ᠳ᠋ᠦᠩ ᠾᠧ ᠲᠣᠭᠤᠷᠢᠭ ᠲᠤ ᠣᠷᠣᠨ ᠤ ᠨᠠᠮ ᠤᠨ ᠬᠤᠷᠢᠶ᠎ᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠵᠢᠴᠢ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠪᠠᠶᠢᠭᠤᠯᠪᠠ
ᠨᠡᠶᠢᠲᠡᠯᠡᠭᠰᠡᠨ ᠴᠠᠭ᠄
2022/3/21
     2022 ᠣᠨ ᠤ 1 ᠰᠠᠷ᠎ᠠ ᠶᠢᠨ 25 ᠤ ᠡᠳᠦᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠶᠢ ᠪᠦᠬᠦ ᠲᠠᠯ᠎ᠠ  ᠪᠠᠷ ᠠᠬᠢᠭᠤᠯᠬᠤ ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠳ᠋ᠦᠩ ᠾᠧ ᠲᠣᠭᠤᠷᠢᠭ ᠤᠨ ᠬᠤᠷᠢᠶ᠎ᠠ︽ᠣᠷᠣᠨ ᠤ ᠨᠠᠮ ᠤᠨ ᠬᠤᠷᠢᠶ᠎ᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠬᠤ ᠲᠤᠬᠠᠢ ᠮᠡᠳᠡᠭᠳᠡᠯ︾︾ ᠢ ᠳᠠᠷᠤᠮᠠᠯᠯᠠᠨ ᠲᠠᠷᠬᠠᠭᠠᠪᠠ᠃ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠨᠠᠮ ᠤᠨ ᠬᠤᠷᠢᠶ᠎ᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠪᠠ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠨᠠᠮ ᠤᠨ ᠬᠤᠷᠢᠶ᠎ᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ︵ᠠᠯᠪᠠᠨ ᠭᠡᠷ ᠢ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠳᠤ ᠲᠣᠬᠢᠷᠠᠭᠤᠯᠤᠨ᠎ᠠ︶ ᠢ ᠵᠢᠩᠬᠢᠨᠢ ᠪᠠᠷ ᠪᠠᠶᠢᠭᠤᠯᠵᠤ᠂ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠴᠤ ᠶᠠᠳᠠᠭᠤ ᠬᠦᠴᠢᠷᠳᠡᠯᠲᠡᠢ ᠬᠥᠮᠥᠨ ᠠᠮᠠ ᠶᠢ ᠰᠡᠷᠭᠡᠶᠢᠯᠡᠬᠦ ᠶᠢ ᠬᠢᠨᠠᠨ ᠬᠡᠮᠵᠢᠵᠦ ᠢᠯᠭᠠᠨ ᠲᠠᠨᠢᠬᠤ ᠪᠠ ᠬᠠᠪᠰᠤᠷᠤᠨ ᠲᠡᠳᠬᠦᠬᠦ ᠵᠡᠷᠭᠡ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠡᠷᠴᠢᠮ ᠢᠶᠠᠨ ᠴᠢᠩᠭᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠦᠬᠦ ᠲᠠᠯ᠎ᠠ ᠪᠠᠷ ᠠᠬᠢᠭᠤᠯᠬᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠨᠠᠭᠰᠢᠳᠠ ᠴᠢᠩᠭᠠᠳᠬᠠᠬᠤ ᠪᠣᠯᠣᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1