︽ᠳ᠋ᠦᠩ ᠾᠧ ᠶᠢᠨ ᠲᠤᠭ᠎ᠠ ᠪᠦᠷᠢᠳᠬᠡᠯ︾ ᠨᠢ ᠪᠥᠬᠦ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤᠨ ᠤ ᠲᠤᠭ᠎ᠠ ᠪᠦᠷᠢᠳᠬᠡᠯ ᠤᠨ ᠰᠢᠰᠲ᠋ᠧᠮ ᠤᠨ ᠸᠢᠴᠠᠲ ᠤᠨ ᠨᠡᠶᠢᠲᠡ ᠶᠢᠨ ᠳ᠋ᠤᠭᠠᠷ ᠤᠨ ᠶᠡᠷᠦᠩᠬᠡᠶᠢᠯᠡᠭᠰᠡᠨ ᠨᠥᠯᠥᠭᠡᠯᠡᠬᠦ ᠬᠦᠴᠦᠨ ᠢ ᠶᠡᠭᠡ ᠪᠠᠷ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2022/3/22
     2 ᠳ᠋ᠤᠭᠠᠷ ᠰᠠᠷ᠎ᠠ ᠳᠤ ᠳ᠋ᠦᠩ ᠾᠧ ᠶᠢᠨ ᠲᠤᠭ᠎ᠠ ᠪᠦᠷᠢᠳᠬᠡᠯ ᠤᠨ ᠪᠦᠬᠦ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠳᠡᠰ ᠤᠨ ᠲᠤᠭ᠎ᠠ ᠪᠦᠷᠢᠳᠬᠡᠯ ᠤᠨ ᠰᠢᠰᠲ᠋ᠧᠮ ᠤᠨ ᠸᠢᠴᠠᠲ ᠤᠨ ᠨᠡᠶᠢᠲᠡ ᠶᠢᠨ ᠳ᠋ᠤᠭᠠᠷ ᠤᠨ ᠶᠡᠷᠦᠩᠬᠡᠶᠢᠯᠡᠭᠰᠡᠨ ᠨᠥᠯᠥᠭᠡᠯᠡᠬᠦ ᠬᠦᠴᠦᠨ ᠶᠡᠭᠡ ᠪᠠᠷ ᠳᠡᠭᠡᠭᠰᠢᠯᠡᠵᠦ᠂ ᠡᠨᠡ ᠵᠢᠯ ᠠᠴᠠ ᠨᠠᠰᠢ᠂ ᠳ᠋ᠦᠩ ᠾᠧ ᠶᠢᠨ ᠲᠤᠭ᠎ᠠ ᠪᠦᠷᠢᠳᠬᠡᠯ ᠨᠢ ᠰᠢᠨ᠎ᠡ ᠵᠠᠭᠤᠴᠢᠯᠠᠭᠤᠷ ᠤᠨ ᠬᠦᠷᠢᠶᠡᠨ ᠳᠤ ᠶᠡᠭᠡ ᠬᠡᠮᠵᠢᠶᠡᠨ ᠤ ᠬᠦᠴᠦ ᠣᠷᠣᠭᠤᠯᠵᠤ᠂ ᠳᠠᠪᠲᠠᠮᠵᠢ ᠬᠦᠷᠭᠡᠬᠦ᠂ ᠠᠭᠤᠯᠭ᠎ᠠ ᠶᠠᠰᠤ ᠴᠢᠨᠠᠷ ᠬᠦᠷᠭᠡᠬᠦ ᠵᠡᠷᠭᠡ ᠲᠠᠯ᠎ᠠ ᠠᠴᠠ ᠢᠳᠡᠪᠬᠢᠲᠡᠢ ᠭᠠᠷᠳᠠᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ︽ᠲᠤᠭ᠎ᠠ᠂ ᠶᠠᠰᠤ ᠴᠢᠨᠠᠷ ᠢ ᠵᠡᠷᠭᠡᠪᠡᠷ ᠳᠡᠭᠡᠭᠰᠢᠯᠡᠭᠦᠯᠬᠦ︾ ᠶᠢ ᠠᠬᠢᠭᠤᠯᠵᠤ᠂ ᠲᠤᠭ᠎ᠠ ᠪᠦᠷᠢᠳᠬᠡᠯ ᠤᠨ ᠪᠢᠴᠢᠯ ᠮᠡᠳᠡᠭᠡᠯᠡᠯ ᠤᠨ ᠨᠥᠯᠥᠭᠡᠯᠡᠬᠦ ᠬᠦᠴᠦᠨ ᠪᠠ ᠢᠳᠡᠪᠬᠢᠵᠢᠯ ᠤᠨ ᠬᠡᠮᠵᠢᠶ᠎ᠡ ᠶᠢ ᠲᠠᠰᠤᠷᠠᠯᠲᠠ ᠦᠭᠡᠢ ᠴᠢᠩᠭᠠᠳᠬᠠᠵᠤ᠂ ᠢᠯᠡᠳᠲᠡ ᠦᠷ᠎ᠡ ᠪᠦᠲᠦᠮᠵᠢ ᠣᠯᠣᠭᠰᠠᠨ ᠪᠠᠶᠢᠨ᠎ᠠ᠃      2022 ᠣᠨ ᠤ 3 ᠰᠠᠷ᠎ᠠ ᠶᠢᠨ 13 ᠤ ᠡᠳᠦᠷ ᠥᠪᠥᠷ ᠮᠣᠩᠭᠤᠯ ᠤᠨ ᠲᠤᠭ᠎ᠠ ᠪᠦᠷᠢᠳᠬᠡᠯ ᠤᠨ ᠪᠢᠴᠢᠯ ᠮᠡᠳᠡᠭᠡ ᠶᠢᠨ ᠨᠡᠶᠢᠲᠡᠯᠡᠭᠰᠡᠨ ︽2022 ᠣᠨ ᠤ 2 ᠰᠠᠷ᠎ᠠ ᠶᠢᠨ ᠥᠪᠥᠷ ᠮᠣᠩᠭᠤᠯ ᠤᠨ ᠲᠤᠭ᠎ᠠ ᠪᠦᠷᠢᠳᠬᠡᠯ ᠤᠨ ᠰᠢᠰᠲ᠋ᠧᠮ ᠤᠨ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠤᠨ ᠵᠢᠭᠰᠠᠭᠠᠯᠲᠠ︾ ᠳ᠋ᠦᠩ ᠾᠧ ᠶᠢᠨ ᠲᠤᠭ᠎ᠠ ᠪᠦᠷᠢᠳᠬᠡᠯ ᠨᠢ ᠪᠥᠬᠦ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤᠨ ᠤ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠤᠨ ᠨᠥᠯᠥᠭᠡᠯᠡᠬᠦ ᠬᠦᠴᠦᠨ ᠤ ᠰᠠᠷ᠎ᠠ ᠶᠢᠨ ᠮᠡᠳᠡᠭᠦᠯᠦᠯᠲᠡ ᠳᠤ ᠭᠤᠷᠪᠠᠳᠤᠭᠠᠷ ᠲᠤ ᠣᠷᠣᠪᠠ᠃ ᠪᠥᠬᠦ ᠥᠪᠡᠷᠲᠡᠭᠡᠨ ᠵᠠᠰᠠᠬᠤ ᠣᠷᠣᠨ ︵ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠲᠣᠭᠤᠷᠢᠭ︶ ᠤ ᠲᠤᠭ᠎ᠠ ᠪᠦᠷᠢᠳᠬᠡᠯ ᠤᠨ ᠰᠢᠰᠲ᠋ᠧᠮ ᠤᠨ ᠸᠢᠴᠠᠲ ᠤᠨ ᠨᠡᠶᠢᠲᠡ ᠶᠢᠨ ᠳ᠋ᠤᠭᠠᠷ ᠤᠨ ᠨᠥᠯᠥᠭᠡᠯᠡᠬᠦ ᠬᠦᠴᠦᠨ ᠤ ᠰᠠᠷ᠎ᠠ ᠶᠢᠨ ᠨᠡᠷᠡᠰ ᠤᠨ ᠵᠢᠭᠰᠠᠭᠠᠯᠲᠠ ᠳᠤ ᠨᠠᠢᠮᠠᠳᠤᠭᠠᠷ ᠲᠤ ᠣᠷᠣᠭᠰᠠᠨ ᠰᠠᠶᠢᠨ ᠬᠢᠷᠢ ᠪᠦᠲᠦᠮᠵᠢ ᠨᠢ ᠴᠥᠮ ᠪᠠᠶᠢᠭᠤᠯᠤᠭᠳᠠᠭᠰᠠᠨ  ᠠᠴᠠ ᠨᠠᠰᠢ ᠠᠩᠬ᠎ᠠ ᠤᠳᠠᠭ᠎ᠠ ᠨᠡᠷᠡᠰ ᠤᠨ ᠵᠢᠭᠰᠠᠭᠠᠯᠲᠠ ᠳᠤ ᠣᠷᠣᠵᠤ᠂ ᠲᠡᠦᠬᠡᠲᠦ ᠴᠢᠨᠠᠷᠲᠠᠢ ᠰᠢᠪᠲᠤᠯᠤᠯᠲᠠ ᠲᠠᠢ ᠪᠣᠯᠤᠭᠰᠠᠨ ᠪᠠᠶᠢᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1