ᠳ᠋ᠦᠩ ᠾᠧ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠤᠨ ᠰᠢᠨ ᠭᠤᠸᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠶᠠᠳᠠᠭᠤ ᠬᠦᠴᠢᠷᠳᠡᠯᠲᠡᠢ ᠬᠥᠮᠥᠨ ᠠᠮᠠ ᠶᠢ ᠰᠡᠷᠭᠡᠶᠢᠯᠡᠬᠦ ᠶᠢ ᠬᠢᠨᠠᠨ ᠬᠡᠮᠵᠢᠬᠦ ᠠᠵᠢᠯ ︽ᠬᠤᠶᠠᠷ ᠲᠠᠯ᠎ᠠ ᠪᠠᠷ ᠠᠳᠬᠤᠵᠤ ᠬᠤᠶᠠᠷ ᠢ ᠰᠠᠭᠠᠲᠠᠭᠠᠬᠤ ᠦᠭᠡᠢ︾ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠴᠢᠨᠠᠭᠰᠢᠳᠠ ᠪᠠᠬᠢᠵᠢᠭᠦᠯᠦᠨ ᠥᠷᠭᠡᠳᠬᠡᠨ᠎ᠡ
ᠨᠡᠶᠢᠲᠡᠯᠡᠭᠰᠡᠨ ᠴᠠᠭ᠄
2022/3/21
     ᠳ᠋ᠦᠩ ᠾᠧ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠤᠨ  ᠬᠢᠨ ᠲᠣᠭᠤᠷᠢᠭ ᠤᠨ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠪᠣᠯᠣᠨ ᠰᠢᠨ᠎ᠡ ᠲᠢᠲᠢᠮ ᠲᠠᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠳᠠᠭᠠᠭᠠᠴᠢᠯᠠᠨ ᠬᠤᠯᠪᠣᠭᠠᠯᠠᠬᠤ ᠡᠭᠦᠷᠭᠡ ᠶᠢᠨ ᠱᠠᠭᠠᠷᠳᠠᠯᠭ᠎ᠠ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠶᠢᠨ ᠬᠠᠮᠲᠤ᠂ ᠠᠵᠢᠯ ᠤᠨ ᠳᠦᠷᠢᠮ ᠢ ᠴᠠᠭ ᠲᠤᠨᠢ ᠲᠣᠬᠢᠷᠠᠭᠤᠯᠤᠨ ᠪᠠᠶᠢᠭᠤᠯᠤᠨ ᠪᠦᠷᠢᠨᠰᠢᠭᠦᠯᠵᠦ᠂ ᠠᠵᠢᠯ ᠤᠨ ᠱᠠᠭᠠᠷᠳᠠᠯᠭ᠎ᠠ ᠶᠢ ᠲᠣᠳᠣᠷᠬᠠᠶᠢᠯᠠᠨ᠂ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠶᠢ ᠴᠢᠩᠭᠠᠳᠬᠠᠵᠤ᠂ ᠡᠯ᠎ᠡ ᠨᠢᠭᠡᠴᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠥᠯᠥᠭᠡᠯᠡᠬᠦ ᠦᠭᠡᠢ ᠰᠠᠭᠤᠷᠢᠨ ᠳᠡᠭᠡᠷ᠎ᠡ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠰᠡᠷᠭᠡᠶᠢᠯᠡᠬᠦ ᠶᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠲᠦᠯᠬᠢᠨ ᠠᠬᠢᠭᠤᠯᠪᠠ᠃      2 ᠰᠠᠷ᠎ᠠ ᠶᠢᠨ 18 ᠤ ᠡᠳᠦᠷ ᠠᠴᠠ ᠨᠠᠰᠢ᠂ ᠣᠷᠣᠨ ᠤ ᠨᠠᠮ ᠤᠨ ᠬᠤᠷᠢᠶ᠎ᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ᠂ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠯᠭᠠᠰᠤ ᠲᠣᠰᠬᠤᠨ ᠢ ᠪᠠᠶᠢᠩᠭᠤᠵᠢᠭᠤᠯᠤᠨ ᠬᠢᠨᠠᠨ ᠪᠠᠶᠢᠴᠠᠭᠠᠵᠤ ᠵᠢᠭᠰᠠᠭᠠᠨ ᠪᠠᠶᠢᠴᠠᠭᠠᠵᠤ᠂ ᠠᠮᠠᠷᠬᠠᠨ ᠶᠠᠳᠠᠭᠤᠷᠠᠬᠤ ᠪᠤᠶᠤ ᠶᠠᠳᠠᠭᠤᠷᠠᠬᠤ ᠡᠷᠦᠬᠡ ᠶᠢ ᠴᠠᠭ ᠲᠤᠬᠠᠢ ᠳᠤᠨᠢ ᠢᠯᠭᠠᠨ ᠲᠠᠨᠢᠭᠰᠠᠨ ᠰᠠᠭᠤᠷᠢᠨ ᠳᠡᠭᠡᠷ᠎ᠡ᠂ ᠠᠵᠢᠯ ᠲᠥᠷᠥᠯ ᠤᠨ ᠰᠢᠭᠰᠢᠨ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠬᠦ ᠠᠵᠢᠯ ᠤᠨ ︽ᠰᠠᠯᠠᠭ᠎ᠠ ᠮᠥᠴᠢᠷ ᠠᠴᠠ ᠰᠢᠭᠰᠢᠨ ᠪᠠᠶᠢᠴᠠᠭᠠᠬᠤ᠂ ᠲᠥᠪᠯᠡᠷᠡᠭᠦᠯᠦᠨ ᠲᠤᠰᠢᠶᠠᠵᠤ ᠭᠦᠢᠴᠡᠳᠬᠡᠭᠦᠯᠬᠦ᠂ ᠡᠷᠦᠬᠡ ᠳᠤ ᠬᠦᠷᠴᠦ ᠬᠢᠨᠠᠨ ᠪᠠᠶᠢᠴᠠᠭᠠᠬᠤ᠂ ᠦᠷ᠎ᠡ ᠳ᠋ᠦᠩ ᠢ ᠬᠠᠷᠢᠭᠤ ᠲᠤᠰᠬᠠᠬᠤ᠂ ᠮᠥᠷᠳᠡᠨ ᠪᠠᠶᠢᠴᠠᠭᠠᠵᠤ ᠭᠦᠢᠴᠡᠳᠬᠡᠭᠦᠯᠬᠦ︾ ᠠᠵᠢᠯ ᠤᠨ ᠳᠡᠰ ᠳᠠᠷᠠᠭ᠎ᠠ ᠶᠣᠰᠣᠭᠠᠷ᠂ ᠳ᠋ᠦᠩ ᠾᠧ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠵᠢᠯ ᠲᠥᠷᠥᠯ ᠤᠨ ᠰᠡᠷᠡᠮᠵᠢᠯᠡᠭᠦᠯᠬᠦ ᠲᠤᠭ᠎ᠠ ᠪᠠᠷᠢᠮᠲᠠ ᠶᠢᠨ ︽ᠰᠠᠷ᠎ᠠ ᠶᠢᠨ ᠮᠡᠳᠡᠭᠦᠯᠦᠯᠲᠡ︾ ︽ᠥᠴᠥᠬᠡᠨ ᠴᠦ ᠮᠡᠳᠡᠭᠦᠯᠦᠯᠲᠡ ᠦᠭᠡᠢ︾ ︽ᠶᠠᠳᠠᠭᠤᠷᠠᠬᠤ ᠪᠠ ᠳᠠᠬᠢᠨ ᠶᠠᠳᠠᠭᠤᠷᠠᠬᠤ ᠬᠦᠨᠳᠦ ᠨᠣᠴᠢᠲᠠᠢ ᠲᠦᠭᠰᠢᠭᠦᠷᠢ ᠲᠠᠢ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠳᠡᠭᠡᠭᠰᠢ ᠮᠡᠳᠡᠭᠦᠯᠬᠦ︾ ᠵᠢᠴᠢ ᠪᠠᠯᠭᠠᠰᠤ ᠲᠣᠰᠬᠤᠨ ᠢ ᠵᠢᠭᠰᠠᠭᠠᠨ ᠪᠠᠶᠢᠴᠠᠭᠠᠬᠤ ᠪᠠ ᠬᠠᠷᠢᠭᠤ ᠲᠤᠰᠬᠠᠬᠤ ᠠᠵᠢᠯ ᠤᠨ 2 ︽ᠭᠠᠷᠠᠭ ᠤᠨ ᠬᠠᠷᠢᠭᠤ ᠲᠤᠰᠬᠠᠬᠤ︾ ᠪᠠ 1 ︽ᠰᠠᠷ᠎ᠠ ᠶᠢᠨ ᠮᠡᠳᠡᠭᠦᠯᠦᠯᠲᠡ︾ ᠶᠢᠨ ᠳᠦᠷᠢᠮ ᠢ ᠰᠦᠪᠡᠭᠴᠢᠯᠡᠨ ᠬᠡᠷᠡᠭᠵᠢᠭᠦᠯᠵᠦ᠂ ᠶᠠᠳᠠᠭᠤ  ᠠᠴᠠ ᠰᠡᠷᠭᠡᠶᠢᠯᠡᠬᠦ ᠶᠢ ᠬᠢᠨᠠᠨ ᠬᠡᠮᠵᠢᠭᠰᠡᠨ ᠦᠷ᠎ᠡ ᠳ᠋ᠦᠩ ᠢ ᠬᠠᠷᠢᠭᠤ ᠲᠤᠰᠬᠠᠬᠤ ᠪᠠ ᠮᠥᠷᠳᠡᠨ ᠪᠠᠶᠢᠴᠠᠭᠠᠵᠤ ᠰᠢᠢᠳᠪᠦᠷᠢᠯᠡᠬᠦ ᠠᠵᠢᠯ ᠤᠨ ᠳᠦᠷᠢᠮ ᠢ ᠤᠯᠠᠮ ᠨᠢᠭᠡ ᠠᠯᠬᠤᠮ ᠪᠦᠷᠢᠨᠰᠢᠭᠦᠯᠦᠨ᠎ᠡ᠃ᠳᠡᠭᠡᠷᠡᠬᠢ ᠲᠣᠭᠲᠠᠴᠠ ᠲᠠᠢ ᠤᠶᠠᠯᠳᠤᠭᠤᠯᠤᠨ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠰᠡᠷᠭᠡᠶᠢᠯᠡᠬᠦ ᠶᠢ ᠬᠢᠨᠠᠨ ᠬᠡᠮᠵᠢᠬᠦ ᠶᠢ ᠪᠠᠶᠢᠩᠭᠤᠵᠢᠭᠤᠯᠤᠨ ᠬᠢᠨᠠᠨ ᠬᠡᠮᠵᠢᠵᠦ ᠵᠢᠭᠰᠠᠭᠠᠨ ᠪᠠᠶᠢᠴᠠᠭᠠᠬᠤ ᠪᠠ ᠠᠵᠢᠯ ᠲᠥᠷᠥᠯ ᠤᠨ ᠰᠢᠭᠰᠢᠨ ᠪᠠᠶᠢᠴᠠᠭᠠᠵᠤ ᠰᠡᠷᠡᠮᠵᠢᠯᠡᠭᠦᠯᠬᠦ ᠲᠤᠭ᠎ᠠ ᠪᠠᠷᠢᠮᠲᠠ ᠶᠢ ᠰᠣᠯᠢᠯᠴᠠᠬᠤ ᠠᠵᠢᠯ ᠢ ᠭᠦᠨᠵᠡᠭᠡᠢ ᠳᠠᠭᠠᠵᠤ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠰᠡᠷᠭᠡᠶᠢᠯᠡᠬᠦ ᠶᠢ ᠬᠢᠨᠠᠨ ᠬᠡᠮᠵᠢᠵᠦ ᠢᠯᠭᠠᠨ ᠲᠠᠨᠢᠬᠤ ᠠᠵᠢᠯ ᠢ ᠦᠷᠭᠦᠯᠵᠢᠯᠡᠨ ᠠᠬᠢᠭᠤᠯᠤᠨ᠎ᠠ᠃ᠡᠭᠦᠨ ᠤ ᠬᠠᠮᠲᠤ᠂ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠬᠢᠨ ᠬᠤᠶᠠᠷ ᠪᠠᠯᠭᠠᠰᠤ ᠲᠠᠢ ᠬᠠᠮᠲᠤᠷᠠᠵᠤ ᠪᠠᠶᠢᠭᠠᠳ ᠠᠮᠠᠷᠬᠠᠨ ᠶᠠᠳᠠᠭᠤᠷᠠᠬᠤ ᠪᠤᠶᠤ ᠳᠠᠬᠢᠨ ᠶᠠᠳᠠᠭᠤᠷᠠᠬᠤ ᠡᠷᠦᠬᠡ ᠶᠢ ᠬᠠᠪᠰᠤᠷᠤᠨ ᠲᠡᠳᠬᠦᠬᠦ ᠲᠥᠯᠥᠪᠯᠡᠭᠡ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠡᠯ᠎ᠡ ᠠᠵᠢᠯ ᠲᠥᠷᠥᠯ ᠤᠨ ᠨᠢᠭᠡᠴᠡ ᠶᠢ ᠵᠣᠬᠢᠶᠠᠨ ᠪᠠᠶᠢᠭᠤᠯᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠮᠠᠷᠬᠠᠨ ᠶᠠᠳᠠᠭᠤᠷᠠᠬᠤ ᠪᠤᠶᠤ ᠶᠠᠳᠠᠭᠤᠷᠠᠬᠤ ᠡᠷᠦᠬᠡ ᠶᠢᠨ ᠵᠡᠮᠳᠡᠭ ᠤᠨ ᠦᠨᠡᠮᠯᠡᠯ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ ᠢ ᠠᠰᠠᠷᠠᠨ ᠲᠡᠵᠢᠭᠡᠬᠦ ᠶᠢ ᠭᠦᠢᠴᠡᠳᠬᠡᠬᠦ ᠵᠢᠴᠢ ᠡᠮ ᠡᠮᠨᠡᠯᠭᠡ ᠶᠢᠨ ᠳᠠᠭᠠᠳᠬᠠᠯ ᠢ ᠣᠷᠣᠯᠠᠨ ᠲᠤᠰᠢᠶᠠᠬᠤ ᠵᠡᠷᠭᠡ ᠠᠵᠢᠯ ᠢ ᠲᠦᠷᠦᠭᠦᠯᠡᠨ ᠠᠬᠢᠭᠤᠯᠵᠤ᠂ ᠵᠡᠪᠰᠡᠭᠲᠦ ᠴᠠᠭᠳᠠᠭ᠎ᠠ ᠶᠢᠨ ᠰᠠᠯᠪᠤᠷᠢ ᠠᠩᠭᠢ ᠶᠢᠨ ︽ᠵᠠᠭᠤ ᠮᠢᠩᠭᠠᠨ ᠲᠦᠮᠡ︾ ᠶᠢᠨ ᠬᠠᠶᠢᠷ᠎ᠠ ᠬᠠᠯᠠᠮᠵᠢ ᠶᠢᠨ ᠰᠤᠷᠤᠯᠭ᠎ᠠ ᠶᠢ ᠲᠡᠳᠬᠦᠬᠦ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠬᠠᠪᠰᠤᠷᠤᠨ ᠲᠡᠳᠬᠦᠬᠦ ᠠᠵᠢᠯ ᠨᠢ ᠪᠥᠬᠦ ᠠᠮᠠᠷᠬᠠᠨ ᠶᠠᠳᠠᠭᠤᠷᠠᠬᠤ ᠪᠤᠶᠤ ᠶᠠᠳᠠᠭᠤᠷᠠᠬᠤ ᠡᠷᠦᠬᠡ ᠶᠢ ᠬᠠᠮᠤᠷᠤᠭᠰᠠᠨ ᠪᠥᠭᠡᠳ ᠲᠥᠷᠥᠯ ᠬᠤᠪᠢᠶᠠᠨ ᠬᠠᠪᠰᠤᠷᠤᠨ ᠲᠡᠳᠬᠦᠬᠦ ᠳᠤ ︽ᠨᠢᠭᠡ ᠬᠡᠷᠡᠭ ᠢ ᠨᠢᠭᠡ ᠵᠥᠪᠯᠡᠬᠦ︾᠂ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠦᠨᠡᠨᠬᠦ ᠬᠡᠷᠡᠭᠴᠡᠭᠡ ᠲᠠᠢ 2 ᠠᠮᠠᠷᠬᠠᠨ ᠶᠠᠳᠠᠭᠤᠷᠠᠬᠤ ᠪᠤᠶᠤ ᠶᠠᠳᠠᠭᠤᠷᠠᠬᠤ ᠡᠷᠦᠬᠡ ᠳᠤ ᠲᠤᠯᠭᠠᠷᠠᠭᠰᠠᠨ ᠲᠥᠷᠥ ᠶᠢᠨ ᠪᠣᠳᠣᠯᠭ᠎ᠠ ᠶᠢᠨ ᠰᠢᠢᠳᠪᠦᠷᠢᠯᠡᠬᠦ ᠬᠦᠴᠢᠷ ᠠᠰᠠᠭᠤᠳᠠᠯ ᠢ ᠦᠨᠡᠨ ᠬᠦ ᠰᠢᠢᠳᠪᠦᠷᠢᠯᠡᠬᠦ ᠶᠢ ᠠᠬᠢᠭᠤᠯᠵᠤ᠂ ᠨᠥᠭᠦᠭᠡ 2 ᠬᠥᠮᠥᠨ ᠳᠤ ᠨᠥᠬᠦᠪᠦᠷᠢᠯᠡᠬᠦ ᠴᠢᠨᠠᠷᠲᠠᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠬᠦᠷᠲᠡᠭᠡᠪᠡ᠃ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠬᠦᠴᠦ ᠪᠠᠨ ᠬᠠᠮᠲᠤᠳᠬᠠᠨ ᠬᠠᠮᠲᠤᠪᠠᠷ ᠤᠷᠤᠭᠰᠢᠯᠠᠭᠰᠠᠨ ᠬᠠᠪᠰᠤᠷᠤᠨ ᠲᠡᠳᠬᠦᠬᠦ ᠪᠠᠶᠢᠳᠠᠯ ᠢ ᠪᠤᠢ ᠪᠣᠯᠭᠠᠬᠤ ᠶᠢ ᠠᠬᠢᠭᠤᠯᠤᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1