︽ᠨᠠᠨ ᠭᠧ ᠳ᠋ᠦᠩ ᠵᠡᠭᠡᠯᠢ ᠭᠤᠳᠤᠮᠵᠢ︾ ᠶᠢᠨ ᠬᠠᠶᠢᠷ᠎ᠠ ᠬᠠᠯᠠᠮᠵᠢ ᠶᠢ ᠪᠡᠯᠡᠭᠯᠡᠨ ᠬᠦᠷᠭᠡᠭᠰᠡᠨ ᠬᠠᠶᠢᠷ᠎ᠠ ᠬᠠᠯᠠᠮᠵᠢ ᠶᠢᠨ ᠨᠡᠶᠢᠭᠡᠮ ᠲᠣᠭᠤᠷᠢᠭ
ᠨᠡᠶᠢᠲᠡᠯᠡᠭᠰᠡᠨ ᠴᠠᠭ᠄
2022/3/10
     ᠡᠨᠡ ᠤᠳᠠᠭ᠎ᠠ ᠶᠢᠨ ᠳᠠᠷᠢ ᠶᠢᠨ ᠤᠲᠤᠭ᠎ᠠ ᠦᠭᠡᠢ ᠳᠠᠶᠢᠨ ᠤ ᠲᠠᠯᠠᠪᠤᠷ ᠲᠤ ᠨᠡᠶᠢᠭᠡᠮ ᠤᠨ ᠡᠯ᠎ᠡ ᠡᠲᠡᠭᠡᠳ ᠤᠨ  ᠬᠢᠨ ᠤ ᠬᠠᠶᠢᠷ᠎ᠠ ᠰᠡᠳᠬᠢᠯᠭᠡ ᠭᠠᠵᠠᠷ ᠪᠣᠯᠭᠠᠨ ᠳᠤ ᠢᠯᠡᠷᠡᠵᠦ ᠪᠠᠶᠢᠯ᠎ᠠ᠃2022 ᠣᠨ ᠤ 3 ᠰᠠᠷ᠎ᠠ ᠶᠢᠨ 7 ᠋ ᠤ ᠡᠳᠦᠷ᠂ ᠮᠥ᠋ᠩ ᠺᠠᠩ ᠡᠮ ᠤᠨ ᠳᠡᠯᠭᠡᠭᠦᠷ ᠤᠨ ᠠᠵᠢᠯᠲᠠᠳ ᠹᠦ᠋ ᠱᠧᠩ ᠶᠤᠸᠠᠨ ᠨᠡᠶᠢᠭᠡᠮ ᠲᠣᠭᠤᠷᠢᠭ ᠲᠤ ᠢᠷᠡᠵᠦ᠂ ᠡᠮᠦᠨ᠎ᠡ ᠹᠷᠣᠨᠲ ᠲᠤ ᠪᠠᠶᠢᠭ᠎ᠠ ᠨᠡᠶᠢᠭᠡᠮ ᠲᠣᠭᠤᠷᠢᠭ ᠤᠨ ᠠᠵᠢᠯᠲᠠᠳ ᠢ ᠲᠣᠬᠤᠨᠢᠭᠤᠯᠵᠠᠢ᠃ᠨᠡᠶᠢᠭᠡᠮ ᠲᠣᠭᠤᠷᠢᠭ ᠲᠤ ᠠᠷᠢᠭᠤᠳᠬᠠᠬᠤ ᠰᠢᠩᠭᠡᠨ᠂ ᠨᠢᠭᠡ ᠯᠡ ᠤᠳᠠᠭ᠎ᠠ ᠶᠢᠨ ᠴᠢᠨᠠᠷᠲᠠᠢ ᠪᠡᠭᠡᠯᠡᠢ᠂ ᠠᠮᠠᠪᠴᠢ ᠵᠡᠷᠭᠡ ᠪᠣᠳᠠᠰ ᠢ ᠪᠡᠯᠡᠭᠯᠡᠵᠡᠢ᠃      ᠮᠥ᠋ᠩ ᠺᠠᠩ ᠡᠮ ᠤᠨ ᠳᠡᠯᠭᠡᠭᠦᠷ ᠤᠨ ᠠᠵᠢᠯᠲᠠᠳ᠄︽ᠡᠨᠡ ᠬᠡᠰᠡᠭ ᠬᠤᠭᠤᠴᠠᠭᠠᠨ ᠳᠤ ᠲᠠᠨᠠᠷ ᠤᠨ ᠡᠮᠦᠨ᠎ᠡ ᠹᠷᠣᠨᠲ ᠲᠤ ᠠᠵᠢᠯᠯᠠᠵᠤ ᠥᠪᠡᠷ ᠥᠪᠡᠷ ᠤᠨ ᠠᠵᠢᠯ ᠤᠨ ᠪᠠᠶᠢᠷᠢ ᠪᠠᠨ ᠪᠠᠲᠤ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠪᠠᠶᠢᠭ᠎ᠠ ᠰᠠᠬᠢᠨ ᠬᠠᠮᠠᠭᠠᠯᠠᠭᠴᠢ ᠶᠢᠨ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠠᠮᠤᠷ ᠲᠦᠪᠰᠢᠨ ᠪᠠᠶᠢᠬᠤ ᠶᠢ ᠣᠯᠵᠤ ᠬᠠᠷᠠᠭᠠᠳ᠂ ᠮᠠᠰᠢ ᠵᠦᠳᠡᠷᠡᠯᠲᠡᠢ ᠪᠠᠶᠢᠨ᠎ᠠ᠂ ᠪᠢᠳᠡᠨ ᠤ ᠬᠢᠵᠦ ᠳᠡᠶᠢᠯᠬᠦ ᠵᠦᠢᠯ ᠪᠣᠯ ᠥᠴᠥᠬᠡᠨ ᠲᠡᠳᠦᠢ ᠬᠦᠴᠦᠨ ᠴᠢᠳᠠᠯ ᠢᠶᠠᠨ ᠰᠢᠪᠬᠠᠵᠤ᠂ ᠬᠠᠶᠢᠷ᠎ᠠ ᠬᠠᠯᠠᠮᠵᠢ ᠪᠠᠨ ᠡᠷᠭᠦᠬᠦ ᠶᠠᠪᠤᠳᠠᠯ ᠪᠣᠯᠣᠨ᠎ᠠ᠂ ᠲᠠᠨᠠᠷ ᠥᠪᠡᠷ ᠤᠨ ᠪᠡᠶ᠎ᠡ ᠶᠢᠨ ᠬᠠᠮᠠᠭᠠᠯᠠᠯᠲᠠ ᠪᠠᠨ ᠰᠠᠶᠢᠲᠤᠷ ᠬᠢᠵᠦ᠂ ᠠᠮᠤᠷ ᠲᠦᠪᠰᠢᠨ ᠢ ᠠᠩᠬᠠᠷᠴᠤ᠂ ᠬᠦᠴᠢᠷ ᠪᠡᠷᠬᠡ ᠶᠢ ᠬᠠᠮᠲᠤᠪᠠᠷ ᠲᠤᠭᠤᠯᠬᠤ ᠶᠢ ᠬᠦᠰᠡᠵᠦ ᠪᠠᠶᠢᠨ᠎ᠠ︾ ᠭᠡᠵᠦ ᠬᠡᠯᠡᠪᠡ᠃      ᠹᠦ᠋ ᠱᠧᠩ ᠶᠤᠸᠠᠨ ᠨᠡᠶᠢᠭᠡᠮ ᠲᠣᠭᠤᠷᠢᠭ ᠤᠨ ᠱᠦᠵᠢ ᠭᠦᠸᠧ ᠫᠧᠢ ᠰᠢᠶᠠ ᠨᠡᠶᠢᠭᠡᠮ ᠲᠣᠭᠤᠷᠢᠭ ᠤᠨ ᠪᠦᠬᠦ ᠠᠵᠢᠯᠲᠠᠳ ᠢ ᠲᠥᠯᠥᠭᠡᠯᠡᠨ ᠮᠧᠩ ᠺᠠᠩ ᠡᠮ ᠤᠨ ᠳᠡᠯᠭᠡᠭᠦᠷ ᠤᠨ ᠬᠠᠶᠢᠷ᠎ᠠ ᠬᠠᠯᠠᠮᠵᠢ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠴᠢᠬᠤᠯᠠᠴᠢᠯᠠᠭᠰᠠᠨ ᠨᠢ᠄ ︽ᠬᠢᠵᠢᠭ  ᠢ ᠰᠡᠷᠭᠡᠶᠢᠯᠡᠬᠦ ᠠᠵᠢᠯ  ᠠᠴᠠ ᠨᠠᠰᠢ ᠣᠯᠠᠨ ᠢᠶᠠᠷ ᠢᠶᠠᠨ ᠴᠥᠮ ᠬᠢᠵᠢᠭ  ᠢ ᠰᠡᠷᠭᠡᠶᠢᠯᠡᠬᠦ ᠠᠵᠢᠯ ᠳᠤ ᠬᠤᠪᠢ ᠨᠡᠮᠡᠷᠢ ᠪᠠᠨ ᠦᠵᠡᠭᠦᠯᠵᠦ ᠪᠠᠶᠢᠨ᠎ᠠ᠂ ᠲᠠ ᠨᠠᠷ ᠤᠨ ᠬᠠᠶᠢᠷ᠎ᠠ ᠬᠠᠯᠠᠮᠵᠢ  ᠶᠢᠨ ᠳᠡᠮᠵᠢᠯᠭᠡ ᠮᠠᠨ ᠤ ᠬᠢᠵᠢᠭ ᠤᠨ ᠪᠠᠶᠢᠳᠠᠯ  ᠢ ᠰᠡᠷᠭᠡᠶᠢᠯᠡᠨ ᠬᠢᠵᠠᠭᠠᠷᠯᠠᠬᠤ ᠠᠵᠢᠯ  ᠢ ᠰᠠᠶᠢᠲᠤᠷ ᠬᠢᠬᠦ ᠳᠤ ᠡᠷᠴᠢ ᠵᠣᠷᠢᠭ  ᠢ ᠬᠥᠪᠴᠢᠯᠡᠵᠦ ᠪᠠᠶᠢᠨ᠎ᠠ᠂ ᠪᠢᠳᠡ ᠬᠦᠴᠢᠷ ᠪᠡᠷᠬᠡᠰᠢᠶᠡᠯ  ᠢ ᠢᠯᠠᠨ ᠳᠠᠪᠠᠵᠤ᠂ ᠭᠡᠷ ᠣᠷᠣᠨ ᠢᠶᠠᠨ ᠰᠠᠶᠢᠲᠤᠷ ᠰᠠᠬᠢᠨ ᠬᠠᠮᠠᠭᠠᠯᠠᠵᠤ᠂ ᠬᠢᠵᠢᠭ ᠤᠨ ᠪᠠᠶᠢᠳᠠᠯ  ᠢ ᠰᠡᠷᠭᠡᠶᠢᠯᠡᠨ ᠬᠢᠵᠠᠭᠠᠷᠯᠠᠬᠤ ᠭᠡᠨᠡᠳᠡᠭᠦᠯᠦᠨ ᠳᠠᠭᠠᠷᠢᠬᠤ ᠳᠠᠶᠢᠨ ᠤ ᠢᠯᠠᠯᠲᠠ  ᠶᠢ ᠣᠯᠬᠤ ᠪᠣᠯᠣᠨ᠎ᠠ︾᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠨᠠᠨ ᠭᠧ ᠳ᠋ᠦᠩ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1