ᠳ᠋ᠦᠩ ᠾᠧ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ 2022 ᠣᠨ ᠤ ᠠᠵᠢᠯ ᠣᠯᠭᠤᠯᠲᠠ ᠶᠢᠨ ᠲᠤᠰᠠᠯᠠᠮᠵᠢ ᠶᠢᠨ ᠰᠠᠷ᠎ᠠ ᠶᠢᠨ ᠬᠤᠯᠪᠣᠭᠳᠠᠯ ᠪᠦᠬᠦᠢ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2022/3/21
     ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠬᠤ ᠶᠢᠨ ᠲᠥᠯᠥᠭᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠶᠢ ᠨᠢᠭᠡᠳᠦᠯᠲᠡᠢ ᠲᠥᠯᠥᠪᠯᠡᠨ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ︽ᠵᠢᠷᠭᠤᠭ᠎ᠠ ᠶᠢ ᠪᠠᠲᠤᠯᠠᠬᠤ︾ ᠠᠵᠢᠯ ᠢ ᠰᠠᠶᠢᠲᠤᠷ ᠬᠢᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ ᠶᠢᠨ ︽2022 ᠣᠨ ᠤ ᠠᠵᠢᠯ ᠣᠯᠭᠤᠯᠲᠠ ᠶᠢ ᠲᠤᠰᠠᠯᠠᠬᠤ ᠰᠠᠷ᠎ᠠ ᠶᠢᠨ ᠲᠤᠰᠬᠠᠢ ᠠᠵᠢᠯᠯᠠᠭ᠎ᠠ ᠶᠢ ᠥᠷᠨᠢᠭᠦᠯᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠳ᠋ᠦᠩ ᠾᠧ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ 2022 ᠣᠨ ᠤ ᠠᠵᠢᠯ ᠣᠯᠭᠤᠯᠲᠠ ᠶᠢ ᠲᠤᠰᠠᠯᠠᠬᠤ ᠰᠠᠷ᠎ᠠ ᠶᠢᠨ ᠳᠣᠲᠣᠷᠠᠬᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠠᠵᠢᠯᠯᠠᠭ᠎ᠠ ᠶᠢ ᠥᠷᠨᠢᠭᠦᠯᠦᠨ᠎ᠡ᠃      2022 ᠣᠨ ᠤ 1 ᠰᠠᠷ᠎ᠠ ᠶᠢᠨ 17 ᠤ ᠡᠳᠦᠷ ᠠᠴᠠ ᠳ᠋ᠦᠩ ᠾᠧ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠴᠠ ᠲᠤᠰ ᠰᠠᠯᠠᠭ᠎ᠠ ᠮᠥᠴᠢᠷ ᠵᠢᠴᠢ ᠬᠤᠶᠠᠷ ᠪᠠᠯᠭᠠᠰᠤᠨ ᠤ ᠠᠵᠢᠯᠲᠠᠳ ᠢ ᠵᠣᠬᠢᠶᠠᠨ ᠪᠠᠶᠢᠭᠤᠯᠵᠤ᠂ ᠡᠳᠦᠷ ᠲᠤᠲᠤᠮ ᠤᠨ ᠡᠷᠦᠬᠡ ᠳᠤ ᠣᠷᠣᠵᠤ ᠠᠵᠢᠯᠯᠠᠬᠤ ᠪᠠ ᠬᠠᠪᠰᠤᠷᠤᠨ ᠲᠡᠳᠬᠦᠬᠦ ᠡᠲᠡᠭᠡᠳ ᠤᠨ ᠪᠣᠳᠠᠲᠤ ᠪᠠᠶᠢᠳᠠᠯ  ᠲᠠᠢ ᠤᠶᠠᠯᠳᠤᠭᠤᠯᠤᠨ᠂ ᠡᠷᠦᠬᠡ ᠳᠤ ᠬᠦᠷᠴᠦ ᠰᠤᠷᠪᠤᠯᠵᠢᠯᠠᠬᠤ᠂ ᠤᠲᠠᠰᠤ ᠠᠪᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠨᠢᠭᠡ ᠤᠳᠠᠭ᠎ᠠ ᠶᠢᠨ ᠠᠵᠢᠯ ᠣᠯᠭᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠲᠥᠪᠯᠡᠷᠡᠭᠦᠯᠦᠨ ᠲᠠᠬᠢᠨ ᠪᠠᠶᠢᠴᠠᠭᠠᠨ ᠵᠢᠭᠰᠠᠭᠠᠬᠤ ᠠᠵᠢᠯ ᠢ ᠥᠷᠨᠢᠭᠦᠯᠵᠦ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ᠂ ᠠᠮᠠᠷᠬᠠᠨ ᠶᠠᠳᠠᠭᠤᠷᠠᠬᠤ ᠪᠠ ᠲᠠᠬᠢᠨ ᠶᠠᠳᠠᠭᠤᠷᠠᠬᠤ ᠡᠷᠦᠬᠡ ᠳᠤ ᠠᠵᠢᠯ ᠣᠯᠭᠤᠬᠤ ᠦᠨᠳᠦᠰᠦᠨ ᠪᠠᠶᠢᠳᠠᠯ ᠢ ᠨᠠᠷᠢᠨ ᠣᠶᠢᠯᠠᠭᠠᠵᠤ᠂ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠲᠦᠷᠦ ᠶᠢᠨ ᠪᠣᠳᠣᠯᠭ᠎ᠠ ᠶᠢ ᠤᠬᠠᠭᠤᠯᠬᠤ ᠶᠢᠨ ᠬᠠᠮᠲᠤ ᠲᠡᠭᠦᠨ ᠤ ᠳᠣᠲᠣᠷᠠᠬᠢ ᠠᠵᠢᠯ ᠣᠯᠬᠤ ᠳᠤ ᠬᠦᠴᠢᠷᠲᠡᠢ ᠬᠥᠮᠥᠰ ᠪᠠ ᠬᠥᠯᠥᠰᠦᠨ ᠠᠵᠢᠯ ᠬᠢᠵᠦ ᠭᠡᠷ ᠲᠡᠭᠡᠨ ᠪᠤᠴᠠᠭᠰᠠᠨ ᠬᠥᠮᠥᠰ ᠢ ᠡᠮᠬᠢᠯᠡᠨ ᠭᠠᠷᠭᠠᠵᠤ᠂ ᠲᠡᠭᠦᠨ ᠤ ᠳᠣᠲᠣᠷᠠᠬᠢ ᠠᠵᠢᠯ ᠣᠯᠬᠤ ᠬᠦᠰᠡᠯ ᠪᠠ ᠬᠡᠷᠡᠭᠴᠡᠭᠡ ᠱᠠᠭᠠᠷᠳᠠᠯᠭ᠎ᠠ ᠲᠠᠢ ᠬᠥᠮᠥᠰ ᠢ ᠬᠠᠪᠰᠤᠷᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠠᠴᠠ ᠠᠰᠠᠭᠤᠨ ᠯᠠᠪᠯᠠᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠭᠤᠶᠤᠴᠢᠯᠠᠨ ᠮᠡᠳᠡᠭᠦᠯᠬᠦ ᠪᠤᠶᠤ ᠲᠣᠬᠢᠷᠠᠮᠵᠢᠲᠠᠢ ᠠᠵᠢᠯ ᠤᠨ ᠪᠠᠶᠢᠷᠢ ᠶᠢ ᠲᠠᠨᠢᠯᠴᠠᠭᠤᠯᠤᠨ᠎ᠠ᠃      ᠶᠠᠳᠠᠭᠤ ᠠᠴᠠ ᠠᠩᠭᠢᠵᠢᠷᠠᠭᠰᠠᠨ ᠡᠷᠦᠬᠡ ᠪᠠ ᠠᠮᠠᠷᠬᠠᠨ ᠶᠠᠳᠠᠭᠤᠷᠠᠬᠤ ᠳᠠᠬᠢᠨ ᠶᠠᠳᠠᠭᠤᠷᠠᠬᠤ ᠡᠷᠦᠬᠡ ᠳᠤ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠥᠷᠨᠢᠭᠦᠯᠵᠦ᠂ ᠲᠣᠰ ᠤᠳᠠᠭᠠᠨ ᠤ ᠠᠵᠢᠯᠯᠠᠭ᠎ᠠ ᠪᠣᠯ ᠨᠢᠭᠡ ᠤᠳᠠᠭᠠᠨ ᠤ ᠣᠯᠠᠨ ᠰᠠᠯᠠᠭ᠎ᠠ ᠮᠥᠴᠢᠷ ᠬᠤᠯᠪᠤᠭᠠᠯᠠᠨ ᠬᠥᠳᠡᠯᠦᠯᠴᠡᠭᠰᠡᠨ ᠲᠥᠪᠯᠡᠷᠡᠩᠭᠦᠢ ᠲᠤᠰᠬᠠᠢ ᠲᠥᠷᠥᠯ ᠤᠨ ᠠᠵᠢᠯᠯᠠᠭ᠎ᠠ ᠮᠥᠨ᠂ ᠣᠷᠣᠨ ᠪᠦᠰᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠴᠠ ᠪᠤᠰᠤᠳ ᠡᠯ᠎ᠡ ᠰᠠᠯᠠᠭ᠎ᠠ ᠮᠥᠴᠢᠷ ᠲᠣᠰ ᠪᠡᠶ᠎ᠡ ᠶᠢᠨ ᠠᠵᠢᠯ ᠤᠨ ᠡᠭᠦᠷᠭᠡ ᠴᠢᠳᠠᠪᠤᠷᠢ ᠲᠠᠢ ᠪᠠᠨ ᠤᠶᠠᠯᠳᠤᠭᠤᠯᠤᠨ᠂ ᠣᠯᠠᠨ ᠲᠠᠯ᠎ᠠ ᠪᠠᠷ ᠬᠦᠴᠦᠯᠡᠵᠦ᠂ ᠬᠦᠴᠢᠷᠳᠡᠯᠲᠡᠢ ᠣᠯᠠᠨ ᠲᠦᠮᠡᠨ ᠳᠤ ᠨᠠᠮ ᠪᠠ ᠵᠠᠰᠠᠭ ᠤᠨ ᠣᠷᠳᠣᠨ ᠤ ᠬᠠᠯᠠᠭᠤᠨ ᠳᠤᠯᠠᠭᠠᠨ ᠢ ᠦᠨᠡᠨ ᠬᠦ ᠬᠦᠷᠲᠡᠭᠡᠵᠦ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠲᠤᠰ ᠤᠳᠠᠭ᠎ᠠ ᠶᠢᠨ ᠠᠵᠢᠯᠯᠠᠭ᠎ᠠ ᠶᠢᠨ ᠠᠰᠢᠭᠲᠠᠢ ᠠᠵᠠ ᠲᠣᠬᠢᠶᠠᠯ ᠢ ᠭᠦᠢᠴᠡᠳ ᠠᠰᠢᠭᠯᠠᠵᠤ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠲᠦᠷᠦ ᠶᠢᠨ ᠪᠣᠳᠣᠯᠭ᠎ᠠ ᠶᠢ ᠨᠡᠩ ᠭᠦᠨᠵᠡᠭᠡᠢ ᠤᠬᠠᠭᠤᠯᠵᠤ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ᠂ ᠶᠠᠳᠠᠭᠤ ᠬᠦᠴᠢᠷᠳᠡᠯᠲᠡᠢ ᠲᠠᠬᠢᠨ ᠶᠠᠳᠠᠭᠤᠷᠠᠭᠰᠠᠨ ᠡᠷᠦᠬᠡ ᠳᠤ ᠠᠮᠠᠷᠬᠠᠨ ᠠᠵᠢᠯ ᠣᠯᠭᠤᠬᠤ ᠦᠨᠳᠦᠰᠦᠨ ᠪᠠᠶᠢᠳᠠᠯ ᠢ ᠤᠯᠠᠮ ᠴᠢᠨᠠᠭᠰᠢᠳᠠ ᠲᠣᠳᠣᠷᠬᠠᠢ ᠣᠶᠢᠯᠠᠭᠠᠵᠤ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠦᠷᠭᠦᠯᠵᠢᠯᠡᠨ ᠪᠦᠷᠢᠨᠰᠢᠭᠦᠯᠬᠦ ᠳᠤ ᠠᠰᠢᠭᠲᠠᠢ ᠶᠤᠮ᠃ᠳᠠᠷᠠᠭᠠᠴᠢ ᠶᠢᠨ ᠠᠯᠬᠤᠮ ᠳᠤ᠂ ᠳ᠋ᠦᠩ ᠡᡁᠸ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠦᠷᠭᠦᠯᠵᠢᠯᠡᠨ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠪᠣᠯᠣᠨ ᠭᠠᠵᠠᠷ ᠣᠷᠣᠨ ᠯᠤᠭ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠲᠠᠢ ᠤᠶᠠᠯᠳᠤᠭᠤᠯᠵᠤ᠂ ᠠᠮᠠᠷᠬᠠᠨ ᠶᠠᠳᠠᠭᠤᠷᠠᠬᠤ ᠲᠠᠬᠢᠨ ᠶᠠᠳᠠᠭᠤᠷᠠᠬᠤ ᠡᠷᠦᠬᠡ ᠶᠢ ᠢᠯᠭᠠᠨ ᠲᠠᠨᠢᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠠᠵᠢᠯ ᠤᠨ ᠲᠣᠭᠲᠠᠴᠠ ᠪᠠᠨ ᠴᠢᠨᠠᠭᠰᠢᠳᠠ ᠲᠡᠭᠦᠯᠳᠡᠷᠵᠢᠭᠦᠯᠵᠦ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠠᠵᠢᠯ ᠢ ᠡᠷᠴᠢᠮ ᠢᠶᠠᠨ ᠴᠢᠩᠭᠠᠷᠠᠭᠤᠯᠤᠨ᠎ᠠ᠃ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠠᠵᠢᠯ ᠢ ᠪᠠᠭᠲᠠᠭᠠᠭᠰᠠᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠰᠡᠷᠭᠡᠶᠢᠯᠡᠬᠦ ᠶᠢ ᠬᠢᠨᠠᠨ ᠬᠡᠮᠵᠢᠵᠦ ᠢᠯᠭᠠᠨ ᠲᠠᠨᠢᠬᠤ ᠪᠠ ᠬᠠᠪᠰᠤᠷᠤᠨ ᠲᠡᠳᠬᠦᠬᠦ ᠲᠣᠭᠲᠠᠴᠠ ᠶᠢ ᠲᠠᠰᠤᠷᠠᠯᠲᠠ ᠦᠭᠡᠢ ᠪᠦᠷᠢᠨᠰᠢᠭᠦᠯᠬᠦ ᠪᠠᠷ ᠳᠠᠮᠵᠢᠭᠤᠯᠵᠤ᠂ ᠠᠮᠠᠷᠬᠠᠨ ᠶᠠᠳᠠᠭᠤᠷᠠᠬᠤ ᠲᠠᠬᠢᠨ ᠶᠠᠳᠠᠭᠤᠷᠠᠬᠤ ᠡᠷᠦᠬᠡ ᠶᠢ ᠴᠠᠭ ᠲᠤᠬᠠᠢ ᠳᠤᠨᠢ ᠢᠯᠭᠠᠨ ᠲᠠᠨᠢᠬᠤ᠂ ᠲᠤᠰᠢᠶᠠᠬᠤ ᠶᠣᠰᠣᠲᠠᠢ ᠶᠢ ᠨᠢ ᠪᠦᠬᠦᠨ ᠢ ᠲᠤᠰᠢᠶᠠᠬᠤ ᠶᠢ ᠪᠡᠶᠡᠯᠡᠭᠦᠯᠵᠦ᠂ ᠡᠯ᠎ᠡ ᠵᠦᠢᠯ ᠤᠨ ᠲᠦᠷᠦ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠵᠤ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠰᠡᠷᠭᠡᠶᠢᠯᠡᠬᠦ ᠪᠠᠲᠤᠯᠠᠪᠤᠷᠢ ᠶᠢᠨ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ᠶᠠᠳᠠᠭᠤᠷᠠᠬᠤ ᠲᠠᠬᠢᠨ ᠶᠠᠳᠠᠭᠤᠷᠠᠬᠤ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠬᠦ ᠪᠠ ᠠᠷᠢᠯᠭᠠᠵᠤ᠂ ᠬᠥᠳᠡᠯᠦᠩᠭᠦᠢ ᠪᠠᠷ ᠲᠡᠭ ᠪᠣᠯᠭᠠᠬᠤ ᠶᠢ ᠪᠡᠶᠡᠯᠡᠭᠦᠯᠵᠦ᠂ ᠰᠢᠨ᠎ᠡ ᠶᠠᠳᠠᠭᠤᠷᠠᠬᠤ ᠲᠠᠬᠢᠨ ᠶᠠᠳᠠᠭᠤᠷᠠᠬᠤ ᠪᠠᠶᠢᠳᠠᠯ ᠭᠠᠷᠬᠤ ᠠᠴᠠ ᠵᠠᠶᠢᠯᠠᠰᠬᠢᠬᠦ ᠬᠡᠷᠡᠭᠲᠡᠢ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1