ᠪᠤᠭᠤᠲᠤ ᠬᠤᠲᠠ ᠵᠠᠯᠭᠠᠭ᠎ᠠ ᠪᠠᠷ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠳᠤ ᠳᠥᠷᠪᠡ ᠤᠳᠠᠭ᠎ᠠ ᠮᠠᠩᠯᠠᠶᠢᠯᠠᠪᠠ
ᠨᠡᠶᠢᠲᠡᠯᠡᠭᠰᠡᠨ ᠴᠠᠭ᠄
2022/3/11
     ᠪᠥᠬᠦ ᠤᠯᠤᠰ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠺᠣᠮᠢᠰ ᠤᠨ ᠣᠶᠢᠷ᠎ᠠ ᠶᠢᠨ ᠵᠠᠷᠯᠠᠯ ᠢ ᠦᠨᠳᠦᠰᠦᠯᠡᠪᠡᠯ᠂ ᠪᠤᠭᠤᠲᠤ ᠬᠤᠲᠠ ᠶᠢᠨ ᠬᠢᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠪᠠᠬᠢᠵᠢᠭᠦᠯᠬᠦ ᠠᠵᠢᠯ ᠤᠨ ᠲᠠᠯ᠎ᠠ ᠪᠠᠷ ᠢᠯᠡᠳᠲᠡ ᠠᠮᠵᠢᠯᠲᠠ ᠣᠯᠵᠤ᠂ ᠳᠠᠬᠢᠨ ᠬᠢᠨᠠᠭᠰᠠᠨ ᠠᠮᠵᠢᠯᠲᠠ ᠪᠦᠲᠦᠮᠵᠢ ᠲᠣᠪᠣᠶᠢᠮ᠎ᠠ ᠪᠠᠶᠢᠵᠤ᠂ ᠵᠠᠷᠯᠠᠯ ᠢᠶᠠᠷ ᠰᠠᠶᠢᠰᠢᠶᠠᠭᠳᠠᠵᠤ᠂ ᠳᠠᠬᠢᠨᠲᠠ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠪᠠᠷ ᠦᠨᠡᠯᠡᠭᠳᠡᠵᠦ᠂ ᠵᠠᠯᠭᠠᠭ᠎ᠠ ᠪᠠᠷ ᠳᠥᠷᠪᠡ ᠤᠳᠠᠭ᠎ᠠ ᠮᠠᠩᠯᠠᠶᠢᠯᠠᠪᠠ᠃      ᠤᠯᠤᠰ ᠤᠨ ᠡᠷᠡᠭᠦᠯ ᠬᠠᠮᠠᠭᠠᠯᠠᠯ ᠬᠤᠲᠠ ᠪᠠᠯᠭᠠᠰᠤ ᠶᠢᠨ ᠬᠠᠮᠢᠶ᠎ᠠ ᠪᠦᠬᠦᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ ᠪᠠ ᠪᠠᠷᠢᠮᠵᠢᠶ᠎ᠠ ᠶᠢ ᠦᠨᠳᠦᠰᠦᠯᠡᠨ᠂ ᠪᠥᠬᠦ ᠤᠯᠤᠰ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠠᠯᠪᠠᠨ ᠭᠡᠷ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠵᠤ 2021 ᠣᠨ ᠳᠤ ᠳᠠᠬᠢᠨ ᠬᠢᠨᠠᠬᠤ ᠵᠢᠷᠤᠮ ᠳᠤ ᠣᠷᠣᠭᠰᠠᠨ ᠤᠯᠤᠰ ᠤᠨ ᠡᠷᠡᠭᠦᠯ ᠬᠠᠮᠠᠭᠠᠯᠠᠯ ᠬᠤᠲᠠ ︵ᠲᠣᠭᠤᠷᠢᠭ︶ ᠳᠤ ᠬᠢᠨᠠᠨ ᠲᠣᠭᠲᠠᠭᠠᠯᠲᠠ ᠬᠢᠵᠦ᠂ ᠡᠯ᠎ᠡ ᠭᠠᠵᠠᠷ ᠤᠨ ᠳᠡᠭᠡᠭᠰᠢ ᠮᠡᠳᠡᠭᠦᠯᠦᠭᠰᠡᠨ ᠤᠯᠤᠰ ᠤᠨ ᠡᠷᠡᠭᠦᠯ ᠬᠠᠮᠠᠭᠠᠯᠠᠯ ᠰᠢᠶᠠᠩ ᠪᠠᠯᠭᠠᠰᠤ ︵ᠰᠢᠶᠠᠨ ᠤ ᠬᠤᠲᠠ︶ ᠶᠢᠨ ᠳᠠᠬᠢᠨ ᠬᠢᠨᠠᠭᠰᠠᠨ ᠦᠷ᠎ᠡ ᠳ᠋ᠦᠩ ᠢ ᠰᠣᠩᠭᠤᠨ ᠪᠠᠶᠢᠴᠠᠭᠠᠪᠠ᠃ᠮᠠᠨ ᠤ ᠬᠤᠲᠠ ᠶᠢ ᠪᠠᠭᠲᠠᠭᠠᠭᠰᠠᠨ 270 ᠬᠤᠲᠠ ︵ᠲᠣᠭᠤᠷᠢᠭ︶ ᠶᠢ ᠤᠯᠤᠰ ᠤᠨ ᠡᠷᠡᠭᠦᠯ ᠬᠠᠮᠠᠭᠠᠯᠠᠯ ᠤᠨ ᠬᠤᠲᠠ ︵ᠲᠣᠭᠤᠷᠢᠭ︶ ᠪᠠᠷ ᠳᠠᠬᠢᠨ ᠨᠤᠲᠠᠯᠠᠨ ᠲᠣᠭᠲᠠᠭᠠᠵᠤ᠂ ᠪᠡᠭᠡᠵᠢᠩ ᠬᠤᠲᠠ ᠶᠢᠨ ᠹᠧᠩᠲ᠋ᠠᠢ ᠲᠣᠭᠤᠷᠢᠭ ᠤᠨ ᠸᠠᠩ ᠽᠦᠸᠧ ᠪᠠᠯᠭᠠᠰᠤ ᠵᠡᠷᠭᠡ 234 ᠰᠢᠶᠠᠩ ᠪᠠᠯᠭᠠᠰᠤ ︵ᠰᠢᠶᠠᠨ ᠤ ᠬᠤᠲᠠ︶ ᠶᠢ ᠤᠯᠤᠰ ᠤᠨ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ ︵ᠰᠢᠶᠠᠨ ᠤ ᠬᠤᠲᠠ︶ ᠪᠠᠷ ᠳᠠᠬᠢᠨ ᠨᠤᠲᠠᠯᠠᠨ ᠲᠣᠭᠲᠠᠭᠠᠪᠠ᠃ᠪᠡᠭᠡᠵᠢᠩ ᠬᠤᠳᠠ ᠶᠢᠨ ᠲᠦᠩᠵᠸᠦ ᠲᠣᠭᠤᠷᠢᠭ ᠵᠡᠷᠭᠡ 10 ᠬᠤᠳᠠ ︵ᠲᠣᠭᠤᠷᠢᠭ︶ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠥᠪᠯᠡᠯ ᠵᠡᠷᠭᠡ 4 ᠭᠠᠵᠠᠷ ᠣᠷᠣᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠤᠳᠠ ᠶᠢ ᠪᠠᠬᠢᠵᠢᠭᠦᠯᠬᠦ ᠠᠵᠢᠯ ᠤᠨ ᠲᠠᠯ᠎ᠠ ᠪᠠᠷ ᠢᠯᠡᠳᠲᠡ ᠠᠮᠵᠢᠯᠲᠠ ᠣᠯᠵᠤ᠂ ᠲᠠᠬᠢᠨ ᠬᠢᠨᠠᠭᠠᠳ ᠲᠣᠪᠣᠶᠢᠮ᠎ᠠ ᠠᠮᠵᠢᠯᠲᠠ ᠣᠯᠵᠤ᠂ ᠮᠠᠭᠲᠠᠨ ᠰᠠᠶᠢᠰᠢᠶᠠᠪᠠ᠃      ᠵᠠᠷᠯᠠᠯ ᠳᠤ ᠵᠢᠭᠠᠵᠤ ᠭᠠᠷᠭᠠᠭᠰᠠᠨ ᠨᠢ᠂ ᠳᠠᠬᠢᠨ ᠬᠢᠨᠠᠭᠰᠠᠨ ᠪᠠ ᠰᠣᠩᠭᠤᠨ ᠪᠠᠶᠢᠴᠠᠭᠠᠭᠰᠠᠨ ᠦᠷ᠎ᠡ ᠳ᠋ᠦᠩ ᠠᠴᠠ ᠦᠵᠡᠪᠡᠯ᠂ ᠡᠯ᠎ᠡ ᠭᠠᠵᠠᠷ ᠤᠨ ᠬᠢᠨ ᠠᠷᠢᠭᠤᠨ ᠴᠡᠪᠡᠷ ᠬᠤᠲᠠ ᠪᠠᠯᠭᠠᠰᠤ  ᠶᠢ ᠪᠠᠶᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠤᠨ ᠡᠷᠡᠭᠦᠯ ᠬᠠᠮᠠᠭᠠᠯᠠᠯ ᠬᠤᠲᠠ ᠪᠠᠯᠭᠠᠰᠤ ᠶᠢᠨ ᠢᠷᠠᠭᠤ ᠠᠯᠳᠠᠷ ᠤᠨ ᠴᠣᠯᠠ ᠶᠢ ᠭᠥᠷᠳᠡᠭᠰᠡᠨ ᠤ ᠳᠠᠷᠠᠭ᠎ᠠ᠂ ᠡᠷᠡᠭᠦᠯ ᠬᠠᠮᠠᠭᠠᠯᠠᠯ ᠤᠨ ᠡᠭᠦᠳᠦᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠭᠦᠨᠵᠡᠭᠡᠢ ᠥᠷᠨᠢᠭᠦᠯᠬᠦ ᠶᠢ ᠦᠷᠭᠦᠯᠵᠢᠯᠡᠨ ᠠᠬᠢᠭᠤᠯᠵᠤ᠂ ᠬᠤᠲᠠ ᠶᠢᠨ ᠡᠷᠡᠭᠦᠯ ᠬᠠᠮᠠᠭᠠᠯᠠᠯ ᠤᠨ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ᠂ ᠣᠯᠠᠨ ᠲᠦᠮᠡᠨ ᠤ ᠡᠷᠡᠭᠦᠯ ᠮᠡᠨᠳᠦ ᠶᠢ ᠨᠥᠯᠥᠭᠡᠯᠡᠵᠦ ᠪᠠᠶᠢᠭ᠎ᠠ ᠲᠣᠪᠣᠶᠢᠮ᠎ᠠ ᠠᠰᠠᠭᠤᠳᠠᠯ ᠢ ᠴᠢᠷᠮᠠᠶᠢᠨ ᠰᠢᠢᠳᠪᠦᠷᠢᠯᠡᠵᠦ᠂ ᠬᠤᠲᠠ ᠪᠠᠯᠭᠠᠰᠤ ᠶᠢᠨ ᠨᠡᠶᠢᠭᠡᠮ ᠤᠨ ᠡᠷᠡᠭᠦᠯ ᠬᠠᠮᠠᠭᠠᠯᠠᠯ ᠤᠨ ᠶᠡᠷᠦᠩᠬᠡᠶᠢᠯᠡᠭᠰᠡᠨ ᠵᠠᠰᠠᠯᠲᠠ ᠶᠢ ᠲᠠᠰᠤᠷᠠᠯᠲᠠ ᠦᠭᠡᠢ ᠴᠢᠩᠭᠠᠳᠬᠠᠨ᠂ ᠤᠯᠤᠰ ᠤᠨ ᠡᠷᠡᠭᠦᠯ ᠬᠠᠮᠠᠭᠠᠯᠠᠯ ᠬᠤᠲᠠ ᠪᠠᠯᠭᠠᠰᠤ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠬᠥᠭᠵᠢᠭᠦᠯᠵᠦ᠂ ᠨᠡᠶᠢᠲᠡᠯᠢᠭ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠪᠠ᠃ᠢᠯᠠᠩᠭᠤᠶ᠎ᠠ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠪᠠᠲᠤ ᠪᠠᠬᠢ ᠣᠷᠴᠢᠨ ᠲᠣᠭᠤᠷᠢᠨ ᠤ ᠰᠠᠭᠤᠷᠢ ᠶᠢ ᠲᠠᠯᠪᠢᠵᠤ᠂ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃
 
ᠢᠷᠡᠯᠲᠡ᠄ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1