︽ᠨᠠᠨ ᠭᠧ ᠳ᠋ᠦᠩ ᠵᠡᠭᠡᠯᠢ ︾ ᠶᠢᠨ ᠬᠢᠵᠢᠭ ᠢ ᠡᠰᠡᠷᠭᠦᠴᠡᠬᠦ ᠠᠵᠢᠯᠯᠠᠭ᠎ᠠ ᠮᠥᠷᠥᠨ ᠤ ᠬᠠᠯᠠᠭᠤᠨ ᠤ ᠬᠡᠮᠵᠢᠶ᠎ᠡ ᠪᠠᠷ ᠳᠡᠯᠭᠡᠷᠡᠪᠡ
ᠨᠡᠶᠢᠲᠡᠯᠡᠭᠰᠡᠨ ᠴᠠᠭ᠄
2022/3/10
       2022 ᠣᠨ ᠤ 2 ᠰᠠᠷ᠎ᠠ  ᠶᠢᠨ 10 ᠤ ᠡᠳᠦᠷ ᠬᠢᠵᠢᠭ ᠤᠨ ᠪᠠᠶᠢᠳᠠᠯ ᠳᠠᠬᠢᠨ ᠡᠭᠦᠰᠴᠦ᠂ 5 ᠬᠥᠮᠥᠨ᠂ 10 ᠬᠥᠮᠥᠨ 15 ᠬᠥᠮᠥᠨ ᠁ ᠡᠪᠡᠳᠴᠢᠨ ᠤ ᠵᠢᠱᠢᠶ᠎ᠡ ᠤᠯᠠᠮ  ᠠᠴᠠ ᠤᠯᠠᠮ ᠣᠯᠠᠰᠢᠷᠠᠵᠤ᠂ ᠡᠨᠡᠬᠦ ᠵᠢᠵᠢᠭ ᠬᠤᠲᠠ ᠳᠤ ᠸᠢᠷᠦ᠋ᠰ ᠳᠡᠯᠭᠡᠷᠡᠵᠡᠢ᠃      ᠪᠢᠳᠡ ᠬᠡᠳᠦᠶᠢᠪᠡᠷ ᠤᠷᠢᠳᠴᠢᠯᠠᠨ ᠪᠡᠯᠡᠳᠬᠡᠯ ᠲᠠᠢ ᠪᠣᠯᠤᠭᠰᠠᠨ ᠪᠣᠯᠪᠠᠴᠤ ᠬᠢᠵᠢᠭ ᠤᠨ ᠪᠠᠶᠢᠳᠠᠯ ᠤᠨ ᠡᠮᠦᠨ᠎ᠡ ᠪᠢᠳᠡ ᠡᠶᠢᠮᠦ ᠥᠴᠥᠬᠡᠨ ᠲᠡᠳᠦᠢ ᠪᠠᠶᠢᠵᠤ᠂ ᠵᠡᠭᠡᠯᠢ ᠭᠤᠳᠤᠮᠵᠢ ᠶᠢᠨ ᠠᠵᠢᠯᠲᠠᠨ ᠨᠢᠭᠡᠪᠦᠷᠢ ᠴᠥᠮ ᠡᠮᠦᠨ᠎ᠡ ᠹᠷᠣᠨᠲ ᠲᠤ ᠲᠠᠭᠠᠷᠢᠨ ᠣᠴᠢᠵᠤ᠂ ᠡᠳᠦᠷ ᠰᠥᠨᠢ ᠦᠭᠡᠢ ᠬᠢᠵᠢᠭ ᠤᠨ ᠪᠠᠶᠢᠳᠠᠯ ᠢ ᠡᠰᠡᠷᠭᠦᠴᠡᠬᠦ ᠠᠵᠢᠯ ᠤᠨ ᠲᠥᠯᠥᠭᠡ ᠦᠨᠡᠨ ᠰᠡᠳᠬᠢᠯ ᠠᠴᠠ ᠪᠠᠨ ᠵᠢᠳᠬᠦᠵᠦ ᠪᠠᠶᠢᠯ᠎ᠠ᠃ ᠡᠨᠡ ᠦᠶ᠎ᠡ ᠳᠤ ᠪᠢᠳᠡ ᠬᠡᠳᠦᠶᠢᠪᠡᠷ ᠬᠢᠵᠢᠭ ᠤᠨ ᠪᠠᠶᠢᠳᠠᠯ ᠢ ᠡᠰᠡᠷᠭᠦᠴᠡᠬᠦ ᠠᠵᠢᠯ ᠤᠨ ᠲᠥᠯᠥᠭᠡ ᠦᠨᠡᠨ ᠰᠡᠳᠬᠢᠯ ᠠᠴᠠ ᠪᠠᠨ ᠵᠢᠳᠬᠦᠨ ᠵᠢᠳᠬᠦᠵᠦ ᠪᠠᠶᠢᠭᠰᠠᠨ ᠪᠣᠯᠪᠠᠴᠤ ᠬᠢᠵᠢᠭ ᠤᠨ ᠪᠠᠶᠢᠳᠠᠯ ᠢ ᠡᠰᠡᠷᠭᠦᠴᠡᠬᠦ ᠠᠵᠢᠯ ᠤᠨ ᠲᠥᠯᠥᠭᠡ ᠦᠬᠦᠨ ᠵᠢᠳᠬᠦᠵᠦ ᠪᠠᠶᠢᠯ᠎ᠠ᠃ᠬᠡᠳᠦᠶᠢᠪᠡᠷ ᠡᠶᠢᠮᠦ ᠪᠣᠯᠪᠠᠴᠤ᠂ ᠲᠤᠶᠢᠯ ᠤᠨ ᠶᠡᠭᠡ ᠠᠵᠢᠯ ᠤᠨ ᠬᠡᠮᠵᠢᠶ᠎ᠡ ᠳᠤ ᠬᠥᠮᠥᠨ ᠬᠦᠷᠦᠯᠴᠡᠬᠦ ᠦᠭᠡᠢ᠂ ᠡᠳ᠋ ᠪᠣᠳᠠᠰ ᠳᠤᠲᠠᠭᠳᠠᠬᠤ ᠵᠢᠴᠢ ᠬᠡᠰᠡᠭ ᠰᠠᠭᠤᠭᠠᠯᠢ ᠠᠷᠠᠳ ᠤᠨ ᠣᠶᠢᠯᠠᠭᠠᠬᠤ ᠦᠭᠡᠢ ᠪᠠᠶᠢᠳᠠᠯ ᠬᠦᠨᠳᠦ ᠨᠣᠴᠢᠲᠠᠢ ᠣᠷᠣᠰᠢᠵᠤ ᠪᠠᠶᠢᠬᠤ ᠪᠣᠯᠪᠠᠴᠤ ᠵᠠᠷᠢᠮ ᠬᠥᠮᠥᠰ ᠶᠡᠷᠦᠨᠢ ᠥᠪᠡᠷ ᠤᠨ ᠢᠶᠠᠨ ︽ᠵᠢᠵᠢᠭ ᠭᠠᠯ︾ ᠢᠶᠠᠷ ᠢᠶᠠᠨ ᠴᠢᠮᠠᠶᠢ ᠳᠤᠯᠠᠭᠠᠯᠠᠵᠤ ᠪᠠᠶᠢᠳᠠᠭ᠃      ᠡᠲᠡᠭᠡᠷ ︽ᠤᠯᠠᠭᠠᠨ ᠬᠠᠨᠴᠤᠢ ᠶᠢᠨ ᠲᠡᠮᠳᠡᠭ︾ ᠵᠢᠷᠤᠮᠲᠤ ᠪᠠᠭᠠᠲᠤᠷᠴᠤᠳ ᠨᠢ ᠲᠣᠰ ᠲᠣᠰ ᠡᠯ᠎ᠡ ᠠᠵᠢᠯ ᠲᠥᠷᠥᠯ᠂ ᠡᠯ᠎ᠡ ᠨᠠᠰᠤᠨ ᠤ ᠱᠠᠲᠤᠨ ᠠᠴᠠ ᠢᠷᠡᠯᠲᠡ ᠲᠠᠢ ᠶᠤᠮ᠃ ᠠᠮᠠᠷᠠᠯᠲᠠ ᠶᠢᠨ ᠬᠤᠭᠤᠴᠠᠭ᠎ᠠ ᠲᠠᠢ ᠣᠶᠤᠲᠠᠨ᠂ ᠠᠵᠢᠯ ᠬᠦᠯᠢᠶᠡᠵᠦ ᠭᠡᠷ ᠲᠡᠭᠡᠨ ᠪᠠᠶᠢᠬᠤ ᠬᠠᠯᠠᠭᠤᠨ ᠰᠡᠳᠬᠢᠯ ᠲᠠᠢ ᠰᠠᠭᠤᠭᠠᠯᠢ ᠠᠷᠠᠳ᠂ ᠪᠠᠰᠠ ᠬᠠᠷᠢᠶ᠎ᠠ ᠣᠷᠣᠨ ᠤ ᠢᠳᠡᠪᠬᠢᠲᠡᠢ ᠨᠠᠮ ᠤᠨ ᠭᠡᠰᠢᠭᠦᠨ ᠲᠠᠢ᠂ ᠪᠢᠳᠡ ᠡᠳᠡᠭᠡᠷ ᠰᠠᠶᠢᠨ ᠳᠤᠷ᠎ᠠ ᠶᠢᠨ ᠠᠵᠢᠯᠯᠠᠭᠰᠠᠳ ᠢ ᠶᠡᠷᠦᠩᠬᠡᠢ ᠳᠤᠨᠢ ︽ᠤᠯᠠᠭᠠᠨ ᠬᠠᠨᠴᠤᠢ ᠲᠠᠢ ᠪᠠᠭᠠᠲᠤᠷ︾ ᠭᠡᠵᠦ ᠨᠡᠷᠡᠯᠡᠨ᠎ᠡ᠃      ᠪᠥᠬᠦ ᠬᠥᠮᠥᠰ ᠤᠨ ᠪᠥᠭᠡᠮ ᠬᠦᠴᠢᠯ ᠤᠨ ᠡᠩᠨᠡᠭᠡᠨ ᠳᠤ᠂ ᠪᠢᠲᠡᠭᠦᠮᠵᠢᠯᠡᠭᠰᠡᠨ ᠬᠤᠷᠢᠶᠠᠯᠠᠯ ᠤᠨ ᠡᠭᠦᠳᠡᠨ ᠳᠡᠭᠡᠷ᠎ᠡ ᠲᠡᠳᠡᠨ ᠤ ᠪᠠᠷ᠎ᠠ ᠶᠢ ᠭᠠᠵᠠᠷ ᠪᠣᠯᠭᠠᠨ ᠳᠤ ᠣᠯᠵᠤ ᠬᠠᠷᠠᠨ᠎ᠠ᠂ ᠲᠠᠳᠠ ᠪᠠᠶᠢᠪᠠᠯ ᠮᠠᠨ ᠤ ᠬᠢᠵᠢᠭ ᠤᠨ ᠪᠠᠶᠢᠳᠠᠯ ᠤᠨ ᠠᠵᠢᠯ ᠤᠨ ᠤᠷᠤᠭᠰᠢᠲᠠᠢ ᠶᠠᠪᠤᠭᠳᠠᠬᠤ ᠶᠢ ᠨᠠᠩ ᠪᠠᠲᠤᠯᠠᠵᠤ ᠴᠢᠳᠠᠨ᠎ᠠ︕      ᠶᠠᠭᠠᠷᠠᠯᠲᠠᠢ ᠡᠳᠦᠷ ᠲᠤᠲᠤᠮ ᠤᠨ ᠠᠵᠢᠯ ᠤᠨ ᠳᠤᠮᠳᠠ᠂ ᠵᠠᠷᠢᠮ ᠬᠥᠮᠥᠨ ︽ᠠᠨᠵᠧᠯ︾ ᠰᠢᠭ ᠬᠠᠵᠠᠭᠤ  ᠳᠤᠨᠢ ᠰᠡᠮᠡᠭᠡᠷ ᠢᠷᠡᠳᠡᠭ᠃ {ᠠᠨᠵᠧᠯ︾ ᠲᠠᠢ ᠠᠳᠠᠯᠢ ᠪᠠᠷ᠂ ᠵᠠᠷᠢᠮ ᠳᠠᠭᠠᠨ ᠵᠠᠷᠢᠮ ᠳᠠᠭᠠᠨ ︽ᠠᠨᠵᠧᠯ︾ ᠲᠠᠢ ᠠᠳᠠᠯᠢ ᠪᠠᠷ ᠬᠠᠵᠠᠭᠤ ᠳᠤᠨᠢ ᠴᠢᠨᠢ ᠢᠷᠡᠵᠦ ᠰᠠᠭᠤᠳᠠᠭ ᠢ ᠨᠢ ᠣᠯᠵᠤ ᠬᠠᠷᠠᠳᠠᠭ᠃ᠲᠡᠳᠠ ᠪᠢᠳᠡᠠ ᠤ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠶᠢ ᠵᠦᠢ ᠶᠣᠰᠣᠨ ᠤ ᠬᠡᠷᠡᠭ ᠭᠡᠵᠦ ᠦᠵᠡᠭᠰᠡᠨ ᠤᠶᠢᠭᠡᠢ᠂ ᠥᠪᠡᠷ ᠤᠨ ᠨᠢᠭᠡ ᠬᠤᠪᠢ ᠬᠦᠴᠦ ᠪᠠᠷ ᠢᠶᠠᠨ ᠪᠦᠬᠦ ᠠᠵᠢᠯᠲᠠᠨ ᠢ ᠲᠡᠮᠵᠢᠵᠦ᠂ ᠪᠢᠳᠡᠠ ᠳᠤ ᠡᠯᠳᠡᠪ ᠵᠦᠢᠯ ᠤᠨ ᠠᠮᠢᠳᠤᠷᠠᠯ ᠤᠨ ᠡᠳ᠋ ᠪᠣᠳᠠᠰ ᠢ ᠬᠠᠨᠳᠢᠪᠯᠡᠵᠤ ᠥᠭᠴᠡᠢ᠂ ᠡᠭᠦᠨ ᠳᠤ ᠵᠢᠮᠢᠰ᠂ ᠲᠤᠶᠢᠬᠦᠮ ᠢᠳᠡᠭᠡᠨ᠂ ᠡᠮ ᠡᠮᠨᠡᠯᠭᠡ ᠶᠢᠨ ᠡᠳ᠋ ᠪᠣᠳᠠᠰ ᠵᠢᠴᠢ ᠳᠤᠯᠠᠭᠠᠯᠠᠬᠤ ᠲᠤᠨᠤᠬ ᠲᠥᠬᠦᠭᠡᠷᠦᠮᠵᠢ ᠵᠡᠷᠭᠡ ᠤᠯᠡᠠ ᠵᠦᠢᠯ ᠤᠨ ᠠᠮᠢᠳᠤᠷᠠᠯ ᠤᠨ ᠡᠳ᠋ ᠪᠣᠳᠠᠰ ᠢ ᠬᠠᠩᠭᠠᠵᠤ ᠥᠭᠭᠦᠭᠰᠡᠨ ᠪᠠᠶᠢᠨ᠎ᠠ᠃ ᠲᠡᠳᠡ ᠬᠡᠳᠦᠶᠢᠪᠡᠷ ᠵᠢᠷ ᠤᠨ ᠬᠥᠮᠥᠨ ᠪᠣᠯᠪᠠᠴᠤ ᠥᠪᠡᠷ ᠤᠨ ᠶᠡᠷᠦ ᠪᠤᠰᠤ ᠶᠢᠨ ᠠᠵᠢᠯᠯᠠᠭ᠎ᠠ ᠪᠠᠷ ᠢᠶᠠᠨ ᠪᠦᠬᠦ ᠳᠡᠯᠡᠬᠡᠢ ᠶᠢ ᠳᠤᠯᠠᠭᠠᠴᠠᠭᠤᠯᠤᠨ᠎ᠠ!      ᠬᠡᠳᠦᠶᠢᠪᠡᠷ ᠠᠵᠢᠯ ᠤᠨ ᠳᠤᠮᠳᠠ ᠮᠠᠰᠢ ᠤᠯᠠᠨ ᠣᠶᠢᠯᠠᠭᠠᠬᠤ ᠦᠭᠡᠢ ᠪᠠᠶᠢᠳᠠᠯ ᠣᠷᠣᠰᠢᠵᠤ ᠪᠠᠶᠢᠬᠤ ᠪᠣᠯᠪᠠᠴᠤ ᠣᠯᠠᠩᠬᠢ ᠰᠠᠭᠤᠭᠠᠯᠢ ᠠᠷᠠᠳ ᠴᠥᠮ ᠪᠢᠳᠡᠨ ᠤ ᠴᠢᠷᠮᠠᠶᠢᠯᠭ᠎ᠠ ᠶᠢ ᠣᠯᠵᠤ ᠦᠵᠡᠭᠰᠡᠨ ᠪᠠᠶᠢᠨ᠎ᠠ᠃ᠥᠴᠥᠬᠡᠨ ︽ᠵᠦᠳᠡᠷᠡᠯ᠎ᠡ︾ ᠭᠡᠰᠡᠨ ᠦᠭᠡ ᠨᠢ ᠪᠦᠬᠦ ᠠᠵᠢᠯᠲᠠᠳ ᠤᠨ ᠲᠠᠯᠠᠭᠠᠷ ᠰᠦᠢᠳᠬᠡᠭᠰᠡᠨ ᠦᠭᠡᠢ ᠶᠢ ᠲᠥᠯᠥᠭᠡᠯᠡᠵᠦ᠂ ︽ᠲᠠᠯᠠᠷᠬᠠᠯ᠎ᠠ︾ᠭᠡᠰᠡᠨ ᠦᠭᠡ ᠨᠢ ᠠᠵᠢᠯᠲᠠᠨ ᠨᠢᠭᠡᠪᠦᠷᠢ ᠶᠢᠨ ᠰᠡᠳᠬᠢᠯ ᠢ ᠳᠤᠯᠠᠭᠠᠴᠠᠭᠤᠯᠤᠨ᠎ᠠ ᠭᠡᠰᠡᠨ ᠢ ᠬᠠᠷᠠᠭᠤᠯᠵᠤ ᠪᠠᠶᠢᠨ᠎ᠠ᠃ ᠡᠨᠡ ᠨᠢ ᠪᠦᠬᠦ ᠠᠵᠢᠯᠲᠠᠳ ᠤᠨ ᠴᠢᠷᠮᠠᠶᠢᠯᠭ᠎ᠠ ᠶᠢ ᠲᠠᠯᠠᠭᠠᠷ ᠰᠦᠢᠳᠬᠡᠭᠰᠡᠨ ᠦᠭᠡᠢ ᠶᠢ ᠬᠠᠷᠠᠭᠤᠯᠵᠤ ᠪᠠᠶᠢᠭ᠎ᠠ ᠶᠤᠮ᠂ ︽ᠲᠠᠯᠠᠷᠬᠠᠯ᠎ᠠ︾ᠭᠡᠰᠡᠨ ᠦᠭᠡ ᠶᠤᠮ᠃      ᠪᠢᠳᠡ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠰᠡᠳᠬᠢᠯ ᠨᠢᠭᠡᠳᠦᠨ ᠪᠦᠯᠬᠦᠮᠳᠡᠭᠰᠡᠨ ᠬᠠᠮᠲᠤ ᠶᠢᠨ ᠴᠢᠷᠮᠠᠶᠢᠯᠭ᠎ᠠ ᠪᠠᠷ᠂ ᠡᠪᠦᠯ ᠡᠴᠦᠰ ᠲᠡᠭᠡᠨ ᠥᠩᠭᠡᠷᠡᠵᠦ᠂ ᠬᠠᠪᠤᠷ ᠤᠳᠠᠯ ᠦᠭᠡᠢ ᠬᠦᠷᠴᠦ ᠢᠷᠡᠬᠦ ᠶᠢ ᠪᠢ ᠢᠲᠡᠭᠡᠵᠦ ᠪᠠᠶᠢᠨ᠎ᠠ᠂ ᠬᠢᠵᠢᠭ ᠤᠨ ᠪᠠᠶᠢᠳᠠᠯ ᠬᠤᠷᠣᠮᠬᠠᠨ ᠵᠠᠭᠤᠷ᠎ᠠ ᠥᠩᠭᠡᠷᠡᠬᠦ ᠶᠢ ᠬᠦᠰᠡᠵᠦ ᠪᠠᠶᠢᠨ᠎ᠠ᠂ ᠨᠠᠨ ᠭᠧ ᠳ᠋ᠦᠩ ᠤᠨ ᠨᠠᠮ ᠤᠨ ᠠᠵᠢᠯᠯᠠᠬᠤ ᠬᠤᠷᠢᠶ᠎ᠠ ᠶᠢᠨ ᠤᠳᠤᠷᠢᠳᠤᠯᠭ᠎ᠠ ᠳᠣᠣᠷ᠎ᠠ ᠪᠢᠳᠡ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠨᠡᠷᠡᠨ ᠵᠦᠭ ᠳᠡᠭᠳᠡᠬᠦ ᠶᠢ ᠬᠦᠰᠡᠵᠦ ᠪᠠᠶᠢᠨ᠎ᠠ᠂ ᠡᠨᠡ ᠤᠳᠠᠭ᠎ᠠ ᠶᠢᠨ ᠪᠤᠭᠤᠲᠤ ᠶᠢ ᠳᠠᠭᠠᠷᠢᠭᠰᠠᠨ ᠬᠢᠵᠢᠭ ᠤᠨ ᠪᠠᠶᠢᠳᠠᠯ ᠤᠳᠠᠯ ᠦᠭᠡᠢ ᠡᠴᠦᠰᠯᠡᠬᠦ ᠶᠢ ᠢᠲᠡᠭᠡᠵᠦ ᠪᠠᠶᠢᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠨᠠᠨ ᠭᠧ ᠳ᠋ᠦᠩ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1