ᠨᠡᠶᠢᠭᠡᠮ ᠲᠣᠭᠤᠷᠢᠭ ᠤᠨ ᠬᠢᠨ ᠵᠠᠮ ᠤᠨ ᠭᠠᠳᠠᠷᠭᠤ ᠴᠥᠮᠥᠷᠡᠵᠦ ᠳᠠᠯᠳᠠ ᠬᠡᠮ ᠣᠷᠣᠰᠢᠵᠤ ᠪᠠᠶᠢᠨ᠎ᠠ᠂ ᠠᠮᠤᠷ ᠲᠦᠪᠰᠢᠨ ᠢ ᠵᠣᠬᠢᠴᠠᠭᠤᠯᠤᠨ ᠪᠠᠲᠤᠯᠠᠨ᠎ᠠ
ᠨᠡᠶᠢᠲᠡᠯᠡᠭᠰᠡᠨ ᠴᠠᠭ᠄
2022/3/22
     3 ᠰᠠᠷ᠎ᠠ ᠶᠢᠨ 15 ᠤ ᠡᠳᠦᠷ ᠤᠨ ᠥᠷᠯᠥᠭᠡ ᠬᠤᠲᠣᠩ ᠦᠨᠳᠦᠰᠦᠲᠡᠨ ᠤ ᠵᠡᠭᠡᠯᠢ ᠭᠤᠳᠤᠮᠵᠢ ᠶᠢᠨ ᠬᠤᠸᠠᠩ  ᠲᠤ ᠴᠢᠦᠢ ᠨᠡᠶᠢᠭᠡᠮ ᠲᠣᠭᠤᠷᠢᠭ ᠤᠨ ᠠᠵᠢᠯᠲᠠᠳ ᠰᠠᠭᠤᠭᠠᠯᠢ ᠠᠷᠠᠳ ᠤᠨ ᠤᠲᠠᠰᠤ ᠶᠢ ᠲᠣᠰᠴᠤ᠂ ᠹᠦ᠋ ᠷᠦᠢ ᠬᠤᠸᠠ ᠶᠤᠸᠠᠨ ᠲᠣᠭᠤᠷᠢᠭ ᠤᠨ 8 ᠳ᠋ᠤᠭᠠᠷ ᠠᠰᠠᠷ ᠪᠠ 10 ᠳ᠋ᠤᠭᠠᠷ ᠠᠰᠠᠷ ᠤᠨ ᠳᠤᠮᠳᠠ ᠵᠠᠮ ᠴᠥᠮᠥᠷᠡᠵᠦ᠂ ᠤᠰᠤᠨ ᠤ ᠡᠬᠢ ᠰᠤᠷᠪᠤᠯᠵᠢ ᠪᠢᠯᠬᠠᠵᠤ᠂ ᠨᠡᠯᠢᠶᠡᠳ ᠶᠡᠭᠡ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠨ᠎ᠠ ᠭᠡᠵᠦ ᠲᠤᠰᠬᠠᠪᠠ᠃      ᠤᠲᠠᠰᠤ  ᠶᠢ ᠳᠤᠰᠤᠭᠰᠠᠨ ᠤ ᠳᠠᠷᠠᠭ᠎ᠠ ᠰᠦᠯᠵᠢᠶᠡᠨ ᠤ ᠠᠵᠢᠯᠲᠠᠨ ᠲᠡᠷᠡ ᠳᠠᠷᠤᠢ ᠳᠤᠨᠢ ᠳᠡᠭᠡᠭᠰᠢ ᠮᠡᠳᠡᠭᠦᠯᠬᠦ  ᠶᠢᠨ ᠬᠠᠮᠲᠤ ᠴᠥᠮᠥᠷᠡᠭᠰᠡᠨ ᠭᠠᠵᠠᠷ ᠲᠤ ᠢᠯᠡ ᠲᠣᠳᠣᠷᠬᠠᠢ ᠲᠡᠮᠳᠡᠭ ᠲᠠᠯᠪᠢᠵᠤ᠂ ᠰᠠᠭᠤᠭᠠᠯᠢ ᠠᠷᠠᠳ ᠪᠣᠯᠣᠨ ᠲᠡᠷᠭᠡ ᠤᠨᠤᠭ᠎ᠠ  ᠶᠢᠨ ᠴᠥᠮᠥᠷᠡᠬᠦ ᠠᠴᠠ ᠰᠡᠷᠭᠡᠶᠢᠯᠡᠵᠦ᠂ ᠨᠡᠶᠢᠭᠡᠮ ᠲᠣᠭᠤᠷᠢᠭ ᠤᠨ ᠶᠠᠨ ᠱᠦᠵᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠪᠠᠴᠢᠮ ᠬᠠᠷᠢᠯᠴᠠᠵᠤ ᠲᠤᠬᠠᠢ  ᠶᠢᠨ ᠭᠠᠵᠠᠷ ᠲᠤᠨᠢ ᠬᠠᠶᠢᠨ ᠪᠠᠶᠢᠴᠠᠭᠠᠵᠤ᠂ ᠳᠤᠯᠠᠭᠠᠮᠵᠢ  ᠶᠢᠨ ᠬᠤᠭᠤᠯᠠᠢ  ᠶᠢᠨ ᠳᠡᠯᠪᠡᠷᠡᠭᠰᠡᠨ  ᠢᠶᠠᠷ ᠲᠣᠭᠲᠠᠭᠠᠵᠠᠢ᠃ᠵᠠᠮ ᠳᠡᠭᠡᠷ᠎ᠡ ᠵᠣᠭᠰᠣᠵᠤ ᠪᠠᠶᠢᠭ᠎ᠠ ᠲᠡᠷᠭᠡ ᠬᠥᠰᠬᠡ ᠳᠤ ᠴᠢᠭᠯᠡᠭᠦᠯᠦᠨ᠂ ᠰᠦᠯᠵᠢᠶᠡᠨ ᠤ ᠠᠵᠢᠯᠲᠠᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠰᠠᠭᠤᠭᠠᠯᠢ ᠠᠷᠠᠳ ᠲᠠᠢ ᠴᠠᠭ ᠲᠤᠬᠠᠢ ᠳᠤᠨᠢ ᠬᠠᠷᠢᠯᠴᠠᠵᠤ ᠲᠡᠷᠭᠡ ᠬᠥᠰᠬᠡ ᠶᠢ ᠨᠡᠭᠦᠯᠭᠡᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠠᠷᠯᠢᠭᠳᠠᠵᠤ ᠪᠠᠶᠢᠭᠠᠳ ᠭᠠᠵᠠᠷ ᠤᠨ ᠭᠠᠳᠠᠷᠭᠤ ᠶᠢ ᠲᠦᠷᠭᠡᠬᠡᠨ ᠵᠠᠰᠠᠨ ᠰᠡᠷᠭᠦᠭᠡᠵᠦ᠂ ᠠᠮᠤᠷ ᠲᠦᠪᠰᠢᠨ ᠤ ᠬᠡᠮ ᠰᠣᠭᠤᠭ ᠢ ᠲᠤᠶᠢᠯᠪᠤᠷᠢᠲᠠᠢ ᠠᠷᠢᠯᠭᠠᠨ᠂ ᠰᠠᠭᠤᠭᠠᠯᠢ ᠠᠷᠠᠳ ᠤᠨ ᠬᠡᠪ ᠤᠨ ᠠᠮᠢᠳᠤᠷᠠᠯ ᠢ ᠰᠡᠷᠭᠦᠭᠡᠬᠦ ᠬᠡᠷᠡᠭᠲᠡᠢ᠃      ᠨᠡᠶᠢᠭᠡᠮ ᠲᠣᠭᠤᠷᠢᠭ ᠤᠨ ᠡᠨᠡᠬᠦ ᠠᠵᠢᠯᠯᠠᠭ᠎ᠠ ᠨᠢ ᠰᠠᠭᠤᠭᠠᠯᠢ ᠠᠷᠠᠳ ᠤᠨ ᠰᠠᠶᠢᠨ ᠦᠨᠡᠯᠡᠯᠲᠡ  ᠶᠢ ᠣᠯᠵᠠᠢ᠂ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ᠄ ︽ᠣᠯᠠᠨ ᠲᠦᠮᠡᠨ ᠤ ᠲᠥᠯᠥᠭᠡ ᠶᠠᠭᠠᠷᠠᠵᠤ᠂ ᠣᠯᠠᠨ ᠲᠦᠮᠡᠨ ᠤ ᠪᠤᠳᠤᠵᠤ ᠪᠠᠶᠢᠭ᠎ᠠ ᠵᠦᠢᠯ  ᠢ ᠪᠣᠳᠣᠯᠬᠢᠯᠠᠬᠤ︾ ᠭᠡᠳᠡᠭ ᠪᠣᠯ ᠤᠷᠢᠶ᠎ᠠ ᠪᠢᠰᠢ᠂ ᠬᠠᠷᠢᠨ ᠣᠯᠠᠨ ᠲᠦᠮᠡᠨ ᠤ ᠳᠡᠷᠭᠡᠳᠡᠬᠢ ᠬᠠᠮᠤᠭ ᠤᠨ ᠰᠢᠭᠤᠳ ᠬᠠᠮᠤᠭ ᠤᠨ ᠠᠩᠬᠠᠷᠴᠤ ᠪᠠᠶᠢᠭ᠎ᠠ ᠠᠰᠠᠭᠤᠳᠠᠯ  ᠢ ᠦᠨᠡᠨᠬᠦ ᠰᠢᠢᠳᠪᠦᠷᠢᠯᠡᠵᠦ ᠥᠭᠬᠦ ᠶᠠᠪᠤᠳᠠᠯ ᠮᠥᠨ᠃ᠳᠠᠷᠠᠭᠠᠴᠢ ᠶᠢᠨ ᠠᠯᠬᠤᠮ ᠳᠤ᠂ ᠬᠤᠸᠠᠩ ᠲᠤ ᠴᠢᠦᠢ ᠨᠡᠶᠢᠭᠡᠮ ᠲᠣᠭᠤᠷᠢᠭ ᠤᠨ ᠬᠢᠨ ᠦᠷᠭᠦᠯᠵᠢᠯᠡᠨ ᠰᠠᠭᠤᠭᠠᠯᠢ ᠠᠷᠠᠳ ᠲᠠᠢ ᠰᠡᠳᠬᠢᠯ ᠵᠢᠷᠦᠬᠡ ᠪᠠᠨ ᠬᠤᠯᠪᠣᠵᠤ᠂ ᠪᠦᠬᠦ ᠬᠦᠴᠦᠨ ᠢᠶᠠᠷ ᠢᠶᠠᠨ ᠰᠠᠭᠤᠭᠠᠯᠢ ᠠᠷᠠᠳ ᠲᠤ ᠪᠣᠳᠠᠲᠤ ᠶᠠᠪᠤᠳᠠᠯ᠂ ᠰᠠᠶᠢᠨ ᠶᠠᠪᠤᠳᠠᠯ ᠬᠢᠵᠦ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃
 
ᠢᠷᠡᠯᠲᠡ᠄ ᠳ᠋ᠦᠩ ᠾᠧ ᠲᠣᠭᠤᠷᠢᠭ ᠤᠨ ᠬᠤᠲᠣᠩ ᠦᠨᠳᠦᠰᠦᠲᠡᠨ ᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1