ ᠶᠢᠨ ᠫᠢᠩ ᠋ ᠤ ᠶᠠᠷᠢᠶ᠎ᠠ ᠶᠢ ᠦᠵᠡᠭᠰᠡᠨ ᠤ ᠪᠠᠨ ᠳᠠᠷᠠᠭ᠎ᠠ᠄︽ᠪᠢᠳᠡ ᠶᠡᠷᠦᠩᠬᠡᠢ ᠱᠦᠵᠢ ᠰᠢ ᠶᠢᠨ ᠫᠢᠩ ᠋ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠂ ᠨᠢᠭᠡ ᠳᠤ᠂ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠬᠤ ᠪᠠ ᠪᠠᠳᠠᠷᠠᠭᠤᠯᠬᠤ ᠠᠵᠢᠯ ᠢ ᠰᠠᠶᠢᠲᠤᠷ ᠬᠢᠵᠦ᠂ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠵᠤ᠂ ᠡᠵᠡᠮᠰᠢᠵᠦ᠂ ᠪᠣᠳᠠᠲᠠᠶᠢᠵᠢᠭᠤᠯᠵᠤ᠂ ᠨᠠᠮ ᠤᠨ ᠲᠠᠭᠤᠨ ᠢ ᠦᠨᠳᠦᠰᠦᠨ ᠱᠠᠲᠤᠨ ᠤ ᠥᠨᠴᠥᠭ ᠪᠤᠯᠤᠩ ᠪᠣᠯᠭᠠᠨ ᠳᠤ ᠳᠠᠮᠵᠢᠭᠤᠯᠬᠤ ᠬᠡᠷᠡᠭᠲᠡᠢ︾ᠭᠡᠵᠦ ᠢᠯᠡᠳᠬᠡᠪᠡ᠃ ᠬᠤᠶᠠᠷ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠨᠠᠮ ᠤᠨ ᠲᠥᠪ ᠬᠤᠷᠢᠶ᠎ᠠ ᠪᠠ ᠤᠯᠤᠰ ᠤᠨ ᠭᠠᠷᠭᠠᠭᠰᠠᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢ ᠡᠷᠡᠰ ᠬᠦᠷᠢᠶᠡᠯᠡᠬᠦ ᠬᠡᠷᠡᠭᠲᠡᠢ᠃ ᠡᠳᠦᠷ ᠲᠤᠳᠤᠮ ᠤᠨ ᠠᠮᠢᠳᠤᠷᠠᠯ ᠠᠵᠢᠯ ᠰᠤᠷᠤᠯᠴᠠᠯᠭ᠎ᠠ ᠳᠤᠮᠳᠠ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠭᠦᠢᠴᠡᠳᠬᠡᠪᠡᠰᠦ ᠵᠣᠬᠢᠬᠤ ᠡᠭᠦᠷᠭᠡ ᠶᠢ ᠤᠬᠠᠮᠰᠠᠷ ᠠᠴᠠ ᠪᠠᠨ ᠭᠦᠢᠴᠡᠳᠬᠡᠵᠦ᠂ ᠵᠡᠭᠡᠯᠢ ᠭᠤᠳᠤᠮᠵᠢ ᠶᠢᠨ ᠺᠠᠳ᠋ᠷ ᠤᠯᠠᠨ ᠲᠦᠮᠡᠨ ᠢ ᠢᠳᠡᠪᠬᠢᠲᠡᠢ ᠪᠠᠷ ᠳᠠᠶᠢᠴᠢᠯᠠᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ᠂ ᠶᠠᠷᠢᠯᠴᠠᠬᠤ ᠪᠠ ᠦᠢᠯᠡᠳᠦᠯᠭᠡ ᠳᠤ ᠣᠷᠣᠯᠴᠠᠭᠤᠯᠬᠤ ᠬᠡᠷᠡᠭᠲᠡᠢ᠃ ᠭᠤᠷᠪᠠ ᠳᠤ᠂ ᠬᠤᠶᠢᠰᠢᠳᠠ ᠶᠢᠨ ᠠᠵᠢᠯ ᠤᠨ ᠳᠤᠮᠳᠠ ᠪᠠᠨ ᠪᠢ ᠣᠷᠣᠨ ᠤ ᠨᠠᠮ ᠤᠨ ᠬᠤᠷᠢᠶ᠎ᠠ᠂ ᠣᠷᠣᠨ ᠤ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠤᠶᠠᠷ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠮᠠᠨ ᠤ ᠵᠡᠭᠡᠯᠢ ᠭᠤᠳᠤᠮᠵᠢ ᠶᠢᠨ ᠡᠯ᠎ᠡ ᠵᠦᠢᠯ ᠤᠨ ᠬᠡᠷᠡᠭ ᠶᠠᠪᠤᠳᠠᠯ ᠢ ᠨᠢᠭᠡᠳᠦᠯᠲᠡᠢ ᠲᠥᠯᠥᠪᠵᠢᠭᠦᠯᠵᠦ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠲᠦᠷᠦᠭᠦᠯᠡᠨ ᠦᠢᠯᠡᠳᠦᠯᠭᠡᠵᠢᠭᠦᠯᠵᠦ᠂ ᠰᠢᠷᠭᠠᠭᠤ ᠬᠢᠴᠢᠶᠡᠩᠭᠦᠢ ᠪᠠᠷ ᠯᠠᠪᠳᠠᠭᠤᠨ ᠪᠠᠲᠤᠲᠠᠢ ᠠᠵᠢᠯᠯᠠᠵᠤ᠂ ᠳ᠋ᠦᠩ ᠾᠧ ᠲᠣᠭᠤᠷᠢᠭ ᠤᠨ ᠠᠵᠤ ᠦᠢᠯᠡᠰ ᠬᠥᠭᠵᠢᠭᠰᠡᠨ᠂ ᠠᠮᠢᠳᠤᠷᠠᠯ ᠴᠢᠨᠡᠭᠡᠯᠢᠭ ᠬᠤᠳᠠ ᠶᠢᠨ ᠲᠣᠭᠤᠷᠢᠭ ᠪᠣᠯᠭᠠᠨ ᠪᠠᠶᠢᠭᠤᠯᠬᠤ ᠳᠤ ᠬᠦᠴᠦᠨ ᠴᠢᠳᠠᠯ ᠢᠶᠠᠨ ᠨᠡᠮᠡᠷᠢᠯᠡᠨ᠎ᠡ︕︾ ᠭᠡᠵᠦ ᠬᠡᠯᠡᠪᠡ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠨᠠᠨ ᠭᠧ ᠳ᠋ᠦᠩ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1