ᠪᠤᠭᠤᠲᠤ ᠬᠤᠲᠠ ᠶᠢᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/3/11
     2 ᠰᠠᠷ᠎ᠠ ᠶᠢᠨ 17 ᠤ ᠡᠳᠦᠷ᠂ ᠪᠤᠭᠤᠲᠤ ᠬᠤᠲᠠ ᠶᠢᠨ ᠵᠠᠰᠠᠭ ᠤᠨ ᠣᠷᠳᠣᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ 2022 ᠣᠨ ᠤ ᠴᠠᠭᠠᠨ ᠰᠠᠷ᠎ᠠ ᠶᠢᠨ ᠬᠠᠮᠲᠤ ᠶᠢᠨ ᠵᠣᠯᠭᠠᠯᠲᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠤᠯᠠᠮᠵᠢᠯᠠᠨ ᠰᠤᠷᠤᠯᠴᠠᠵᠤ᠂ ᠲᠥᠪ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠪᠤᠭᠤᠲᠤ ᠬᠤᠲᠠ ᠶᠢᠨ 2022 ᠣᠨ ᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠣᠷᠭᠢᠯ ᠳᠤ ᠬᠦᠷᠬᠦ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠠ ᠠᠵᠢᠯ ᠤᠨ ᠭᠤᠣᠯᠳᠠᠯᠭ᠎ᠠ︾ ︽12345 ᠵᠠᠰᠠᠭ ᠤᠨ ᠣᠷᠳᠣᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ᠠᠵᠢᠯ ᠤᠨ ᠲᠥᠰᠥᠯ︾ ︽2022 ᠣᠨ ᠤ ᠪᠤᠭᠤᠲᠤ ᠬᠤᠲᠠ ᠶᠢᠨ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠨᠡᠶᠢᠯᠡᠮᠡᠯ ᠲᠠᠷᠢᠮᠠᠯ ᠤᠨ ᠬᠡᠷᠡᠭᠵᠢᠭᠦᠯᠬᠦ ᠲᠥᠰᠥᠯ︾ ︽2022 ᠣᠨ ᠤ ᠪᠥᠬᠦ ᠬᠤᠲᠠ ᠶᠢᠨ ᠪᠠᠶᠠᠷ ᠳᠤᠷᠠᠰᠬᠠᠯ ᠤᠨ ᠶᠠᠷᠢᠶᠠᠨ ᠤ ᠲᠠᠪᠴᠠᠩ ᠤᠨ ᠠᠵᠢᠯ ᠤᠨ ᠲᠥᠯᠥᠪᠯᠡᠭᠡ︾ ᠵᠡᠷᠭᠡ ᠶᠢ ᠰᠤᠳᠤᠯᠵᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ 2022 ᠣᠨ ᠤ ᠴᠠᠭᠠᠨ ᠰᠠᠷ᠎ᠠ ᠶᠢᠨ ᠬᠠᠮᠲᠤ ᠶᠢᠨ ᠵᠣᠯᠭᠠᠯᠲᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠪᠠ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠦᠨᠡᠨᠬᠦ ᠰᠠᠶᠢᠲᠤᠷ ᠠᠳᠬᠤᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠪᠦᠬᠦ ᠬᠤᠳᠠ ᠶᠢᠨ ︽ᠬᠤᠶᠠᠷ ᠬᠤᠷᠠᠯ︾ ᠳᠤ ᠲᠣᠭᠲᠠᠭᠠᠭᠰᠠᠨ ᠲᠡᠮᠡᠴᠡᠯ ᠤᠨ ᠬᠠᠷᠠᠯᠲᠠ ᠪᠠ ᠲᠤᠯᠤᠭᠠᠨ ᠶᠡᠭᠡ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢ ᠴᠢᠩᠭ᠎ᠠ ᠠᠩᠬᠠᠷᠴᠤ᠂ ᠣᠳᠣᠬᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠵᠤ᠂ ᠲᠣᠭᠲᠠᠭᠤᠨ ᠪᠥᠭᠡᠳ ᠡᠷᠡᠭᠦᠯ ᠠᠵᠤ ᠠᠬᠤᠢ ᠶᠢᠨ ᠣᠷᠴᠢᠨ ᠨᠥᠬᠦᠴᠡᠯ᠂ ᠲᠦᠷᠦ ᠲᠦᠪᠰᠢᠨ ᠲᠦᠮᠡᠨ ᠠᠮᠤᠭᠤᠯᠠᠩ ᠨᠡᠶᠢᠭᠡᠮ ᠤᠨ ᠣᠷᠴᠢᠨ ᠨᠥᠬᠦᠴᠡᠯ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠣᠷᠴᠢᠨ ᠨᠥᠬᠦᠴᠡᠯ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠷᠭ᠎ᠠ︾ ᠪᠣᠯᠣᠨ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠬᠠᠢ ᠲᠥᠯᠦᠪᠵᠢᠭᠦᠯᠭᠡ︾ ᠶᠢᠨ ᠵᠣᠷᠢᠭ ᠰᠠᠨᠠᠭᠠᠨ ᠤ ᠮᠥᠨ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠬᠠᠮᠠᠭᠠᠯᠠᠯᠲᠠ ᠶᠢᠨ ᠰᠢᠪᠲᠤᠯᠤᠯᠲᠠ ᠶᠢᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ︽ᠪᠤᠭᠤᠲᠤ ᠬᠤᠲᠠ ᠶᠢᠨ 2022 ᠣᠨ ᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠣᠷᠭᠢᠯ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠳᠤᠮᠳᠠ ᠪᠠ ᠠᠵᠢᠯ ᠤᠨ ᠭᠤᠣᠯᠳᠠᠯᠭ᠎ᠠ︾ ᠶᠢ ᠲᠦᠷᠭᠡᠬᠡᠨ ᠨᠠᠶᠢᠳᠠᠪᠤᠷᠢᠵᠢᠭᠤᠯᠵᠤ᠂ ᠡᠷᠲᠡᠬᠡᠨ ᠦᠷ᠎ᠡ ᠪᠦᠲᠦᠮᠵᠢ ᠣᠯᠬᠤ ᠶᠢ ᠠᠬᠢᠭᠤᠯᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠵᠢᠴᠢ ︽ᠡᠷᠬᠢᠨ ᠬᠠᠷᠠᠬᠤ︾ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠪᠥᠬᠦ ᠲᠠᠯ᠎ᠠ ᠪᠠᠷ ᠪᠡᠶᠡᠯᠡᠭᠦᠯᠵᠦ᠂ ᠮᠠᠨ ᠤ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ᠃      ᠬᠤᠷᠠᠯ ᠠᠴᠠ᠂ ᠠᠵᠤ ᠦᠢᠯᠡᠰ ᠤᠨ ᠰᠠᠭᠤᠷᠢ ᠶᠢ ᠲᠠᠬᠢᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠤᠯᠤᠰ ᠤᠨ ᠦᠢᠯᠡᠳᠬᠦ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠲᠤᠷᠰᠢᠯᠲᠠ ᠶᠢᠨ ᠣᠷᠣᠨ ᠢ ᠪᠦᠬᠦ ᠬᠦᠴᠦᠨ ᠢᠶᠠᠷ ᠢᠶᠠᠨ ᠴᠢᠷᠮᠠᠶᠢᠨ ᠡᠭᠦᠳᠬᠦ ᠬᠡᠷᠡᠭᠲᠡᠢ᠃ᠬᠤᠪᠣᠷ ᠰᠢᠷᠣᠢ ᠶᠢᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠬᠤᠪᠣᠷ ᠰᠢᠷᠣᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠢ᠃ᠠᠷᠠᠯᠵᠢᠶᠠᠴᠢᠨ ᠤᠷᠢᠵᠤ ᠪᠡᠯᠡ ᠣᠷᠣᠭᠤᠯᠬᠤ ᠭᠤᠣᠯ ᠬᠠᠷᠢᠭᠤᠴᠠᠯᠭ᠎ᠠ ᠭᠤᠣᠯ ᠠᠵᠢᠯ᠂ ᠡᠯᠧᠮᠧᠨ᠋ᠲ ᠤᠨ ᠪᠠᠲᠤᠯᠠᠪᠤᠷᠢ ᠶᠢᠨ ᠴᠢᠳᠠᠪᠤᠷᠢ ᠶᠢᠨ ᠳᠡᠭᠡᠭᠰᠢᠯᠡᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠳᠡᠭᠡᠳᠦ ᠦᠵᠦᠭᠦᠷᠴᠢᠯᠡᠭᠰᠡᠨ᠂ ᠣᠶᠤᠨᠴᠢᠯᠠᠭᠰᠠᠨ᠂ ᠪᠣᠬᠢᠷᠳᠤᠯ ᠦᠭᠡᠢ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠦᠷ᠎ᠡ ᠪᠦᠲᠦᠮᠵᠢ ᠣᠯᠬᠤ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ᠨᠡᠩ ᠥᠨᠳᠥᠷ ᠬᠠᠷᠠᠯᠲᠠ ᠶᠢ ᠬᠠᠷᠠᠭᠠᠯᠠᠨ᠂ ᠪᠠᠷᠢᠮᠵᠢᠶᠠᠵᠢᠭᠰᠠᠨ ᠰᠢᠷ᠎ᠠ ᠪᠤᠷᠴᠠᠭ ᠤᠨ ᠡᠷᠳᠡᠨᠢ ᠰᠢᠰᠢ ᠶᠢᠨ ᠪᠦᠰᠡᠯᠢᠭ ᠬᠡᠯᠪᠡᠷᠢ ᠶᠢᠨ ᠨᠡᠶᠢᠯᠡᠮᠡᠯ ᠲᠠᠷᠢᠮᠠᠯ ᠤᠨ ᠮᠡᠷᠭᠡᠵᠢᠯ ᠢ ᠶᠡᠬᠡᠪᠡᠷ ᠳᠡᠯᠭᠡᠷᠡᠭᠦᠯᠵᠦ᠂ ᠪᠦᠬᠦ ᠤᠯᠤᠰ ᠤᠨ ᠰᠢᠷ᠎ᠠ ᠪᠤᠷᠴᠠᠭ ᠤᠨ ᠡᠷᠳᠡᠨᠢ ᠰᠢᠰᠢ ᠶᠢᠨ ᠪᠦᠰᠡᠯᠢᠭ ᠬᠡᠯᠪᠡᠷᠢ ᠶᠢᠨ ᠨᠡᠶᠢᠯᠡᠮᠡᠯ ᠲᠠᠷᠢᠮᠠᠯ ᠤᠨ ᠵᠢᠱᠢᠶ᠎ᠡ ᠦᠵᠡᠭᠦᠯᠬᠦ ᠬᠤᠳᠠ ᠶᠢ ᠪᠦᠬᠦ ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ︽ᠤᠴᠢᠷ ᠶᠠᠪᠤᠳᠠᠯ ᠢ ᠰᠢᠢᠳᠪᠦᠷᠢᠯᠡᠬᠦ︾ ᠳᠤ ᠰᠠᠭᠤᠷᠢᠯᠠᠨ᠂ ᠳᠠᠬᠢᠨ ᠳᠠᠪᠲᠠᠨ ᠵᠠᠬᠢᠳᠠᠯ ᠰᠣᠷᠪᠤᠯᠵᠢᠯᠠᠭ᠎ᠠ ᠬᠢᠬᠦ᠂ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠨᠢᠭᠡ ᠪᠦᠯᠦᠭ ᠣᠯᠠᠨ ᠲᠦᠮᠡᠨ ᠤ ᠪᠠᠴᠢᠮ ᠬᠦᠴᠢᠷᠲᠡᠢ ᠵᠣᠪᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢ ᠪᠦᠲᠦᠮᠵᠢᠲᠡᠶ ᠠᠬᠢᠭᠤᠯᠬᠤ ᠬᠡᠷᠡᠭᠲᠡᠢ᠃ ︽12345 ᠵᠠᠰᠠᠭ ᠤᠨ ᠣᠷᠳᠣᠨ ᠤ ᠠᠷᠠᠳ ᠲᠤ ᠲᠥᠬᠦᠮ ᠦᠵᠡᠭᠦᠯᠬᠦ ᠬᠠᠯᠠᠭᠤᠨ ᠤᠲᠠᠰᠤ︾ ᠶᠢᠨ ᠬᠡᠷᠡᠭ ᠶᠠᠪᠤᠳᠠᠯ ᠢ ᠰᠢᠢᠳᠪᠦᠷᠢᠯᠡᠬᠦ ᠨᠣᠷᠮ᠎ᠠ ᠪᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠬᠠᠨᠳᠤᠭᠤᠯᠵᠤ᠂ ᠪᠢᠲᠡᠭᠦᠦ ᠴᠠᠭᠠᠷᠢᠭ ᠤᠨ ᠲᠣᠭᠲᠠᠴᠠ ᠶᠢ ᠲᠡᠭᠦᠯᠳᠡᠷᠵᠢᠭᠦᠯᠦᠨ᠂ ᠣᠯᠠᠨ ᠲᠦᠮᠡᠨ ᠤ ᠠᠰᠠᠭᠤᠳᠠᠯ ᠢ ᠬᠠᠮᠢᠶᠠᠷᠬᠤ ᠬᠥᠮᠥᠨ ᠲᠠᠢ᠂ ᠲᠥᠭᠡᠷᠢᠭᠳᠡᠯ ᠢ ᠰᠢᠢᠳᠪᠦᠷᠢᠯᠡᠬᠦ ᠬᠥᠮᠥᠨ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ 2022 ᠣᠨ ᠤ ᠪᠦᠬᠦ ᠬᠤᠳᠠ ᠶᠢᠨ ᠴᠢᠨᠠᠷᠲᠠᠢ ᠪᠠᠶᠠᠷ ᠳᠤᠷᠠᠰᠬᠠᠯ ᠤᠨ ᠶᠠᠷᠢᠶᠠᠨ ᠤ ᠲᠠᠪᠴᠠᠩ ᠤᠨ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠲᠠᠰᠤᠷᠠᠯᠳᠠ ᠦᠭᠡᠢ ᠪᠠᠶᠠᠯᠢᠭᠵᠢᠭᠤᠯᠵᠤ᠂ ᠪᠤᠭᠤᠲᠤ ᠶᠢᠨ ᠭᠠᠳᠠᠭᠠᠳᠤ ᠳᠤ ᠬᠠᠨᠳᠤᠭᠤᠯᠤᠭᠰᠠᠨ ᠳᠦᠷᠢ ᠲᠥᠷᠬᠦ ᠶᠢ ᠰᠠᠶᠢᠲᠤᠷ ᠢᠯᠡᠷᠡᠭᠦᠯᠬᠦ ᠬᠡᠷᠡᠭᠲᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1